5 ᠰᠠᠷ᠎ᠠ ᠶᠢᠨ 10 ᠤ ᠡᠳᠤᠷ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠦᠭᠦ ᠬᠤᠳᠠ ᠶᠢᠨ | ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ | ᠰᠢ ᠶᠢᠨ ᠫᠢᠩ ᠤᠨ ᠶᠠᠳᠠᠭᠤ ᠶᠢ ᠳᠡᠳᠭᠦᠭᠦ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠳᠤᠤᠱᠯᠠᠭᠤᠯᠵᠤ᠂ | ᠦᠪᠡᠷᠳᠡᠭᠡᠨ ᠵᠠᠰᠠᠬᠤ ᠤᠷᠤᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠠᠬᠢᠭᠤᠯᠬᠤ | ᠬᠤᠷᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠪᠦᠭᠦ ᠬᠤᠳᠠ ᠶᠢᠨ ᠶᠠᠳᠠᠭᠤ ᠠᠴᠠ | ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠳᠤ ᠳᠠᠬᠢᠨ ᠳᠠᠶᠢᠴᠢᠯᠠᠯᠳᠠ᠂ ᠳᠠᠬᠢᠨ ᠪᠠᠶᠢᠷᠢᠯᠠᠭᠤᠯᠤᠯᠳᠠ ᠬᠢᠪᠠ᠃ | ᠬᠤᠳᠠ ᠶᠢᠨ ᠨᠠᠮ ᠤᠨ ᠬᠤᠷᠢᠶᠠᠨ ᠤ ᠱᠦᠵᠢ ᠨᠢᠤ ᠵᠢᠶᠦ᠋ᠨ ᠶᠡᠨ ᠬᠤᠷᠠᠯ ᠳᠤ ᠤᠷᠤᠯᠴᠠᠭᠰᠠᠨ ᠤ ᠬᠠᠮᠳᠤ | ᠶᠠᠷᠢᠶ᠎ᠠ ᠳᠠᠯᠪᠢᠵᠠᠢ᠃ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠷᠤᠯᠠᠭᠴᠢ ᠬᠤᠳᠠ ᠶᠢᠨ ᠳᠠᠷᠤᠭ᠎ᠠ | ᠰᠡᠴᠡᠨᠪᠢᠯᠢᠭ ᠬᠤᠷᠠᠯ ᠢ ᠡᠷᠬᠢᠯᠡᠪᠠ᠃ | ᠨᠢᠤ ᠵᠢᠶᠦ᠋ᠨ ᠶᠡᠨ ᠵᠢᠭᠠᠵᠤ ᠭᠠᠷᠭᠠᠬᠤ ᠳᠤ ᠪᠠᠨ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ | ᠳᠠᠶᠢᠯᠠᠯᠳᠤᠭᠠᠨ ᠳᠤ ᠢᠯᠠᠯᠳᠠ ᠤᠯᠬᠤ ᠪᠤᠯ ᠪᠦᠭᠦ ᠳᠠᠯ᠎ᠠ ᠪᠠᠷ ᠴᠢᠨᠡᠭᠡᠯᠢᠭ ᠨᠠᠶᠢᠬᠡᠮ ᠢ ᠪᠠᠶᠢᠭᠤᠯᠬᠤ ᠦᠨᠳᠤᠰᠤᠨ | ᠬᠠᠷᠠᠯᠳᠠ ᠪᠤᠯᠤᠨ᠎ᠠ᠂ ᠮᠠᠨ ᠤ ᠨᠠᠮ ᠤᠯᠤᠰ ᠤᠨ ᠭᠠᠳᠠᠭᠠᠳᠤ ᠳᠤᠳᠤᠭᠠᠳᠤ ᠳᠤ ᠦᠭᠭᠦᠭᠰᠡᠨ ᠳᠦᠪ ᠴᠢᠩᠭ᠎ᠠ | ᠠᠮᠠᠯᠠᠯᠳᠠ ᠪᠤᠯᠤᠨ᠎ᠠ᠂ ᠮᠦᠨ ᠴᠤ 2020 ᠤᠨ ᠳᠤ ᠵᠠᠪᠠᠯ ᠪᠡᠶᠡᠯᠡᠭᠳᠡᠭᠦ ᠴᠢᠬᠤᠯᠠ ᠶᠡᠭᠡ ᠤᠯᠤᠰ ᠳᠦᠷᠦ ᠶᠢᠨ | ᠡᠭᠦᠷᠭᠡ ᠪᠤᠯᠬᠤ ᠶᠤᠮ᠃ ᠡᠯ᠎ᠡ ᠱᠠᠳᠤᠨ ᠤ ᠡᠯ᠎ᠡ ᠰᠠᠯᠠᠭ᠎ᠠ ᠮᠦᠴᠢᠷ ᠵᠠᠪᠠᠯ ᠤᠯᠤᠰ ᠳᠦᠷᠤ ᠪᠠ ᠪᠦᠭᠦ ᠲᠠᠯ᠎ᠠ ᠶᠢᠨ | ᠦᠨᠳᠤᠷᠴᠡ ᠳᠡᠭᠡᠷ᠎ᠡ ᠵᠤᠭᠰᠤᠵᠤ᠂ ᠰᠢ ᠶᠢᠨ ᠫᠢᠩ ᠤᠨ ᠶᠠᠳᠠᠭᠤ ᠶᠢ ᠳᠡᠳᠭᠦᠭᠦ ᠦᠵᠡᠯ ᠰᠠᠨᠠᠭ᠎ᠠ ᠶᠢ ᠭᠦᠨᠵᠡᠭᠡᠢ | ᠰᠤᠷᠤᠯᠴᠠᠨ ᠳᠤᠤᠱᠯᠠᠭᠤᠯᠵᠤ᠂ ᠦᠪᠡᠷᠳᠡᠭᠡᠨ ᠵᠠᠰᠠᠬᠤ ᠤᠷᠤᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ | ᠰᠢᠪᠳᠤᠯᠬᠤ ᠠᠵᠢᠯ ᠢ ᠠᠬᠢᠭᠤᠯᠬᠤ ᠬᠤᠷᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ | ᠭᠡᠷᠡᠭᠳᠠᠢ ᠭᠡᠪᠡ᠃ | ᠨᠢᠤ ᠵᠢᠶᠦ᠋ᠨ ᠶᠡᠨ ᠴᠢᠬᠤᠯᠠᠴᠢᠯᠠᠬᠤ ᠳᠤ ᠪᠠᠨ᠂ ᠠᠰᠠᠭᠤᠳᠠᠯ ᠤᠨ ᠵᠠᠰᠠᠨ ᠴᠡᠭᠴᠡᠯᠡᠯᠳᠠ ᠳᠤ ᠠᠩᠬᠠᠷᠤᠯ ᠢᠶᠠᠨ | ᠳᠠᠯᠪᠢᠨ᠂ ᠨᠡᠩ ᠨᠠᠷᠢᠯᠢᠭ᠂ ᠪᠤᠳᠠᠳᠠᠢ ᠠᠷᠭ᠎ᠠ ᠬᠡᠮᠵᠢᠶ᠎ᠠ ᠠᠪᠴᠤ ᠶᠡᠭᠡ ᠪᠠᠶᠢᠴᠠᠭᠠᠯᠳᠠ ᠶᠡᠭᠡ ᠴᠡᠭᠴᠡᠯᠡᠯᠳᠠ ᠶᠢᠨ | ᠳᠤᠰᠬᠠᠢ ᠳᠦᠷᠦᠯ ᠤᠨ ᠠᠵᠢᠯᠯᠠᠭ᠎ᠠ ᠶᠢ ᠦᠷᠨᠢᠭᠦᠯᠵᠤ᠂ ᠦᠨᠳᠤᠷ ᠴᠢᠨᠠᠷ ᠴᠢᠨᠰᠠᠭ᠎ᠠ ᠲᠠᠢ ᠪᠠᠷ ᠴᠡᠭᠴᠡᠯᠡᠯᠳᠠ ᠶᠢᠨ | ᠡᠭᠦᠷᠭᠡ ᠪᠠᠨ ᠪᠡᠶᠡᠯᠡᠭᠦᠯᠭᠦ ᠶᠢ ᠪᠠᠳᠤᠯᠠᠬᠤ ᠭᠡᠷᠡᠭᠳᠠᠢ᠃ ᠬᠠᠭᠤᠷᠮᠠᠭ ᠢᠶᠠᠷ ᠶᠠᠳᠠᠭᠤ ᠠᠴᠠ ᠠᠩᠬᠢᠵᠢᠷᠠᠭᠤᠯᠬᠤ᠂ ᠳᠠᠩᠰᠠ | ᠪᠤᠳᠤᠵᠤ ᠶᠠᠳᠠᠭᠤ ᠠᠴᠠ ᠠᠩᠬᠢᠵᠢᠷᠠᠭᠤᠯᠬᠤ᠂ ᠳᠤᠭ᠎ᠠ ᠪᠠᠷᠢᠮᠳᠠ ᠪᠠᠷ ᠶᠠᠳᠠᠭᠤ ᠠᠴᠠ ᠠᠩᠬᠢᠵᠢᠷᠠᠭᠤᠯᠬᠤ ᠶᠢ ᠡᠷᠡᠰ | ᠲᠠᠪᠴᠢᠭᠦ ᠭᠡᠷᠡᠭᠳᠠᠢ᠃ ᠠᠵᠤ ᠦᠢᠯᠡᠰ ᠢᠶᠠᠷ ᠶᠠᠳᠠᠭᠤ ᠶᠢ ᠳᠡᠳᠭᠦᠭᠦ ᠶᠢ ᠰᠠᠶᠢᠳᠤᠷ ᠠᠳᠬᠤᠬᠤ ᠶᠢ ᠳᠤᠪᠤᠶᠢᠯᠭᠠᠨ᠂ | ᠳᠤᠰᠬᠤᠨ ᠤ ᠨᠠᠶᠢᠳᠠ ᠶᠢᠨ ᠠᠵᠤ ᠠᠬᠤᠢ ᠶᠢ ᠶᠡᠭᠡ ᠭᠦᠴᠤ ᠪᠠᠷ ᠪᠤᠶᠢᠵᠢᠭᠤᠯᠵᠤ᠂ ︽ᠵᠠᠭᠤᠨ ᠠᠵᠤ ᠠᠬᠤᠢᠢᠯᠠᠯ | ᠵᠠᠭᠤᠨ ᠳᠤᠰᠬᠤᠨ ᠢ ᠳᠡᠳᠭᠦᠭᠦ︾ ᠠᠵᠢᠯᠯᠠᠭ᠎ᠠ ᠶᠢ ᠭᠦᠨᠵᠡᠭᠡᠢ ᠦᠷᠨᠢᠭᠦᠯᠤᠨ᠂ ᠶᠠᠳᠠᠭᠤ ᠭᠦᠴᠢᠷᠳᠡᠯᠳᠠᠢ ᠡᠷᠦᠭᠡ ᠶᠢᠨ | ᠳᠤᠳᠤᠭᠠᠳᠤ ᠭᠦᠳᠡᠯᠭᠡᠭᠦ ᠭᠦᠴᠤᠨ ᠢ ᠴᠢᠨᠠᠭᠰᠢᠳᠠ ᠳᠠᠶᠢᠴᠢᠯᠠᠬᠤ ᠭᠡᠷᠡᠭᠳᠠᠢ᠃ ᠶᠠᠳᠠᠭᠤ ᠶᠢ ᠳᠡᠳᠭᠦᠭᠦ ᠪᠡᠯᠡ | ᠮᠦᠩᠭᠦ ᠶᠢ ᠰᠠᠶᠢᠨ ᠬᠠᠮᠢᠶᠠᠷᠴᠤ ᠰᠠᠶᠢᠨ ᠭᠡᠷᠡᠭᠯᠡᠨ᠂ ᠶᠠᠳᠠᠭᠤ ᠶᠢ ᠳᠡᠳᠭᠦᠭᠦ ᠭᠦᠷᠢᠶ᠎ᠠ ᠭᠡᠪᠴᠢᠶᠡᠨ ᠤ ᠢᠯᠵᠠᠷᠠᠯ ᠤᠨ | ᠠᠰᠠᠭᠤᠳᠠᠯ ᠤᠨ ᠬᠠᠷᠢᠭᠤᠴᠠᠯᠭ᠎ᠠ ᠶᠢ ᠨᠡᠭᠡᠮᠵᠢᠯᠡᠨ ᠰᠠᠶᠢᠳᠤᠷ ᠰᠢᠢᠳᠪᠤᠷᠢᠯᠡᠭᠦ ᠭᠡᠷᠡᠭᠳᠠᠢ ᠬᠡᠵᠠᠢ᠃ | ᠨᠢᠤ ᠵᠢᠶᠦ᠋ᠨ ᠶᠡᠨ ᠱᠠᠭᠠᠷᠳᠠᠬᠤ ᠳᠤ ᠪᠠᠨ᠂ ᠡᠭᠦᠷᠭᠡ ᠬᠠᠷᠢᠭᠤᠴᠠᠯᠭ᠎ᠠ ᠪᠠᠨ ᠵᠤᠷᠢᠭᠳᠠᠢ ᠡᠭᠦᠷᠭᠡᠯᠡᠨ᠂ ᠪᠤᠳᠠᠳᠤ | ᠠᠵᠢᠯᠯᠠᠭ᠎ᠠ ᠪᠠᠷ ᠢᠶᠠᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠡᠯ᠎ᠡ ᠳᠦᠷᠦᠯ ᠤᠨ | ᠡᠭᠦᠷᠭᠡ ᠶᠢ ᠤᠷᠤᠨᠵᠢᠭᠤᠯᠬᠤ ᠭᠡᠷᠡᠭᠳᠠᠢ᠃ ᠬᠤᠳᠠ᠂ ᠬᠤᠰᠢᠭᠤ ᠳᠤᠭᠤᠷᠢᠭ ᠤᠨ ᠬᠠᠷᠢᠭᠤᠴᠠᠯᠭ᠎ᠠ ᠶᠢᠨ | ᠨᠠᠶᠢᠳᠠᠪᠤᠷᠢᠵᠢᠭᠤᠯᠤᠯᠳᠠ ᠶᠢ ᠴᠢᠩᠭᠠᠳᠬᠠᠨ᠂ ᠰᠤᠮᠤ ᠪᠠᠯᠭᠠᠰᠤ᠂ ᠭᠠᠴᠠᠭ᠎ᠠ ᠳᠤᠰᠬᠤᠨ ᠤ ᠪᠤᠳᠠᠳᠤ ᠡᠭᠦᠷᠭᠡ ᠶᠢ | ᠳᠤᠳᠤᠷᠬᠠᠢᠢᠯᠠᠵᠤ᠂ ᠡᠭᠦᠷᠭᠡ ᠬᠠᠷᠢᠭᠤᠴᠠᠯᠭ᠎ᠠ ᠶᠢᠨ ᠰᠢᠰᠲ᠋ᠧᠮ ᠢ ᠪᠠᠶᠢᠭᠤᠯᠬᠤ ᠭᠡᠷᠡᠭᠳᠠᠢ᠃ ᠭᠡᠪ ᠰᠤᠷᠳᠠᠯ ᠤᠨ | ᠪᠠᠶᠢᠭᠤᠯᠤᠯᠳᠠ ᠶᠢ ᠴᠢᠩᠭᠠᠳᠬᠠᠨ᠂ ᠶᠡᠭᠡ ᠰᠤᠷᠤᠯᠴᠠᠯᠭ᠎ᠠ᠂ ᠶᠡᠭᠡ ᠰᠤᠳᠤᠯᠤᠨ ᠪᠠᠶᠢᠴᠠᠭᠠᠯᠳᠠ᠂ ᠶᠡᠭᠡ ᠤᠬᠠᠭᠤᠯᠤᠨ | ᠳᠠᠶᠢᠯᠪᠤᠷᠢᠯᠠᠬᠤ ᠶᠢ ᠳᠤᠤᠱᠯᠠᠭᠤᠯᠬᠤ ᠠᠵᠢᠯᠯᠠᠭ᠎ᠠ ᠶᠢ ᠦᠷᠨᠢᠭᠦᠯᠭᠦ ᠭᠡᠷᠡᠭᠳᠠᠢ᠃ ᠬᠠᠮᠤᠭ ᠴᠢᠩᠭ᠎ᠠ ᠬᠢᠨᠠᠨ ᠰᠢᠯᠭᠠᠬᠤ | ᠳᠤᠭᠳᠠᠴᠠ ᠶᠢ ᠭᠡᠷᠡᠭᠵᠢᠭᠦᠯᠤᠨ᠂ ᠭᠦᠮᠦᠨ ᠢ ᠤᠷᠤᠨᠵᠢᠭᠤᠯᠬᠤ᠂ ᠡᠭᠦᠷᠭᠡ ᠬᠠᠷᠢᠭᠤᠴᠠᠯᠭ᠎ᠠ ᠶᠢ ᠤᠷᠤᠨᠵᠢᠭᠤᠯᠬᠤ᠂ | ᠠᠵᠢᠯ ᠢ ᠤᠷᠤᠨᠵᠢᠭᠤᠯᠬᠤ᠂ ᠦᠷ᠎ᠡ ᠪᠦᠳᠦᠮᠵᠢ ᠶᠢ ᠤᠷᠤᠨᠵᠢᠭᠤᠯᠬᠤ ᠶᠢ ᠪᠠᠳᠤᠯᠠᠬᠤ ᠭᠡᠷᠡᠭᠳᠠᠢ ᠭᠡᠪᠡ᠃ | ᠰᠡᠴᠡᠨᠪᠢᠯᠢᠭ ᠱᠠᠭᠠᠷᠳᠠᠬᠤ ᠳᠤ ᠪᠠᠨ᠂ ᠡᠯ᠎ᠡ ᠭᠠᠵᠠᠷ ᠡᠯ᠎ᠡ ᠰᠠᠯᠠᠭ᠎ᠠ ᠮᠦᠴᠢᠷ ᠤᠨ ᠬᠢᠨ ᠵᠠᠪᠠᠯ ᠦᠵᠡᠯ | ᠰᠠᠨᠠᠭ᠎ᠠ ᠪᠠᠨ ᠴᠢᠨᠠᠭᠰᠢᠳᠠ ᠭᠦᠨᠵᠡᠭᠡᠶᠢᠷᠡᠭᠦᠯᠤᠨ᠂ ᠤᠯᠤᠰ ᠳᠦᠷᠦ ᠶᠢᠨ ᠵᠤᠭᠰᠤᠴᠠ ᠪᠠᠨ ᠳᠡᠭᠡᠭᠰᠢᠯᠡᠭᠦᠯᠤᠨ᠂ | ᠰᠢᠯᠭᠠᠨ ᠪᠠᠶᠢᠴᠠᠭᠠᠯᠳᠠ ᠶᠢᠨ ᠬᠠᠷᠢᠭᠤᠴᠠᠯᠭ᠎ᠠ ᠨᠡᠭᠡᠮᠵᠢᠯᠡᠭᠦ ᠬᠢᠨᠠᠨ ᠪᠠᠶᠢᠴᠠᠭᠠᠯᠳᠠ ᠪᠠᠨ ᠴᠢᠩᠭᠠᠳᠬᠠᠵᠤ᠂ ᠡᠷᠴᠢᠮᠳᠠᠢ | ᠠᠷᠭ᠎ᠠ ᠭᠡᠮᠵᠢᠶ᠎ᠠ ᠠᠪᠴᠤ᠂ ᠶᠠᠳᠠᠭᠤ ᠭᠦᠴᠢᠷᠳᠡᠯᠳᠠᠢ ᠡᠷᠦᠭᠡ ᠶᠢ ᠢᠯᠭᠠᠨ ᠳᠠᠨᠢᠬᠤ᠂ ᠠᠩᠭᠢᠵᠢᠷᠠᠭᠤᠯᠬᠤ ᠪᠠ ᠠᠵᠤ | ᠦᠢᠯᠡᠰ ᠢᠶᠠᠷ ᠶᠠᠳᠠᠭᠤ ᠶᠢ ᠳᠡᠳᠭᠦᠭᠦ᠂ ᠡᠷᠡᠭᠦᠯ ᠡ᠊ᠩᠬᠡ ᠪᠠᠷ ᠶᠠᠳᠠᠭᠤ ᠶᠢ ᠳᠡᠳᠭᠦᠭᠦ ᠵᠡᠷᠭᠡ ᠨᠠᠢᠮᠠᠨ ᠳᠠᠯ᠎ᠠ ᠶᠢᠨ | ᠠᠰᠠᠭᠤᠳᠠᠯ ᠢ ᠬᠢᠨᠠᠮᠠᠭᠠᠢ ᠰᠠᠶᠢᠨ ᠰᠢᠢᠳᠪᠤᠷᠢᠯᠡᠭᠦ ᠭᠡᠷᠡᠭᠳᠠᠢ ᠭᠡᠪᠡ᠃ | ᠬᠠᠮᠢᠶ᠎ᠠ ᠪᠦᠭᠦᠢ ᠬᠤᠰᠢᠭᠤ ᠳᠤᠭᠤᠷᠢᠭ ᠪᠤᠯᠤᠨ ᠬᠤᠳᠠ ᠶᠢᠨ ᠰᠢᠭᠤᠳ ᠬᠠᠷᠢᠶ᠎ᠠ ᠰᠠᠯᠠᠭ᠎ᠠ ᠮᠦᠴᠢᠷ ᠤᠨ | ᠬᠠᠷᠢᠭᠤᠴᠠᠯᠭᠠᠳᠠᠳ ᠬᠤᠷᠠᠯ ᠳᠡᠭᠡᠷ᠎ᠠ ᠶᠠᠷᠢᠶ᠎ᠠ ᠳᠠᠯᠪᠢᠨ᠂ ᠬᠤᠯᠪᠤᠭᠳᠠᠯ ᠪᠦᠭᠦᠢ ᠰᠠᠯᠠᠭ᠎ᠠ ᠮᠦᠴᠢᠷ ᠠᠴᠠ ᠬᠤᠳᠠ ᠶᠢᠨ | ᠨᠠᠮ ᠤᠨ ᠬᠤᠷᠢᠶ᠎ᠡ᠂ ᠵᠠᠰᠠᠭ ᠤᠨ ᠤᠷᠳᠤᠨ ᠳᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ | ᠬᠠᠷᠢᠭᠤᠴᠠᠯᠭ᠎ᠠ ᠶᠢᠨ ᠪᠢᠴᠢᠭ ᠢ ᠳᠤᠰᠢᠶᠠᠵᠠᠢ᠃ | ᠬᠤᠷᠠᠯ ᠢ ᠸᠢᠳᠢᠣ᠋ ᠬᠤᠷᠠᠯ ᠤᠨ ᠬᠡᠯᠪᠡᠷᠢ ᠪᠠᠷ ᠡᠯ᠎ᠡ ᠬᠤᠰᠢᠭᠤ ᠲᠤᠭᠤᠷᠢᠭ ᠲᠤ ᠬᠤᠪᠢᠶᠠᠷᠢ ᠬᠤᠷᠠᠯ ᠤᠨ | ᠲᠠᠯᠠᠪᠠᠢ ᠲᠤᠬᠢᠷᠠᠭᠤᠯᠪᠠ᠃ ᠡᠯ᠎ᠡ ᠬᠤᠰᠢᠭᠤ ᠲᠤᠭᠤᠷᠢᠭ ᠤᠨ ᠨᠠᠮ ᠵᠠᠰᠠᠭ ᠤᠨ ᠭᠤᠤᠯ ᠬᠠᠷᠢᠭᠤᠴᠠᠯᠭᠠᠲᠠᠨ᠂ ᠬᠤᠲᠠ | ᠶᠢᠨ ᠰᠢᠭᠤᠳ ᠡᠯ᠎ᠡ ᠰᠠᠯᠠᠭ᠎ᠠ ᠮᠦᠴᠢᠷ ᠤᠨ ᠬᠠᠷᠢᠭᠤᠴᠠᠯᠭᠠᠲᠠᠨ᠂ ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ | ᠪᠤᠭᠤᠮᠳᠠ ᠰᠢᠪᠲᠤᠯᠬᠤ ᠠᠵᠢᠯ ᠤᠨ ᠬᠢᠨᠠᠨ ᠪᠠᠶᠢᠴᠠᠭᠠᠯᠲᠠ ᠲᠦᠯᠬᠢᠨ ᠠᠬᠢᠭᠤᠯᠤᠯᠲᠠ ᠶᠢᠨ ᠲᠤᠭᠤᠶᠢᠯᠠᠩ ᠤᠨ | ᠲᠠᠷᠤᠭ᠎ᠠ ᠭᠤᠤᠯ ᠬᠤᠷᠠᠯ ᠤᠨ ᠲᠠᠯᠠᠪᠠᠢ ᠳᠤ ᠬᠤᠷᠠᠯ ᠳᠤ ᠤᠷᠤᠯᠴᠠᠪᠠ᠃ ᠮᠠᠨ ᠤ ᠬᠤᠰᠢᠭᠤᠨ ᠤ ᠵᠢᠷᠭᠠᠯᠳᠤ᠂ | ᠴᠢᠶᠤᠤ ᠶᠦᠨ ᠯᠢ᠂ ᠪᠤᠶᠠᠨᠮᠠᠨᠳᠤᠬᠤ᠂ ᠬᠤᠤ ᠸᠧᠢ᠂ ᠰᠤᠷᠭᠠᠯᠳᠤ᠂ ᠴᠢᠶᠤᠤ ᠠᠢ ᠫᠢᠩ᠂ ᠵᠠᠩ ᡁᠢ ᠰᠢᠦ᠋ᠩ᠂ ᠹᠧᠩ | ᡁᠢ ᠮᠢᠩ᠂ ᠵᠤᠤ ᠶᠦᠩ ᠹᠧᠩ᠂ ᠠᠯᠲᠠᠨᠲᠤᠶᠠᠭ᠎ᠠ ᠵᠡᠷᠭᠡ ᠭᠡᠷ ᠲᠤ ᠪᠠᠨ ᠪᠠᠶᠢᠭ᠎ᠠ ᠰᠢᠶᠠᠨ ᠤ ᠲᠡᠰ ᠤᠨ | ᠤᠳᠤᠷᠢᠳᠤᠯᠭ᠎ᠠ᠂ ᠡᠯ᠎ᠡ ᠰᠤᠮᠤ ᠪᠠᠯᠭᠠᠰᠤ᠂ ᠬᠤᠰᠢᠭᠤ ᠰᠢᠭᠤᠳ ᠡᠯ᠎ᠡ ᠰᠠᠯᠠᠭ᠎ᠠ ᠮᠦᠴᠢᠷ᠂ ᠡᠯ᠎ᠡ ᠠᠵᠤ ᠠᠬᠤᠶᠢᠯᠠᠯ | ᠠᠵᠢᠯ ᠦᠢᠯᠡᠰ ᠤᠨ ᠨᠢᠭᠡᠴᠢ ᠶᠢᠨ ᠬᠠᠷᠢᠭᠤᠴᠠᠯᠭᠠᠲᠠᠨ ᠦᠤᠰᠢᠨ ᠤ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ | ᠳᠤ ᠤᠷᠤᠯᠴᠠᠪᠠ᠃ | ᠬᠤᠷᠠᠯ ᠤᠨ ᠲᠠᠷᠠᠭ᠎ᠠ᠂ ᠮᠠᠨ ᠤ ᠬᠤᠰᠢᠭᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠬᠤ ᠠᠵᠢᠯ | ᠤᠨ ᠲᠤᠬᠢᠷᠠᠭᠤᠯᠤᠯᠲᠡ ᠶᠢᠨ ᠬᠤᠷᠠᠯ ᠬᠤᠷᠠᠯᠳᠤᠭᠤᠯᠵᠤ᠂ ᠬᠤᠲᠠ ᠶᠢᠨ ᠤᠯᠤᠰ ᠲᠦᠷᠦ ᠶᠢᠨ ᠵᠦᠪᠯᠡᠯᠭᠡᠨ ᠤ ᠲᠡᠳ᠋ | ᠲᠡᠷᠢᠬᠦᠯᠡᠭᠴᠢ᠂ ᠬᠤᠰᠢᠭᠤ ᠨᠠᠮ ᠤᠨ ᠬᠤᠷᠢᠶ᠎ᠠ ᠶᠢᠨ ᠱᠦᠵᠢ ᠵᠢᠷᠭᠠᠯᠲᠤ ᠴᠢᠬᠤᠯᠠᠴᠢᠯᠠᠬᠤ ᠳᠤ ᠪᠠᠨ᠂ ᠪᠦᠬᠦ | ᠬᠤᠰᠢᠭᠤ ᠪᠠᠷ ᠢᠶᠠᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠬᠤ ᠠᠵᠢᠯ ᠤᠨ ᠬᠠᠷᠢᠭᠤᠴᠠᠯᠭ᠎ᠠ ᠶᠢᠨ | ᠪᠢᠴᠢᠭ ᠪᠠ ᠠᠮᠠᠯᠠᠯᠲᠠ ᠶᠢᠨ ᠪᠢᠴᠢᠭ ᠤᠨ ᠱᠠᠭᠠᠷᠳᠠᠯᠭ᠎ᠠ ᠶᠤᠰᠤᠭᠠᠷ ᠲᠠᠷᠤᠢ ᠲᠦᠷᠭᠡᠨ ᠭᠠᠴᠠᠭ᠎ᠠ ᠲᠤᠰᠬᠤᠨ ᠠᠶᠢᠯ | ᠡᠷᠦᠬᠡ ᠳᠤ ᠬᠦᠷᠴᠦ᠂ ᠲᠠᠩᠰᠠ ᠪᠤᠰᠬᠠᠬᠤ᠂ ᠲᠦᠷᠦᠯ ᠵᠦᠢᠯ ᠢᠶᠠᠷ ᠲᠡᠳᠬᠦᠬᠦ᠂ ᠺᠠᠳ᠋ᠷ ᠲᠡᠳᠬᠦᠬᠦ ᠵᠡᠷᠭᠡ ᠠᠭᠤᠯᠭ᠎ᠠ | ᠪᠠᠨ ᠪᠦᠷᠢᠨᠰᠢᠬᠦᠯᠵᠤ᠂ ᠤᠨᠤᠪᠴᠢᠲᠠᠢ ᠪᠠᠷ ᠶᠠᠳᠠᠭᠤ ᠬᠦᠴᠢᠷᠳᠡᠯᠲᠠᠢ ᠤᠯᠠᠨ ᠲᠦᠮᠡᠨ ᠤ ᠲᠤᠯᠭᠠᠷᠠᠵᠤ ᠪᠠᠶᠢᠭ᠎ᠠ | ᠬᠦᠴᠢᠷᠳᠡᠯ ᠢ ᠪᠠᠶᠢᠴᠠᠭᠠᠨ ᠢᠯᠡᠷᠡᠬᠦᠯᠵᠤ᠂ ᠨᠡᠩ ᠢᠯᠠᠩᠭᠤᠶ᠎ᠠ ᠬᠠᠪᠤᠷ ᠤᠨ ᠲᠠᠷᠢᠶᠠᠯᠠᠭ᠎ᠠ ᠲᠠᠢ ᠤᠶᠠᠯᠳᠤᠭᠤᠯᠵᠤ᠂ | ᠬᠠᠪᠤᠷ ᠤᠨ ᠲᠠᠷᠢᠶᠠᠯᠠᠭ᠎ᠠ ᠶᠢᠨ ᠪᠡᠯᠡ ᠮᠦᠩᠭᠦ᠂ ᠪᠤᠷᠳᠤᠭᠤᠷ᠂ ᠦᠷ᠎ᠡ ᠬᠦᠷᠦᠩᠭᠡ ᠶᠢᠨ ᠠᠰᠠᠭᠤᠳᠠᠯ ᠢ ᠬᠠᠪᠰᠤᠷᠤᠨ | ᠰᠢᠢᠳᠪᠦᠷᠢᠯᠡᠬᠦ ᠬᠡᠷᠡᠭᠲᠠᠢ᠃ ᠪᠦᠬᠦᠶᠢᠯᠡ ᠦᠪᠡᠷᠳᠡᠭᠡᠨ ᠪᠠᠶᠢᠴᠠᠭᠠᠨ ᠢᠯᠡᠷᠡᠭᠦᠯᠦᠭᠰᠡᠨ ᠠᠰᠠᠭᠤᠳᠠᠯ᠂ ᠲᠡᠭᠡᠷ᠎ᠡ ᠱᠠᠲᠤᠨ | ᠤ ᠰᠢᠯᠭᠠᠨ ᠪᠠᠶᠢᠴᠠᠭᠠᠯᠲᠠ ᠪᠠᠷ ᠢᠯᠡᠷᠡᠬᠦᠯᠦᠭᠰᠡᠨ ᠠᠰᠠᠭᠤᠳᠠᠯ ᠢ ᠳ᠋ᠦᠩᠨᠡᠵᠤ᠂ ᠠᠵᠢᠯ ᠤᠨ ᠬᠠᠷᠢᠭᠤᠴᠠᠯᠭ᠎ᠠ ᠪᠠᠨ | ᠨᠠᠶᠢᠲᠠᠪᠤᠷᠢᠵᠢᠭᠤᠯᠵᠤ᠂ ᠠᠵᠢᠯ ᠤᠨ ᠠᠷᠭ᠎ᠠ ᠪᠠᠷᠢᠯ ᠢᠶᠠᠨ ᠨᠠᠷᠢᠯᠢᠭᠵᠢᠭᠤᠯᠤᠨ᠂ ᠰᠠᠶᠢᠲᠤᠷ ᠵᠠᠰᠠᠨ ᠰᠠᠶᠢᠵᠢᠷᠠᠭᠤᠯᠵᠤ | ᠪᠦᠬᠦ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠬᠤ ᠲᠠᠶᠢᠯᠠᠯᠳᠤᠭᠠᠨ ᠢ ᠰᠠᠶᠢᠲᠤᠷ ᠬᠢᠵᠤ | ᠢᠯᠠᠯᠲᠠ ᠤᠯᠬᠤ ᠬᠡᠷᠡᠭᠲᠠᠢ ᠬᠡᠪᠡ᠃ | ᠬᠤᠰᠢᠭᠤ ᠨᠠᠮ ᠤᠨ ᠬᠤᠷᠢᠶ᠎ᠠ ᠶᠢᠨ ᠲᠡᠳ᠋ ᠱᠦᠵᠢ᠂ ᠬᠤᠰᠢᠭᠤ ᠲᠠᠷᠤᠭ᠎ᠠ ᠴᠢᠶᠤᠤ ᠶᠦᠨ ᠯᠢ ᠱᠠᠭᠠᠷᠳᠠᠬᠤ | ᠳᠤ ᠪᠠᠨ᠂ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠦᠴᠢᠷ ᠲᠤᠰ ᠤᠳᠠᠭᠠᠨ ᠤ ᠬᠤᠷᠠᠯ ᠤᠨ ᠵᠤᠷᠢᠭ ᠰᠠᠨᠠᠭ᠎ᠠ ᠶᠢ | ᠬᠢᠨᠠᠮᠠᠭᠠᠢ ᠡᠵᠡᠮᠰᠢᠵᠤ᠂ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠬᠡ ᠠᠯᠬᠤᠮ ᠲᠡᠭᠡᠭᠰᠢᠯᠡᠬᠦᠯᠵᠤ᠂ ᠠᠰᠠᠭᠤᠳᠠᠯ ᠤᠨ | ᠤᠬᠠᠮᠰᠠᠷ ᠢᠶᠠᠨ ᠴᠢᠩᠭᠠᠳᠬᠠᠨ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠬᠤ ᠠᠵᠢᠯ ᠢ ᠠᠵᠤ ᠦᠢᠯᠡᠰ | ᠢ ᠬᠦᠭᠵᠢᠬᠦᠯᠬᠦ᠂ ᠨᠡᠶᠢᠬᠡᠮ ᠤᠨ ᠠᠵᠢᠯ ᠦᠢᠯᠡᠰ ᠢ ᠬᠦᠭᠵᠢᠬᠦᠯᠬᠦ ᠵᠡᠷᠭᠡ ᠠᠵᠢᠯ ᠲᠠᠢ ᠤᠷᠭᠠᠨᠢᠭ ᠢᠶᠠᠷ | ᠤᠶᠠᠯᠳᠤᠭᠤᠯᠵᠤ᠂ ᠨᠢᠭᠡᠳᠦᠯᠲᠠᠢ ᠠᠷᠭ᠎ᠠ ᠪᠤᠳᠤᠯᠭ᠎ᠠ ᠬᠡᠷᠡᠭᠵᠢᠬᠦᠯᠦᠨ᠂ ᠤᠨᠤᠪᠴᠢᠲᠠᠢ ᠪᠠᠷ ᠶᠠᠳᠠᠭᠤ ᠠᠴᠠ | ᠠᠩᠭᠢᠵᠢᠷᠠᠭᠤᠯᠬᠤ ᠦᠷ᠎ᠡ ᠪᠦᠲᠦᠮᠵᠢ ᠶᠢ ᠲᠡᠭᠡᠭᠰᠢᠯᠡᠬᠦᠯᠬᠦ ᠬᠡᠷᠡᠭᠲᠠᠢ᠃ ᠶᠠᠳᠠᠭᠤ ᠶᠢ ᠲᠡᠳᠬᠦᠬᠦ ᠰᠠᠭᠤᠷᠢ ᠠᠵᠢᠯ ᠢ | ᠰᠠᠶᠢᠲᠤᠷ ᠠᠳᠬᠤᠵᠤ᠂ ᠶᠠᠳᠠᠭᠤ ᠶᠢ ᠲᠡᠳᠬᠦᠬᠦ ᠭᠠᠷ ᠲᠡᠪᠳᠡᠷ ᠢ ᠲᠦᠷᠢᠮᠵᠢᠯ ᠲᠠᠢ ᠲᠠᠭᠯᠠᠨ᠂ ᠭᠠᠴᠠᠭ᠎ᠠ ᠲᠤᠰᠬᠤᠨ | ᠤ ᠲᠠᠩᠰᠠ ᠮᠠᠲ᠋ᠧᠷᠢᠶᠠᠯ ᠢ ᠲᠦᠷᠢᠮᠵᠢᠬᠦᠯᠵᠤ᠂ ᠦᠨᠡᠨ ᠪᠤᠳᠠᠲᠠᠢ ᠬᠠᠪᠰᠤᠷᠤᠨ ᠲᠡᠳᠬᠦᠭᠰᠡᠨ ᠦᠷ᠎ᠡ ᠪᠦᠲᠦᠮᠵᠢ ᠪᠠᠷ | ᠤᠯᠠᠨ ᠲᠦᠮᠡᠨ ᠤ ᠨᠡᠶᠢᠲᠡᠮ ᠬᠦᠷᠢᠶᠡᠯᠡᠯ ᠢ ᠤᠯᠬᠤ ᠬᠡᠷᠡᠭᠲᠠᠢ᠃ ᠡᠯ᠎ᠡ ᠰᠤᠮᠤ ᠪᠠᠯᠭᠠᠰᠤ ᠪᠠ ᠰᠠᠯᠠᠭ᠎ᠠ ᠮᠦᠴᠢᠷ | ᠤᠨᠤᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠬᠤ ᠠᠵᠢᠯ ᠤᠨ ᠬᠢᠨᠠᠨ ᠰᠢᠯᠭᠠᠯᠲᠠ ᠶᠢᠨ | ᠪᠠᠷᠢᠮᠵᠢᠶ᠎ᠠ ᠶᠤᠰᠤᠭᠠᠷ ᠪᠤᠳᠠᠲᠠᠢ ᠡᠮᠭᠢ ᠴᠡᠭᠴᠡᠲᠠᠢ ᠪᠠᠷ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ | ᠠᠵᠢᠯ ᠤᠨ ᠪᠠᠶᠢᠷᠢᠯᠠᠭᠤᠯᠤᠯᠲᠠ ᠶᠢ ᠨᠠᠶᠢᠲᠠᠪᠤᠷᠢᠵᠢᠭᠤᠯᠵᠤ᠂ ᠪᠦᠬᠦ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ | ᠪᠤᠭᠤᠮᠳᠠ ᠰᠢᠪᠲᠤᠯᠬᠤ ᠠᠵᠢᠯ ᠤᠨ ᠵᠢᠱᠢᠭᠰᠡᠨ ᠬᠤᠭᠤᠴᠭᠠᠠᠨ ᠤ ᠦᠷ᠎ᠡ ᠪᠦᠲᠦᠭᠡᠯ ᠤᠯᠬᠤ ᠪᠠᠷ ᠴᠢᠷᠮᠠᠶᠢᠨ | ᠠᠬᠢᠭᠤᠯᠬᠤ ᠬᠡᠷᠡᠭᠲᠠᠢ ᠬᠡᠪᠡ᠃ | ᠬᠤᠷᠠᠯ ᠠᠴᠠ ︽ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠬᠤ ᠠᠵᠢᠯ ᠤᠨ ᠶᠡᠭᠡ ᠪᠠᠶᠢᠴᠠᠭᠠᠯᠲᠠ | ᠬᠢᠨᠠᠯᠲᠠ ᠶᠢᠨ ᠪᠠᠶᠢᠳᠠᠯ ᠤᠨ ᠲᠤᠬᠠᠢ ᠨᠡᠶᠢᠲᠡᠯᠡᠯ︾ ᠪᠠ ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ | ᠰᠢᠪᠲᠤᠯᠬᠤ ᠠᠵᠢᠯ ᠤᠨ ᠲᠠᠪᠤᠳᠤᠭᠠᠷ ᠬᠢᠨᠠᠨ ᠪᠠᠶᠢᠴᠠᠭᠠᠯᠲᠠ ᠲᠦᠯᠬᠢᠨ ᠠᠬᠢᠭᠤᠯᠤᠯᠲᠠ ᠶᠢᠨ ᠲᠤᠭᠤᠶᠢᠯᠠᠩ ᠤᠨ ᠮᠠᠨ | ᠤ ᠬᠤᠰᠢᠭᠤᠨ ᠳᠤ ᠤᠷᠤᠰᠢᠵᠤ ᠪᠠᠶᠢᠭ᠎ᠠ ᠠᠰᠠᠭᠤᠳᠠᠯ ᠤᠨ ᠬᠠᠷᠢᠭᠤ ᠲᠤᠰᠬᠠᠯ ᠢ ᠨᠡᠶᠢᠳᠡᠯᠡᠪᠡ᠃ |