ᠮᠠᠨ ᠤ ᠬᠤᠰᠢᠭᠤ ᠣᠷᠳᠣᠰ ᠤᠨ ᠨᠠᠷᠢᠨ ᠨᠣᠣᠰᠤᠲᠤ ᠬᠤᠨᠢᠨ ᠤ ᠬᠢᠨᠠᠨ ᠲᠣᠭᠲᠠᠭᠠᠯᠲᠠ ᠶᠢᠨ ᠠᠵᠢᠯ ᠢ ᠰᠠᠶᠢᠨ ᠬᠢᠵᠦ ᠣᠷᠳᠣᠰ ᠤᠨ ᠨᠠᠷᠢᠨ ᠨᠣᠣᠰᠤᠲᠤ ᠬᠤᠨᠢᠨ ᠤ ᠨᠣᠣᠰᠤ ᠮᠢᠬᠠᠨ ᠤ ᠴᠢᠨᠠᠷ ᠢ ᠪᠠᠲᠤᠯᠠᠵᠤ ᠪᠠᠶᠢᠨ᠎ᠠ
ᠨᠡᠶᠢᠲᠡᠯᠡᠭᠰᠡᠨ ᠴᠠᠭ᠄
2018-05-15
   ᠮᠠᠨ ᠤ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠨᠢ ᠣᠷᠳᠣᠰ ᠤᠨ ᠨᠠᠷᠢᠨ ᠨᠣᠣᠰᠤᠲᠤ ᠬᠤᠨᠢᠨ ᠤ ᠠᠬᠠᠷ ᠨᠣᠣᠰᠣ᠂ ᠪᠡᠶ᠎ᠡ ᠪᠢᠯᠳᠠᠷ ᠂ ᠮᠢᠬᠠᠨ ᠤ ᠭᠠᠷᠤᠯᠲᠠ ᠶᠢᠨ ᠲᠠᠯ᠎ᠠ ᠪᠠᠷ ᠭᠤᠣᠯᠳᠠᠯᠭ᠎ᠠ ᠲᠠᠢ ᠬᠢᠨᠠᠨ ᠲᠤᠭᠲᠠᠭᠠᠯᠲᠠ ᠬᠢᠵᠣ᠂ ᠬᠢᠨᠠᠨ ᠲᠤᠭᠲᠠᠭᠠᠯᠲᠠ ᠪᠠᠷ ᠳᠠᠮᠵᠢᠨ ᠬᠢᠷᠢ ᠲᠡᠩᠴᠡᠬᠦ ᠦᠭᠡᠢ ᠬᠤᠨᠢᠳ ᠢ ᠡᠷᠲᠡᠬᠡᠨ ᠪᠣᠷᠣᠯᠠᠭᠤᠯᠬᠤ ᠶᠢ ᠮᠠᠯᠴᠢᠳ ᠲᠤ ᠰᠠᠨᠠᠭᠤᠯᠵᠤ ᠬᠤᠨᠢᠨ ᠤ ᠨᠣᠣᠰᠤ᠂ ᠮᠢᠬᠠᠨ ᠤ ᠴᠢᠨᠠᠷ ᠢ ᠪᠠᠲᠤᠯᠠᠨ ᠣᠷᠣᠯᠭ᠎ᠠ ᠶᠢ  ᠨᠢ ᠨᠡᠮᠡᠭᠳᠡᠭᠦᠯᠬᠦ ᠳᠤ ᠪᠠᠲᠤᠯᠠᠭ᠎ᠠ ᠬᠠᠩᠭᠠᠵᠤ ᠪᠠᠶᠢᠨ᠎ᠠ᠃    ᠮᠠᠨ ᠤ ᠬᠤᠰᠢᠭᠤ ᠪᠣᠯ ᠣᠷᠳᠣᠰ ᠤᠨ ᠨᠠᠷᠢᠨ ᠨᠣᠣᠰᠤᠲᠤ ᠬᠤᠨᠢ ᠮᠠᠯᠵᠢᠵᠤ ᠪᠠᠶᠢᠭ᠎ᠠ ᠭᠤᠣᠯᠳᠠᠯᠭ᠎ᠠ ᠲᠠᠢ ᠭᠠᠵᠠᠷ ᠣᠷᠣᠨ ᠪᠠᠶᠢᠵᠤ᠂ ᠣᠳᠣ ᠪᠦᠬᠦ ᠬᠤᠰᠢᠭᠤᠨ ᠳᠤ 125 ᠲᠦᠮᠡᠨ ᠣᠷᠳᠣᠰ ᠤᠨ ᠨᠠᠷᠢᠨ ᠨᠣᠣᠰᠤᠲᠤ ᠬᠤᠨᠢ ᠮᠠᠯᠵᠢᠵᠤ ᠪᠤᠢ᠃ ᠣᠷᠳᠣᠰ ᠤᠨ ᠨᠠᠷᠢᠨ ᠨᠣᠣᠰᠤᠲᠤ ᠬᠤᠨᠢ ᠶᠢ ᠤᠯᠤᠰ ᠪᠠᠶᠢᠭᠤᠯᠤᠭᠳᠠᠭᠰᠠᠨ ᠡᠬᠢᠨ ᠤ ᠦᠶ᠎ᠡ ᠳᠤ᠂ ᠮᠠᠨ ᠤ ᠬᠤᠰᠢᠭᠤᠨ ᠳᠤ ᠠᠩᠬ᠎ᠠ ᠪᠣᠶᠢᠵᠢᠭᠤᠯᠵᠤ᠂ ᠬᠡᠳᠦᠨ ᠦᠶ᠎ᠡ ᠶᠢᠨ ᠮᠠᠯᠴᠢᠳ ᠪᠣᠯᠤᠨ ᠲᠤᠰᠬᠠᠢ ᠮᠡᠷᠭᠡᠵᠢᠯᠲᠡᠨ ᠤ ᠰᠢᠷᠭᠠᠭᠤ ᠴᠢᠷᠮᠠᠶᠢᠯᠭ᠎ᠠ ᠪᠠᠷ ᠤᠳᠤ ᠪᠣᠯᠬᠤ ᠳᠤ ᠣᠷᠳᠣᠰ ᠤᠨ ᠨᠠᠷᠢᠨ ᠨᠣᠣᠰᠤᠲᠤ ᠬᠤᠨᠢᠨ ᠤ ᠨᠣᠣᠰᠤ ᠮᠢᠬᠠᠨ ᠤ ᠴᠢᠨᠠᠷ ᠨᠢ ᠮᠠᠰᠢ ᠰᠠᠶᠢᠵᠢᠷᠠᠵᠤ ᠮᠠᠯᠴᠢᠳ ᠤᠨ ᠣᠷᠣᠯᠭ᠎ᠠ ᠶᠢᠨ ᠭᠤᠣᠯ ᠬᠡᠰᠡᠭ ᠪᠣᠯᠤᠭᠰᠠᠨ ᠠᠴᠠ ᠮᠠᠨ ᠤ ᠬᠤᠰᠢᠭᠤ  ᠨᠢ ᠨᠠᠷᠢᠨ ᠨᠣᠣᠰᠤᠲᠤ ᠬᠤᠨᠢᠨ ᠤ ᠡᠭᠦᠯᠳᠡᠷ ᠤᠨ ᠲᠠᠯ᠎ᠠ ᠪᠠᠷ ᠮᠠᠰᠢ ᠶᠡᠭᠡ ᠠᠩᠬᠠᠷᠤᠯ ᠲᠠᠯᠪᠢᠵᠤ ᠬᠢᠨᠠᠨ ᠲᠣᠭᠲᠠᠭᠠᠯᠲᠠ ᠶᠢᠨ ᠠᠵᠢᠯ ᠢᠶᠠᠨ ᠰᠠᠶᠢᠲᠤᠷ ᠬᠢᠵᠦ ᠨᠣᠣᠰᠤ ᠮᠢᠬᠠᠨ ᠤ ᠴᠢᠨᠠᠷ ᠢ ᠪᠠᠳᠤᠯᠠᠵᠤ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号