ᠮᠠᠨ ᠤ ᠬᠤᠰᠢᠭᠤ ᠲᠢᠶᠠᠨ ᠠᠨ ᠪᠥᠯᠥᠭᠯᠠᠯ ᠤᠨ ᠪᠥᠷᠢᠳᠤ ᠶᠢᠨ ᠡᠯᠠᠰᠤᠨ ᠤ ᠵᠢᠭᠤᠯᠴᠢᠯᠠᠯ ᠤᠨ ᠤᠷᠤᠨ ᠢ ᠪᠡᠯᠡ ᠤᠷᠤᠭᠤᠯᠤᠨ ᠨᠡᠭᠡᠭᠡᠯᠳᠠ ᠭᠢᠭᠦ ᠶᠢ ᠵᠤᠭᠢᠴᠠᠭᠤᠯᠤᠨ ᠠᠭᠢᠭᠤᠯᠬᠤ ᠬᠤᠷᠠᠯ ᠢ ᠬᠤᠷᠠᠯᠳᠣᠭᠤᠯᠪᠠ
ᠨᠡᠶᠢᠲᠡᠯᠡᠭᠰᠡᠨ ᠴᠠᠭ᠄
2018-05-15
     5 ᠰᠠᠷ᠎ᠠ ᠶᠢᠨ 4 ᠤ ᠡᠳᠦᠷ᠂ ᠮᠠᠨ ᠤ ᠬᠤᠰᠢᠭᠤ ᠲᠢᠶᠠᠨ ᠠᠨ ᠪᠥᠯᠥᠭᠯᠠᠯ ᠤᠨ ᠪᠥᠷᠢᠳᠤ ᠶᠢᠨ ᠡᠯᠠᠰᠤᠨ ᠤ ᠵᠢᠭᠤᠯᠴᠢᠯᠠᠯ ᠤᠨ ᠤᠷᠤᠨ ᠢ ᠪᠡᠯᠡ ᠤᠷᠤᠭᠤᠯᠤᠨ ᠨᠡᠭᠡᠭᠡᠯᠳᠠ ᠭᠢᠭᠦ ᠶᠢ ᠵᠤᠭᠢᠴᠠᠭᠤᠯᠤᠨ ᠠᠭᠢᠭᠤᠯᠬᠤ ᠬᠤᠷᠠᠯ ᠢ ᠬᠤᠷᠠᠯᠳᠤᠭᠤᠯᠤᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠲᠠᠷᠤᠭ᠎ᠠ ᠴᠢᠶᠤᠤ ᠶᠥᠨ ᠯᠢ᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠥᠵᠢ ᠰᠤᠷᠭᠠᠯᠳᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠭᠡᠯᠳᠡᠰ ᠤᠨ ᠲᠠᠷᠤᠭ᠎ᠠ ᠹᠧᠩ ᡁᠢ ᠮᠢᠩ᠂ ᠬᠤᠰᠢᠭᠤ ᠳᠡᠳ᠋ ᠳᠠᠷᠤᠭ᠎ᠠ ᠵᠸᠤ ᠱᠤᠸᠠᠢ ᠪᠤᠯᠤᠨ ᠥᠥᠰᠢᠨᠵᠤᠤ ᠪᠠᠯᠭᠠᠰᠤ᠂ ᠪᠥᠷᠢᠳᠤ ᠭᠠᠴᠠᠭ᠎ᠠ ᠵᠢᠴᠢ ᠬᠤᠰᠢᠭᠤ ᠨᠠᠮ ᠤᠨ ᠬᠤᠷᠢᠶᠠᠨ ᠤ ᠠᠯᠪᠠᠨ ᠭᠡᠷ᠂ ᠵᠠᠰᠠᠭ ᠤᠨ ᠤᠷᠳᠤᠨ ᠤ ᠠᠯᠪᠠᠨ ᠭᠡᠷ᠂ ᠭᠥᠭᠵᠢᠭᠦᠯᠥᠯᠳᠠ ᠦᠭᠡᠷᠡᠴᠢᠯᠡᠯᠳᠡ᠂ ᠮᠠᠯ ᠲᠠᠷᠢᠶᠠᠯᠠᠩ᠂ ᠤᠰᠤᠨ ᠠᠰᠢᠭᠯᠠᠯᠳᠠ᠂ ᠤᠢ ᠰᠢᠭᠤᠢ᠂ ᠵᠠᠮ ᠬᠠᠷᠢᠯᠴᠠᠭ᠎ᠠ᠂ ᠤᠷᠤᠨ ᠰᠠᠭᠤᠴᠠ᠂ ᠲᠥᠯᠥᠪᠵᠢᠭᠦᠯᠭᠡ᠂ ᠵᠤᠭᠠᠴᠠᠯ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠳᠠᠨ ᠬᠤᠷᠠᠯ ᠳᠤ ᠤᠷᠤᠯᠴᠠᠪᠠ᠃      ᠬᠤᠷᠠᠯ ᠲᠡᠭᠡᠷ᠎ᠡ᠂ ᠤᠷᠳᠤᠰ ᠬᠤᠳᠠ ᠶᠢᠨ ᠲᠢᠶᠠᠨ ᠠᠨ ᠺᠤᠮᠫᠠᠨᠢ ᠶᠢᠨ ᠭᠡᠷᠡᠭ ᠮᠡᠳᠡᠭᠴᠢ ᠸᠠᠩ ᠵᠢᠶᠦ᠋ᠨ ᠱᠠᠨ ᠪᠥᠷᠢᠳᠤ ᠶᠢᠨ ᠡᠯᠡᠰᠤᠨ ᠤ ᠨᠡᠭᠡᠭᠡᠯᠳᠠ ᠪᠥᠳᠥᠭᠡᠨ ᠪᠠᠶᠢᠭᠤᠯᠤᠯᠳᠠ ᠶᠢᠨ ᠭᠥᠭᠵᠢᠯᠳᠠ ᠶᠢᠨ ᠰᠠᠳᠭᠢᠴᠠ ᠳᠤ ᠲᠤᠳᠤᠷᠬᠠᠶᠢᠯᠠᠯᠳᠠ ᠭᠢᠵᠤ᠂ ᠲᠢᠶᠠᠨ ᠠᠨ ᠺᠤᠮᠫᠠᠨᠢ ᠶᠢᠨ ᠥᠵᠡᠮᠵᠢ ᠶᠢᠨ ᠤᠷᠤᠨ ᠤ ᠲᠥᠷᠥᠯ ᠵᠥᠢᠯ ᠤᠨ ᠺᠤᠮᠫᠠᠨᠢ  ᠶᠢᠨ ᠲᠡᠳ᠋ ᠲᠠᠭᠠᠭᠠᠮᠠᠯ ᠸᠠᠩ ᠶᠤᠸᠠᠢ ᠠᠴᠠ ᠪᠥᠷᠢᠳᠤ ᠶᠢᠨ ᠡᠯᠡᠰᠤᠨ ᠤ ᠨᠡᠭᠡᠭᠡᠯᠳᠠ ᠪᠥᠳᠥᠭᠡᠨ ᠪᠠᠶᠢᠭᠤᠯᠤᠯᠳᠠ ᠶᠢᠨ ᠲᠥᠰᠥᠯ ᠳᠤ ᠬᠠᠷᠢᠭᠤ ᠮᠡᠳᠡᠭᠦᠯᠥᠯᠳᠠ ᠭᠢᠭᠰᠡᠨ ᠪᠠᠶᠢᠨ᠎ᠠ᠃      ᠠᠵᠤ ᠠᠬᠤᠶᠢᠯᠠᠯ ᠤᠨ ᠬᠤᠯᠪᠤᠭᠳᠠᠯ ᠪᠦᠬᠦᠢ ᠪᠠᠶᠢᠳᠠᠯ ᠤᠨ ᠳᠠᠨᠢᠯᠴᠠᠭᠤᠯᠭ᠎ᠠ ᠪᠠ ᠬᠤᠰᠢᠭᠤ ᠰᠢᠭᠤᠳ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠤ ᠶᠠᠷᠢᠭᠰᠠᠨ ᠢ ᠰᠣᠨᠤᠰᠤᠭᠰᠠᠨ ᠤ ᠲᠠᠷᠠᠭ᠎ᠠ᠂ ᠴᠢᠶᠤᠤ ᠶᠥᠨ ᠯᠢ ᠵᠢᠭᠠᠵᠤ ᠭᠠᠷᠭᠠᠬᠤ ᠳᠤ ᠪᠠᠨ᠂ ᠲᠢᠶᠠᠨ ᠠᠨ ᠺᠤᠮᠫᠠᠨᠢ ᠪᠤᠯ ᠮᠠᠨ ᠤ ᠬᠤᠳᠠ ᠶᠢᠨ ᠤᠳᠤ ᠥᠶ᠎ᠠ ᠶᠢᠨ ᠥᠢᠯᠡᠴᠢᠯᠡᠭᠡᠨ ᠤ ᠥᠢᠯᠡᠰ ᠤᠨ ᠭᠥᠭᠵᠢᠯᠳᠠ ᠶᠢᠨ ᠴᠠᠷᠠᠭᠠᠨ ᠳᠠᠬᠢ ᠭᠥᠭᠵᠢᠯᠳᠠ ᠶᠢᠨ   ᠳᠣᠷᠰᠢᠯᠭ᠎ᠠ ᠲᠠᠢ᠂ ᠪᠠᠯᠡ ᠮᠥᠩᠭᠦᠨ ᠤ ᠪᠤᠳᠠᠳᠤ ᠭᠥᠴᠤᠨ ᠲᠠᠢ ᠠᠵᠤ ᠠᠬᠤᠶᠢᠯᠠᠯ ᠪᠠᠶᠢᠵᠤ᠂ ᠮᠠᠨ ᠤ ᠬᠤᠰᠢᠭᠤᠨ ᠳᠤ ᠰᠠᠭᠤᠷᠢᠰᠢᠵᠤ ᠰᠤᠶᠤᠯ ᠵᠤᠭᠠᠴᠠᠯ ᠳᠤ ᠨᠡᠭᠡᠭᠡᠯᠳᠠ ᠭᠢᠵᠤ᠂ ᠮᠠᠨ ᠤ ᠬᠤᠰᠢᠭᠤᠨ ᠤ ᠰᠤᠶᠤᠯ ᠵᠤᠭᠠᠴᠠᠯ ᠤᠨ ᠠᠵᠤ ᠥᠢᠯᠡᠰ ᠤᠨ ᠭᠥᠭᠵᠢᠯᠳᠠ  ᠳᠤ ᠭᠥᠳᠡᠯᠭᠡᠭᠦ ᠭᠥᠴᠤᠨ ᠨᠠᠮᠠᠷᠢᠯᠡᠭᠰᠠᠨ ᠨᠢ ᠲᠤᠶᠢᠯ ᠤᠨ ᠪᠠᠶᠠᠷᠯᠠᠭᠤᠰᠢᠳᠠᠢ ᠤᠴᠢᠷ ᠪᠤᠯᠤᠨ᠎ᠠ᠃ ᠰᠤᠶᠤᠯ ᠵᠤᠭᠠᠴᠠᠯ  ᠤᠨ ᠲᠥᠷᠥᠯ ᠵᠥᠢᠯ ᠨᠢ ᠨᠡᠭᠡᠭᠡᠯᠳᠠ ᠭᠢᠭᠦ ᠶᠠᠪᠤᠴᠠ ᠲᠤᠮᠳᠠ᠂ ᠰᠤᠶᠤᠯ ᠵᠤᠭᠠᠴᠠᠯ ᠤᠨ ᠨᠡᠭᠡᠭᠡᠯᠳᠠ ᠭᠢᠭᠦ ᠪᠤᠯᠤᠨ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢ ᠬᠠᠮᠳᠤ ᠪᠠᠷ ᠴᠢᠬᠤᠯᠠᠴᠢᠯᠠᠨ᠂ ᠠᠮᠢ ᠠᠬᠤᠢ ᠳᠤ ᠬᠠᠷᠢᠭᠤᠴᠠᠬᠤ ᠵᠠᠷᠴᠢᠮ ᠢ ᠪᠠᠷᠢᠮᠳᠠᠯᠠᠬᠤ ᠭᠡᠷᠡᠭᠳᠠᠢ᠃ ᠥᠨᠳᠤᠰᠤᠳᠠᠨ ᠤ ᠰᠤᠶᠤᠯ ᠪᠤᠯᠤᠨ ᠬᠤᠪᠢᠰᠬᠠᠯ ᠤᠨ ᠰᠤᠶᠤᠯ ᠢ ᠤᠯᠠᠮᠵᠢᠯᠠᠨ ᠬᠠᠮᠠᠭᠠᠯᠠᠬᠤ ᠶᠢ ᠪᠠᠷᠢᠮᠳᠠᠯᠠᠨ᠂ ︽ᠮᠠᠯᠵᠢᠬᠤ ᠳ᠋ᠠᠵᠠᠢ︾ ᠶᠢᠨ ᠵᠤᠷᠢᠭ ᠰᠠᠨᠠᠭ᠎ᠠ ᠶᠢ ᠪᠠᠳᠠᠷᠠᠭᠤᠯᠬᠤ ᠵᠠᠷᠴᠢᠮ ᠢ ᠪᠠᠷᠢᠮᠳᠠᠯᠠᠬᠤ ᠭᠡᠷᠡᠭᠳᠠᠢ᠃ ᠲᠤᠬᠠᠢ ᠶᠢᠨ ᠭᠠᠵᠠᠷ ᠤᠨ ᠠᠷᠠᠳ ᠲᠥᠮᠡᠨ ᠤ ᠤᠷᠤᠯᠭ᠎ᠠ ᠪᠠᠨ ᠨᠡᠮᠡᠭᠳᠡᠭᠦᠯᠤᠨ ᠪᠠᠶᠠᠵᠢᠨ ᠴᠢᠨᠡᠭᠡᠯᠢᠭᠵᠢᠭᠦ ᠶᠢ ᠬᠠᠷᠢᠯᠴᠠᠨ ᠤᠶᠠᠯᠳᠤᠭᠤᠯᠬᠤ ᠵᠠᠷᠴᠢᠮ ᠢ ᠪᠠᠷᠢᠮᠳᠠᠯᠠᠬᠤ ᠭᠡᠷᠡᠭᠳᠠᠢ ᠭᠡᠵᠡᠢ᠃      ᠴᠢᠶᠤᠤ ᠶᠥᠨ ᠯᠢ ᠴᠢᠬᠤᠯᠠᠴᠢᠯᠠᠬᠤ ᠳᠤ ᠪᠠᠨ᠂ ᠲᠠᠪᠠᠭ᠎ᠠ ᠨᠠᠭᠤᠷ ᠤᠨ ᠰᠤᠶᠤᠯ ᠵᠤᠭᠠᠴᠠᠯ ᠤᠨ ᠨᠡᠭᠡᠭᠡᠯᠳᠠ ᠶᠢ ᠬᠢᠬᠦ ᠳᠤ ᠤᠯᠠᠨ ᠲᠥᠮᠡᠨ ᠤ ᠤᠷᠤᠯᠴᠠᠬᠤ᠂ ᠲᠤᠰᠬᠠᠢ ᠮᠡᠷᠭᠡᠵᠢᠯᠳᠠᠨ ᠤ ᠨᠤᠳᠠᠯᠠᠯᠳᠠ ᠭᠢᠭᠦ᠂ ᠠᠶᠤᠯ ᠲᠥᠭᠰᠢᠭᠦᠷᠢ ᠶᠢ ᠥᠨᠠᠯᠠᠨ ᠵᠢᠱᠢᠭᠦ᠂ ᠬᠠᠤᠯᠢ ᠶᠤᠰᠤᠭᠠᠷ ᠭᠢᠨᠠᠨ ᠪᠠᠶᠢᠴᠠᠭᠠᠬᠤ ᠪᠤᠯᠤᠨ ᠬᠠᠮᠳᠤ ᠪᠠᠷ ᠶᠠᠷᠢᠯᠴᠠᠨ ᠲᠤᠭᠳᠠᠭᠠᠬᠤ ᠵᠡᠷᠭᠡ ᠶᠢ ᠰᠢᠢᠳᠪᠦᠷᠢᠳᠦ ᠪᠤᠳᠤᠯᠭ᠎ᠠ ᠶᠢᠨ ᠴᠢᠬᠤᠯᠠ ᠠᠯᠬᠤᠮ ᠲᠠᠷᠠᠭ᠎ᠠ ᠪᠤᠯᠭᠠᠨ᠂ ᠬᠤᠰᠢᠭᠤ ᠰᠢᠭᠤᠳ ᠬᠠᠷᠢᠶ᠎ᠠ ᠬᠤᠯᠪᠤᠭᠳᠠᠯ ᠪᠥᠭᠦᠢ ᠰᠠᠯᠠᠭ᠎ᠠ ᠮᠥᠴᠢᠷ ᠢᠳᠡᠪᠭᠢᠳᠠᠢ ᠭᠥᠳᠡᠯᠤᠯᠴᠠᠨ᠂ ᠥᠢᠯᠡᠴᠢᠯᠡᠭᠡᠨ ᠤ ᠠᠵᠢᠯ ᠢ ᠰᠠᠶᠢᠨ ᠭᠢᠵᠤ᠂ ᠲᠥᠷᠥᠯ ᠵᠥᠢᠯ ᠢ ᠠᠭᠢᠭᠤᠯᠬᠤ ᠶᠠᠪᠤᠴᠠ ᠲᠤᠮᠳᠠ ᠢᠯᠠᠷᠡᠭᠰᠠᠨ ᠡᠯ᠎ᠠ ᠵᠥᠢᠯ ᠤᠨ ᠠᠰᠠᠭᠤᠳᠠᠯ ᠢ ᠵᠤᠭᠢᠴᠠᠭᠤᠯᠤᠨ ᠰᠢᠢᠳᠪᠦᠷᠢᠯᠡᠵᠦ᠂ ᠭᠥᠭᠵᠢᠯᠳᠠ ᠶᠢᠨ ᠰᠠᠶᠢᠨ ᠤᠷᠴᠢᠨ ᠢ ᠪᠥᠷᠢᠯᠳᠤᠭᠦᠯᠤᠨ ᠥᠭᠴᠤ᠂ ᠰᠤᠶᠤᠯ ᠵᠤᠭᠠᠴᠠᠯ ᠤᠨ ᠲᠥᠷᠥᠯ ᠵᠥᠢᠯ ᠤᠨ ᠪᠥᠳᠥᠭᠡᠨ ᠪᠠᠶᠢᠭᠤᠯᠤᠯᠳᠠ ᠶᠢᠨ ᠤᠷᠤᠭᠰᠢᠳᠠᠢ ᠠᠭᠢᠬᠤ ᠶᠢ ᠪᠠᠳᠤᠯᠬᠠᠤ ᠭᠡᠷᠡᠭᠳᠠᠢ ᠭᠡᠵᠡᠢ᠃      ᠴᠢᠶᠤᠤ ᠶᠥᠨ ᠯᠢ ᠢᠯᠠᠷᠭᠡᠶᠢᠯᠠᠭᠦ ᠳᠤ ᠪᠠᠨ᠂ ᠭᠠᠵᠠᠷ ᠤᠷᠤᠨ ᠠᠵᠤ ᠠᠬᠤᠶᠢᠯᠠᠯ ᠬᠠᠮᠳᠤᠷᠠᠨ ᠪᠥᠷᠢᠳᠤ ᠶᠢᠨ ᠡᠯᠡᠰᠤ ᠶᠢ ᠤᠨᠴᠠᠯᠢᠭ ᠲᠠᠢ᠂ ᠷᠢᠳᠢ ᠰᠢᠳᠢ ᠲᠠᠢ᠂ ᠵᠤᠭᠠᠴᠠᠭᠰᠠᠳ ᠲᠤ ᠪᠠᠭ᠋ᠠᠷᠬᠠᠭᠳᠠᠭᠰᠠᠨ ᠰᠤᠶᠤᠯ ᠵᠤᠭᠠᠴᠠᠯ ᠤᠨ ᠤᠷᠤᠨ ᠪᠤᠯᠭᠠᠨ ᠪᠥᠳᠥᠭᠡᠨ ᠪᠠᠶᠢᠭᠤᠯᠬᠤ ᠭᠡᠷᠡᠭᠳᠠᠢ ᠭᠡᠵᠡᠢ᠃
 
ᠢᠷᠡᠯᠲᠡ᠄ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号