ᠪᠦᠬᠦ ᠤᠷᠤᠨ ᠤ ᠦᠨᠳᠦᠰᠦᠨ ᠱᠠᠳᠤᠨ ᠤ ᠨᠠᠮ ᠤᠨ ᠪᠠᠶᠢᠭᠤᠯᠤᠯᠳᠠ ᠶᠢᠨ ᠠᠵᠢᠯ ᠤᠨ ᠭᠤᠤᠯᠳᠠᠯᠭᠠᠳᠤ ᠡᠬᠦᠷᠬᠡ ᠶᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018-05-15
     5 ᠳ᠋ᠤᠭᠠᠷ ᠰᠠᠷ᠎ᠠ ᠶᠢᠨ 9 ᠤ ᠡᠳᠤᠷ᠂ ᠪᠦᠬᠦ ᠤᠷᠤᠨ ᠤ ᠦᠨᠳᠦᠰᠦᠨ ᠱᠠᠳᠤᠨ ᠤ ᠨᠠᠮ ᠤᠨ ᠪᠠᠶᠢᠭᠤᠯᠤᠯᠳᠠ  ᠶᠢᠨ ᠠᠵᠢᠯ ᠤᠨ ᠭᠤᠤᠯᠳᠠᠯᠭᠠᠳᠤ ᠡᠬᠦᠷᠬᠡ ᠶᠢ ᠠᠬᠢᠭᠤᠯᠬᠤ ᠬᠤᠷᠠᠯ ᠬᠦᠬᠡᠬᠤᠳᠠ ᠳᠤ ᠬᠤᠷᠠᠯᠳᠤᠪᠡ᠃ ᠬᠤᠷᠠᠯ ᠠᠴᠠ ᠡᠮᠤᠨ᠎ᠡ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠪᠦᠬᠦ ᠤᠷᠤᠨ ᠤ ᠦᠨᠳᠦᠰᠦᠨ ᠱᠠᠳᠤᠨ ᠤ ᠨᠠᠮ ᠤᠨ ᠪᠠᠶᠢᠭᠤᠯᠤᠯᠳᠠ ᠶᠢᠨ ᠠᠵᠢᠯ ᠳᠤ ᠴᠤᠬᠤᠯᠠᠪᠤᠷᠢ ᠥᠭᠪᠡ᠃      ᠯᠢ ᠵᠢᠢ ᠾᠧᠩ ᠴᠤᠬᠤᠯᠠᠪᠤᠷᠢ ᠳᠠᠭᠠᠨ ᠴᠢᠬᠤᠯᠠᠴᠢᠯᠠᠭᠰᠠᠨ ᠨᠢ᠂ ᠦᠨᠳᠦᠰᠦᠨ ᠱᠠᠳᠤᠨ ᠤ ᠨᠠᠮ ᠤᠨ ᠪᠠᠶᠢᠭᠤᠯᠤᠯᠳᠠ ᠪᠤᠯ ᠠᠯᠤᠰ ᠤᠨ ᠪᠤᠳᠤᠯᠭ᠎ᠠ᠂ ᠰᠠᠭᠤᠷᠢ ᠶᠢ ᠪᠡᠳᠤᠳᠬᠠᠬᠤ ᠠᠷᠭ᠎ᠠ ᠪᠤᠯᠤᠨ᠎ᠡ᠃ ᠪᠦᠬᠦ ᠤᠯᠤᠰ ᠤᠨ ᠦᠨᠳᠦᠰᠦᠨ ᠱᠠᠳᠤᠨ ᠤ ᠨᠠᠮ ᠤᠨ ᠪᠠᠶᠢᠭᠤᠯᠤᠯᠳᠠ ᠶᠢᠨ ᠠᠵᠢᠯ ᠤᠨ ᠭᠤᠤᠯᠳᠠᠯᠭᠠᠳᠤ ᠡᠬᠦᠷᠬᠡ ᠶᠢ ᠠᠬᠢᠭᠤᠯᠬᠤ ᠬᠤᠷᠠᠯ ᠤᠨ ᠵᠤᠷᠢᠭ ᠰᠠᠨᠠᠭ᠎ᠠ ᠶᠢ ᠳᠤᠤᠱᠯᠠᠭᠤᠯᠤᠨ ᠨᠠᠶᠢᠳᠠᠪᠤᠷᠢᠵᠢᠭᠤᠯᠵᠥ᠂ ᠦᠪᠡᠷᠳᠡᠬᠡᠨ ᠵᠠᠰᠠᠬᠤ ᠤᠷᠤᠨ ᠤ ᠦᠨᠳᠦᠰᠦᠨ ᠱᠠᠳᠤᠨ ᠤ ᠨᠠᠮ ᠤᠨ ᠪᠠᠶᠢᠭᠤᠯᠤᠯᠳᠠ ᠶᠢᠨ ᠠᠵᠢᠯ ᠢ ᠰᠠᠶᠢᠳᠤᠷ ᠬᠢᠵᠥ᠂ ᠰᠢ ᠶᠢᠨ ᠫᠢᠩ ᠤᠨ ᠰᠢᠨ᠎ᠡ ᠴᠠᠬ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠤᠯᠤᠨ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠬᠡᠢ ᠰᠤᠷᠤᠯᠴᠠᠵᠥ᠂ ᠰᠢᠨ᠎ᠡ ᠴᠠᠬ ᠦᠶ᠎ᠡ ᠶᠢᠨ ᠨᠠᠮ ᠤᠨ ᠪᠠᠶᠢᠭᠤᠯᠤᠯᠳᠠ ᠶᠢᠨ ᠶᠡᠷᠦᠩᠬᠡᠢ ᠱᠠᠭᠠᠷᠳᠠᠯᠭ᠎ᠠ ᠶᠢ ᠳᠤᠤᠱᠯᠠᠭᠤᠯᠵᠥ᠂ ᠨᠠᠮ ᠢ ᠴᠢᠩᠭ᠎ᠠ ᠬᠠᠮᠢᠶᠠᠷᠴᠤ ᠴᠢᠩᠭ᠎ᠠ ᠵᠠᠰᠠᠬᠤ ᠤᠯᠤᠰ ᠳᠦᠷᠦ ᠶᠢᠨ ᠡᠬᠦᠷᠬᠡ ᠶᠢ ᠨᠠᠷᠢᠨ ᠬᠢᠨᠠᠮᠠᠭᠠᠢ ᠬᠦᠢᠴᠡᠳᠬᠡᠵᠥ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠵᠥ᠂ ᠦᠬᠡᠷᠡᠴᠢᠯᠡᠯᠳᠡ ᠬᠢᠵᠥ ᠰᠢᠨ᠎ᠡ ᠶᠢ ᠡᠬᠦᠳᠬᠦ ᠶᠢ ᠪᠠᠷᠢᠮᠳᠠᠯᠠᠵᠥ᠂ ᠵᠤᠬᠢᠶᠠᠨ ᠪᠠᠶᠢᠭᠤᠯᠬᠤ ᠬᠦᠴᠦᠨ ᠢᠶᠠᠨ ᠳᠡᠬᠡᠭᠰᠢᠯᠡᠬᠦᠯᠬᠦ ᠪᠠᠷ ᠭᠤᠤᠯᠳᠠᠯᠭ᠎ᠠ ᠪᠤᠯᠭᠠᠵᠥ᠂ ︽ᠤᠮᠠᠷᠠᠳᠤ ᠬᠢᠯᠢ ᠶᠢᠨ ᠬᠤᠰᠢᠭᠤᠴᠢ︾ ᠢᠨᠵᠧᠨᠧᠷᠢᠩ ᠢᠶᠠᠷ ᠠᠴᠢᠶᠠᠯᠠᠪᠤᠷᠢ ᠪᠤᠯᠭᠠᠵᠥ᠂ ᠤᠯᠤᠰ ᠳᠦᠷᠦ ᠶᠢᠨ ᠴᠢᠳᠠᠮᠵᠢ ᠪᠠᠨ ᠴᠢᠩᠭᠠᠳᠬᠠᠵᠥ᠂ ᠮᠠᠯᠵᠢᠬᠤ ᠳᠠᠷᠢᠶᠠᠯᠠᠬᠤ ᠤᠷᠤᠨ ᠤ ︽ᠠᠷᠠᠳ ᠢᠶᠠᠨ ᠪᠠᠶᠠᠵᠢᠭᠤᠯᠬᠤ︾ ᠨᠠᠮ ᠤᠨ ᠪᠠᠶᠢᠭᠤᠯᠤᠯᠳᠠ᠂ ᠵᠡᠬᠡᠯᠢ ᠭᠤᠳᠤᠮᠵᠢ ᠨᠡᠶᠢᠬᠡᠮ ᠳᠤᠭᠤᠷᠢᠭ ᠤᠨ ︽ᠰᠡᠳᠬᠢᠯ ᠢ ᠳᠤᠯᠠᠭᠠᠴᠠᠭᠤᠯᠬᠤ︾ ᠨᠠᠮ ᠤᠨ ᠪᠠᠶᠢᠭᠤᠯᠤᠯᠳᠠ᠂ ᠪᠠᠶᠢᠭᠤᠯᠭ᠎ᠠ ᠨᠢᠭᠡᠴᠢ ᠶᠢᠨ ︽ᠠᠮᠢᠵᠢᠷᠠᠯ ᠤᠨ ᠬᠦᠴᠦᠨ ᠲᠠᠢ︾ ᠨᠠᠮ ᠤᠨ ᠪᠠᠶᠢᠭᠤᠯᠤᠯᠳᠠ᠂ ᠶᠡᠭᠡ ᠳᠡᠬᠡᠳᠤ ᠰᠤᠷᠭᠠᠭᠤᠯᠢ ᠶᠢᠨ ︽ᠴᠢᠳᠠᠪᠤᠷᠢᠳᠠᠨ ᠬᠦᠮᠦᠵᠢᠬᠦᠯᠬᠦ︾ ᠨᠠᠮ ᠤᠨ ᠪᠠᠶᠢᠭᠤᠯᠤᠯᠳᠠ᠂ ᠤᠯᠤᠰ ᠤᠨ ᠦᠮᠴᠢᠯᠡᠯ ᠤᠨ ᠠᠵᠥ ᠠᠬᠤᠢᠢᠯᠠᠯ ᠤᠨ ︽ᠬᠦᠴᠦᠨ ᠢ ᠬᠠᠮᠳᠤᠳᠬᠠᠬᠤ︾ ᠨᠠᠮ ᠤᠨ ᠪᠠᠶᠢᠭᠤᠯᠤᠯᠳᠠ᠂ ︽ᠬᠤᠶᠠᠷ ᠰᠢᠨ᠎ᠡ︾ ᠵᠤᠬᠢᠶᠠᠨ ᠪᠠᠶᠢᠭᠤᠯᠤᠯᠳᠠ ᠶᠢᠨ ︽ᠰᠡᠳᠬᠢᠯ ᠢᠶᠠᠨ ᠬᠤᠯᠪᠤᠬᠤ︾ ᠨᠠᠮ ᠤᠨ ᠪᠠᠶᠢᠭᠤᠯᠤᠯᠳᠠ᠂ ᠬᠢᠯᠢ ᠬᠢᠵᠠᠭᠠᠷ ᠤᠷᠤᠨ ᠤ ︽ᠬᠢᠯᠢ ᠪᠠᠨ ᠪᠠᠬᠢᠵᠢᠬᠦᠯᠬᠦ︾ ᠨᠠᠮ ᠤᠨ ᠪᠠᠶᠢᠭᠤᠯᠤᠯᠳᠠ ᠶᠢ ᠨᠢᠬᠡᠳᠦᠯᠳᠡᠢ ᠳᠦᠯᠦᠪᠵᠢᠬᠦᠯᠦᠨ ᠰᠠᠶᠢᠳᠤᠷ ᠠᠳᠬᠤᠵᠥ᠂ ᠦᠨᠳᠦᠰᠦᠨ ᠱᠠᠳᠤ ᠶᠢ  ᠠᠳᠬᠤᠬᠤ᠂ ᠰᠠᠭᠤᠷᠢ ᠶᠢ ᠪᠡᠳᠤᠳᠬᠠᠬᠤ᠂ ᠡᠩᠨᠡᠭᠡ ᠶᠢ ᠪᠠᠶᠢᠭᠤᠯᠬᠤ᠂ ᠰᠤᠷᠳᠠᠯ ᠢᠶᠠᠨ ᠬᠤᠪᠢᠷᠠᠭᠤᠯᠬᠤ ᠳᠠᠯ᠎ᠠ ᠪᠠᠷ ᠳᠠᠰᠤᠷᠠᠯᠳᠠ ᠦᠬᠡᠢ ᠴᠢᠷᠮᠠᠶᠢᠨ ᠬᠦᠴᠦᠯᠡᠵᠥ᠂ ᠪᠤᠳᠠᠳᠠᠢ ᠠᠷᠭ᠎ᠠ ᠭᠠᠷᠭᠠᠵᠥ᠂ ᠯᠠᠪᠳᠠᠭᠤᠨ ᠪᠠᠳᠤᠳᠠᠢ ᠠᠵᠢᠯᠯᠠᠵᠥ᠂ ᠮᠠᠨ ᠤ ᠤᠷᠤᠨ ᠤ ᠦᠨᠳᠦᠰᠦᠨ ᠱᠠᠳᠤᠨ ᠤ ᠨᠠᠮ ᠤᠨ ᠪᠠᠶᠢᠭᠤᠯᠤᠯᠳᠠ ᠶᠢᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠬᠦᠳᠴᠤ᠂ ᠪᠦᠬᠦ ᠳᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠬᠦᠨ ᠳᠡᠪᠬᠤᠷᠭ᠎ᠠ ᠳᠡᠰᠢ ᠬᠦᠭᠵᠢᠵᠥ᠂ ᠦᠨᠳᠦᠰᠦᠨ ᠱᠠᠳᠤ ᠳᠡᠰᠢ ᠦᠷᠬᠡᠵᠢᠬᠦ ᠶᠢ ᠠᠬᠢᠭᠤᠯᠬᠤ ᠬᠡᠷᠡᠭᠳᠡᠢ ᠬᠡᠪᠠ᠃      ᠦᠪᠡᠷᠲᠡᠭᠡᠡ ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠤᠬᠢᠶᠠᠠ ᠪᠠᠶᠢᠭᠤᠯᠬᠤ ᠬᠡᠯᠲᠡᠰ ᠤᠨ ᠲᠠᠷᠤᠭ᠎ᠠ ᠽᠧᠩ ᠢ ᠴᠦᠨ ᠬᠤᠷᠠᠯ ᠳᠤ ᠤᠷᠤᠯᠴᠠᠭᠰᠠᠠ ᠪᠦᠭᠡᠳ ᠶᠠᠷᠢᠶ᠎ᠠ ᠲᠠᠯᠪᠢᠵᠠᠢ᠃ ᠲᠡᠷᠡ ᠵᠢᠭᠠᠭᠰᠠᠨ ᠨᠢ᠂ ᠯᠢ ᠵᠢᠢ ᠡᡁᠧᠩ ᠱᠦᠵᠢ ᠶᠢᠨ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠠ ᠤᠢᠢᠯᠠᠭᠠᠵᠦ᠂ ᠬᠦᠨᠵᠡᠭᠡᠢ ᠲᠤᠤᠱᠯᠠᠭᠤᠯᠤᠨ ᠨᠠᠶᠢᠲᠠᠪᠤᠷᠢᠵᠢᠭᠤᠯᠵᠦ᠂ ᠦᠨᠲᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠭᠤᠤᠯ ᠡᠬᠦᠷᠭᠡ ᠪᠤᠯᠤᠨ ᠰᠢᠢᠳᠪᠦᠷᠢᠯᠡᠬᠦ ᠴᠢᠬᠤᠯᠠᠲᠠᠢ ᠲᠤᠪᠤᠶᠢᠮ᠎ᠠ ᠠᠰᠠᠭᠤᠲᠠᠯ ᠳᠤ ᠴᠢᠭᠯᠡᠭᠦᠯᠦᠨ ᠴᠢᠨᠠᠭᠰᠢᠲᠠ ᠨᠠᠷᠢᠯᠢᠬᠵᠢᠭᠤᠯᠬᠤ ᠪᠦᠭᠡᠳ ᠪᠤᠲᠠᠲᠠᠢ ᠬᠢᠵᠦ᠂ ᠨᠠᠮ ᠤᠨ ᠪᠠᠶᠢᠭᠤᠯᠤᠯᠲᠠ ᠶᠢᠨ ᠠᠵᠢᠯ ᠤᠨ ᠭᠤᠤᠯᠳᠠᠯᠭᠠᠳᠤ ᠡᠬᠦᠷᠬᠡ ᠶᠢ ᠦᠨᠡᠡ ᠪᠤᠲᠠᠲᠠᠢ ᠨᠠᠶᠢᠲᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠭᠡᠪᠠ᠃      ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠤᠬᠢᠶᠠᠨ ᠪᠠᠶᠢᠭᠤᠯᠬᠤ ᠭᠡᠯᠲᠡᠰ ᠤᠨ ᠲᠠᠷᠤᠭ᠎ᠠ ᠽᠧᠩ ᠢ ᠴᠦᠨ ᠴᠢᠬᠤᠯᠠᠴᠢᠯᠠᠭᠰᠠᠨ ᠨᠢ᠂ ︽ᠪᠦᠬᠦ ᠨᠠᠮ ᠢᠶᠠᠷ ᠢᠶᠠᠨ ᠶᠡᠭᠡ ᠰᠤᠷᠤᠯᠴᠠᠯᠭ᠎ᠠ ᠦᠷᠨᠢᠭᠦᠯᠬᠦ︾ ᠲᠤᠬᠠᠢ ᠱᠠᠭᠠᠷᠲᠠᠯᠭ᠎ᠠ ᠶᠤᠰᠤᠭᠠᠷ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠲᠠᠲᠤ ᠤᠯᠤᠰ  ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠦᠨᠲᠦᠰᠦᠨ ᠱᠠᠲᠤᠨ ᠳᠤ ᠬᠦᠷᠭᠡᠵᠦ᠂ ᠨᠠᠮ ᠤᠨ ᠭᠡᠰᠢᠭᠦᠨ ᠳᠤ ᠬᠦᠷᠭᠡᠵᠦ᠂ ᠤᠯᠠᠠ ᠲᠦᠮᠡᠡ ᠳᠤ ᠬᠦᠷᠭᠡᠬᠦ ᠶᠢ ᠠᠬᠢᠭᠤᠯᠵᠦ᠂ ᠤᠨᠤᠯ ᠢᠶᠠᠷ ᠵᠡᠪᠰᠡᠭᠯᠡᠬᠦ ᠠᠵᠢᠯ ᠢ ᠦᠨᠲᠦᠰᠦᠨ ᠱᠠᠲᠤᠨ ᠳᠤ ᠨᠠᠶᠢᠲᠠᠪᠤᠷᠢᠵᠢᠭᠤᠯᠬᠤ ᠬᠡᠷᠡᠭᠲᠡᠢ᠃ ᠨᠠᠮ ᠤᠨ ᠪᠠᠶᠢᠭᠤᠯᠤᠯᠲᠠ ᠶᠢ ᠠᠳᠬᠤᠵᠦ ᠶᠠᠲᠠᠭᠤ  ᠠᠴᠠ ᠠᠩᠬᠢᠵᠢᠷᠠᠭᠤᠯᠬᠤ ᠰᠢᠪᠲᠤᠯᠤᠯᠲᠠ ᠶᠢ ᠬᠦᠨᠵᠡᠭᠡᠢ ᠠᠬᠢᠭᠤᠯᠬᠤ᠂ ᠬᠦᠲᠡᠭᠡ ᠲᠤᠰᠬᠤᠨ ᠢ ᠬᠦᠭᠵᠢᠭᠦᠯᠦᠨ ᠮᠠᠠᠲᠤᠭᠤᠯᠬᠤ ᠶᠢ ᠠᠬᠢᠭᠤᠯᠬᠤ᠂ ᠭᠠᠴᠠᠭ᠎ᠠ ᠲᠤᠰᠬᠤᠨ ᠤ ᠨᠠᠮ ᠤᠨ ᠡᠬᠦᠷ ᠠᠷᠠᠳ ᠤᠨ ᠵᠦᠪᠯᠡᠯ ᠤᠨ ᠬᠤᠭᠤᠴᠠᠭ᠎ᠠ ᠰᠤᠯᠢᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠠᠳᠬᠤᠵᠦ᠂ ᠦᠨᠲᠦᠰᠦᠨ ᠱᠠᠲᠤᠨ ᠤ ᠨᠠᠮ ᠤᠨ ᠵᠤᠬᠢᠶᠠᠠ ᠪᠠᠶᠢᠭᠤᠯᠤᠯᠲᠠ ᠶᠢᠨ ᠶᠠᠲᠠᠭᠤ ᠠᠴᠠ ᠠᠩᠭᠢᠵᠢᠷᠠᠭᠤᠯᠬᠤ ᠰᠢᠪᠲᠤᠯᠤᠯᠲᠠ᠂ ᠬᠦᠲᠡᠭᠡ ᠲᠤᠰᠬᠤᠨ ᠢ ᠬᠦᠭᠵᠢᠭᠦᠯᠦᠨ ᠮᠠᠠᠲᠤᠭᠤᠯᠬᠤ ᠲᠤᠮᠲᠠᠬᠢ ᠲᠠᠶᠢᠴᠢᠨ ᠪᠠᠬᠢᠯᠡᠯᠲᠡ ᠶᠢᠨ ᠦᠢᠯᠡᠲᠦᠯ ᠢ ᠬᠦᠢᠴᠡᠳ ᠪᠠᠲᠠᠷᠠᠭᠤᠯᠬᠤ ᠭᠡᠷᠡᠭᠲᠡᠢ᠃ ︽ᠤᠮᠠᠷᠠᠲᠦ ᠬᠢᠯᠢ ᠶᠢᠨ ᠬᠤᠰᠢᠭᠤᠴᠢ︾ ᠢᠨᠵᠧᠨᠧᠷᠢᠩ ᠤᠨ ᠵᠢᠯᠤᠭᠤᠳᠬᠤ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠨᠠᠶᠢᠲᠠᠪᠤᠷᠢᠵᠢᠭᠤᠯᠵᠦ᠂ ᠮᠠᠯᠵᠢᠬᠤ ᠲᠠᠷᠢᠶᠠᠯᠠᠬᠤ ᠤᠷᠤᠨ᠂ ᠵᠡᠭᠡᠯᠢ ᠭᠤᠲᠤᠮᠵᠢ ᠨᠡᠶᠢᠭᠡᠮ ᠲᠤᠭᠤᠷᠢᠭ᠂ ᠤᠯᠤᠰ ᠤᠨ ᠦᠮᠴᠢᠯᠡᠯ ᠤᠨ ᠠᠵᠦ ᠠᠬᠤᠢᠢᠯᠠᠯ᠂ ᠪᠠᠶᠢᠭᠤᠯᠭ᠎ᠠ ᠨᠢᠭᠡᠴᠢ᠂ ᠶᠡᠭᠡ ᠲᠡᠭᠡᠲᠦ ᠰᠤᠷᠭᠠᠭᠤᠯᠢ᠂ ᠨᠡᠶᠢᠲᠡ ᠶᠢᠨ ᠦᠮᠴᠢᠯᠡᠯ  ᠤᠨ ᠪᠤᠰᠤ ᠠᠵᠦ ᠠᠬᠤᠢ ᠶᠢᠨ ᠵᠤᠬᠢᠶᠠᠠ ᠪᠠᠶᠢᠭᠤᠯᠤᠯᠲᠠ ᠪᠤᠯᠤᠨ ᠨᠡᠶᠢᠭᠡᠮ ᠤᠨ ᠵᠤᠬᠢᠶᠠᠠ ᠪᠠᠶᠢᠭᠤᠯᠤᠯᠲᠠ᠂ ᠬᠢᠯᠢ ᠬᠢᠵᠠᠭᠠᠷ ᠤᠷᠤᠨ ᠤ ᠦᠨᠲᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠭᠤᠤᠯᠳᠠᠯᠭᠠᠳᠤ ᠡᠬᠦᠷᠭᠡ ᠶᠢ ᠬᠦᠷᠢᠶ᠎ᠠ ᠬᠡᠪᠴᠢᠶ᠎ᠠ ᠬᠤᠪᠢᠶᠠᠠ ᠨᠢᠭᠡᠲᠦᠯᠲᠡᠢ ᠰᠠᠶᠢᠲᠤᠷ ᠠᠳᠬᠤᠬᠤ ᠭᠡᠷᠡᠭᠲᠡᠢ᠃ ᠨᠠᠮ ᠤᠨ ᠡᠭᠦᠷ ᠤᠨ ᠵᠤᠬᠢᠶᠠᠠ ᠪᠠᠶᠢᠭᠤᠯᠤᠯᠲᠠ ᠶᠢᠨ ᠬᠦᠴᠤᠨ ᠢ ᠲᠡᠭᠡᠭᠰᠢᠯᠡᠭᠦᠯᠬᠦ᠂ ᠨᠠᠮ ᠤᠨ ᠭᠡᠰᠢᠭᠦᠨ ᠤ ᠰᠤᠷᠭᠠᠠ ᠬᠦᠮᠦᠵᠢᠯ ᠤᠨ ᠬᠢᠨᠠᠯᠲᠠ ᠬᠠᠮᠢᠶᠠᠷᠤᠯᠲᠠ ᠶᠢ ᠰᠠᠶᠢᠲᠤᠷ ᠠᠳᠬᠤᠬᠤ᠂ ᠨᠠᠮ ᠤᠨ ᠪᠠᠶᠢᠭᠤᠯᠤᠯᠲᠠ ᠶᠢᠨ ᠠᠵᠢᠯ ᠤᠨ ᠮᠡᠲᠡᠭᠡ ᠵᠠᠩᠭᠢᠵᠢᠯᠲᠠ ᠶᠢᠨ ᠪᠦᠲᠦᠭᠡᠡ ᠪᠠᠶᠢᠭᠤᠯᠤᠯᠲᠠ ᠶᠢᠨ ᠲᠠᠯ᠎ᠠ ᠪᠠᠷ ᠴᠢᠷᠮᠠᠶᠢᠨ ᠬᠦᠴᠦᠯᠡᠵᠥ᠂ ᠦᠨᠲᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠶᠠᠰᠤ ᠴᠢᠨᠠᠷ ᠪᠤᠯᠤᠨ ᠲᠦᠪᠰᠢᠨ ᠢ ᠲᠠᠰᠤᠷᠠᠯᠲᠠ ᠦᠭᠡᠢ ᠲᠡᠭᠡᠭᠰᠢᠯᠡᠭᠦᠯᠬᠦ ᠬᠡᠷᠡᠭᠲᠡᠢ᠃ ᠬᠠᠷᠢᠭᠤᠴᠠᠯᠭ᠎ᠠ ᠶᠢ ᠪᠤᠲᠠᠲᠠᠢ ᠨᠠᠶᠢᠲᠠᠪᠤᠷᠢᠵᠢᠭᠤᠯᠵᠦ᠂ ᠰᠤᠷᠲᠠᠯ ᠢᠶᠠᠨ ᠰᠠᠶᠢᠵᠢᠷᠠᠭᠤᠯᠤᠨ᠂ ᠪᠠᠲᠤᠯᠠᠪᠤᠷᠢ ᠶᠢ ᠴᠢᠩᠭᠠᠳᠬᠠᠠ᠂ ᠡᠯ᠎ᠠ ᠱᠠᠲᠤᠨ ᠤ ᠨᠠᠮ ᠤᠨ ᠵᠤᠬᠢᠶᠠᠠ ᠪᠠᠶᠢᠭᠤᠯᠤᠯᠲᠠ ᠦᠨᠲᠦᠰᠦᠠ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠦᠨᠡᠡᠬᠦ ᠠᠳᠬᠤᠵᠦ᠂ ᠪᠤᠲᠠᠲᠠᠢ ᠨᠠᠶᠢᠲᠠᠪᠤᠷᠢᠵᠢᠭᠤᠯᠬᠤ ᠶᠢ ᠠᠬᠢᠭᠤᠯᠵᠦ᠂ ᠤᠮᠠᠷᠠᠲᠦ ᠬᠢᠯᠢ ᠶᠢᠨ ᠦᠨᠲᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠦᠵᠡᠰᠭᠦᠯᠡᠩᠳᠤ ᠰᠠᠶᠢᠬᠠᠠ ᠦᠵᠡᠮᠵᠢ ᠶᠢᠨ ᠤᠷᠤᠨ ᠢ ᠴᠢᠷᠮᠠᠶᠢᠠ ᠪᠤᠢ ᠪᠤᠯᠭᠠᠬᠤ ᠭᠡᠷᠡᠭᠲᠡᠢ ᠭᠡᠪᠠ᠃      ᠮᠠᠨ ᠤ ᠬᠤᠰᠢᠭᠤᠨ ᠤ ᠤᠳᠤᠷᠢᠳᠤᠯᠭ᠎ᠠ ᠸᠠᠩ ᠯᠢ ᠫᠢᠩ᠂ ᠸᠠᠩ ᠭᠠᠩ᠂ ᠪᠠᠶᠠᠨᠴᠡᠩᠬᠡᠯ ᠪᠤᠯᠤᠨ ᠰᠣᠮᠣ ᠪᠠᠯᠭᠠᠰᠤ᠂ ᠨᠠᠮ ᠤᠨ︵ᠠᠵᠢᠯᠯᠠᠬᠤ︶ ᠬᠤᠷᠢᠶᠠᠨ ᠤ ᠱᠦᠵᠢ᠂ ᠳᠡᠳ᠋ ᠱᠦᠵᠢ᠂ ᠵᠤᠬᠢᠶᠠᠨ ᠪᠠᠶᠢᠭᠤᠯᠬᠤ ᠭᠡᠰᠢᠭᠦᠨ᠂ ᠬᠤᠰᠢᠭᠤ ᠰᠢᠭᠤᠳ ᠡᠯ᠎ᠡ ᠰᠠᠯᠠᠭ᠎ᠠ ᠮᠦᠴᠢᠷ ᠤᠨ ᠬᠠᠷᠢᠭᠤᠴᠠᠯᠭᠠᠳᠠᠨ᠂ ᠬᠤᠰᠢᠭᠤ ᠵᠤᠬᠢᠶᠠᠨ ᠪᠠᠶᠢᠭᠤᠯᠬᠤ ᠭᠡᠯᠳᠡᠰ  ᠤᠨ ᠪᠦᠬᠦ ᠺᠠᠳ᠋ᠷ ᠦᠤᠰᠢᠨ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠪᠠ᠃
 
ᠢᠷᠡᠯᠲᠡ᠄ ᠳᠣᠰ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号