ᠮᠠᠨ ᠤ ᠬᠤᠰᠢᠭᠤ 107 ᠳᠠᠬᠢ ᠰᠤᠪᠢᠯᠠᠭᠴᠢ ᠶᠢᠨ ᠪᠠᠶᠠᠷ ᠢ ᠪᠡᠯᠬᠡᠯᠡᠬᠦ ᠳᠣᠰᠬᠠᠢ ᠰᠠᠳᠣᠪᠳᠣ ᠠᠵᠢᠯᠯᠠᠭ᠎ᠠ ᠦᠷᠨᠢᠬᠦᠯᠪᠠ
ᠨᠡᠶᠢᠲᠡᠯᠡᠭᠰᠡᠨ ᠴᠠᠭ᠄
2018-05-15
     107 ᠳᠠᠬᠢ ᠰᠣᠪᠢᠯᠠᠭᠴᠢ ᠶᠢᠨ ᠪᠠᠶᠠᠷ ᠢᠶᠠᠨ ᠤᠳᠬ᠎ᠠ ᠠᠭᠤᠯᠭ᠎ᠠ ᠲᠠᠢ ᠲᠡᠮᠳᠡᠭᠯᠡᠵᠦ᠂ ᠦᠨᠳᠦᠰᠦᠲᠡᠨ ᠤ ᠪᠦᠯᠬᠦᠮᠳᠡᠯ ᠢ ᠨᠢᠭᠲᠠᠷᠠᠭᠤᠯᠤᠨ᠂ ᠤᠷᠤᠭᠰᠢᠯᠠᠨ ᠲᠠᠪᠰᠢᠬᠤ ᠤᠯᠠᠮᠵᠢᠯᠠᠯᠲᠤ ᠰᠤᠷᠲᠠᠯ ᠢ ᠪᠠᠳᠠᠷᠠᠭᠤᠯᠵᠤ᠂ ᠡᠮᠴᠢ ᠰᠤᠪᠢᠯᠠᠭᠴᠢᠳ ᠤᠨ ᠬᠠᠷᠢᠯᠴᠠᠨ ᠰᠤᠷᠤᠯᠴᠠᠨ ᠬᠠᠮᠲᠤᠪᠡᠷ ᠲᠠᠪᠰᠢᠬᠤ ᠳᠤ ᠲᠠᠪᠴᠠᠩ ᠬᠠᠩᠭᠠᠬᠤ ᠶᠢᠨ ᠲᠥᠯᠥᠭᠡ ᠤᠯᠠᠭᠠᠨᠲᠣᠯᠣᠭᠠᠢ ᠭᠤᠣᠯᠳᠠᠯᠭᠠᠲᠤ ᠡᠷᠡᠭᠦᠯ ᠬᠠᠮᠠᠭᠠᠯᠠᠯ ᠤᠨ ᠬᠤᠷᠢᠶ᠎ᠠ ᠪᠣᠯᠣᠨ ᠲᠣᠯᠢ ᠡᠷᠡᠭᠦᠯ ᠬᠠᠮᠠᠭᠠᠯᠠᠯ ᠤᠨ ᠬᠤᠷᠢᠶᠠᠨ ᠤ ᠡᠮᠴᠢ ᠰᠤᠪᠢᠯᠠᠭᠴᠢᠳ ᠬᠠᠮᠲᠤᠷᠠᠨ 107 ᠳᠠᠬᠢ ᠰᠤᠪᠢᠯᠠᠭᠴᠢᠳ ᠤᠨ ᠪᠠᠶᠠᠷ ᠢ ᠪᠡᠯᠬᠡᠯᠡᠬᠦ ᠰᠢᠷᠢᠰ ᠠᠵᠢᠯᠯᠠᠭ᠎ᠠ ᠥᠷᠨᠢᠭᠦᠯᠦᠯ᠎ᠡ᠃      ᠲᠤᠰ ᠤᠳᠠᠭᠠᠨ ᠤ ᠰᠤᠪᠢᠯᠠᠭᠴᠢᠳ ᠤᠨ ᠪᠠᠶᠠᠷ ᠢ ᠪᠡᠯᠭᠡᠯᠡᠬᠦ ᠠᠵᠢᠯᠯᠠᠭ᠎ᠠ ᠨᠢ ᠤᠯᠠᠭᠠᠨᠲᠣᠯᠣᠭᠠᠢ ᠭᠤᠣᠯᠳᠠᠯᠭᠠᠲᠤ ᠡᠷᠡᠭᠦᠯ ᠬᠠᠮᠠᠭᠠᠯᠠᠯ ᠤᠨ ᠬᠤᠷᠢᠶᠠᠨ ᠳᠤ ᠶᠠᠪᠤᠭᠳᠠᠵᠤ᠂ ᠡᠮᠨᠡᠯᠭᠡ ᠡᠷᠡᠭᠦᠯ ᠮᠡᠨᠳᠦ ᠶᠢᠨ ᠮᠡᠳᠡᠯᠭᠡ ᠶᠢᠨ ᠠᠰᠠᠭᠤᠯᠲᠠ ᠬᠠᠷᠢᠭᠤᠯᠬᠤ᠂ ᠲᠤᠰᠬᠠᠢ ᠮᠡᠷᠭᠡᠵᠢᠯ ᠤᠨ ᠦᠢᠯᠡᠴᠢᠯᠡᠭᠡᠨ ᠤ ᠤᠷᠤᠯᠳᠤᠭᠠᠨ᠂ ᠮᠣᠩᠭᠤᠯ ᠬᠢᠲᠠᠳ ᠬᠡᠯᠡᠨ  ᠤ ᠦᠭᠡ ᠳᠠᠮᠵᠢᠭᠤᠯᠬᠤ ᠠᠵᠢᠯᠯᠠᠭ᠎ᠠ᠂ ᠭᠠᠷ ᠤᠬᠢᠶᠠᠬᠤ ᠲᠠᠮᠢᠷ ᠵᠡᠷᠭᠡ ᠤᠳᠬ᠎ᠠ ᠠᠭᠤᠯᠭ᠎ᠠ ᠲᠠᠢ ᠠᠵᠢᠯᠯᠠᠭ᠎ᠠ ᠨᠤᠭᠤᠳ ᠢ ᠲᠣᠬᠢᠷᠠᠭᠤᠯᠬᠤ ᠶᠢᠨ ᠬᠠᠮᠳᠣ ᠰᠢᠯᠢᠳᠡᠭ ᠡᠮᠴᠢ ᠰᠤᠪᠢᠯᠠᠭᠴᠢᠳ ᠢᠶᠠᠨ ᠱᠠᠩᠨᠠᠨ ᠬᠥᠬᠢᠭᠦᠯᠦᠭᠰᠡᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号