ᠪᠦᠬᠦ ᠬᠤᠰᠢᠭᠤᠨ ᠤ ᠦᠨᠳᠦᠰᠦᠨ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ ᠶᠢᠨ ︽3 +1︾ ᠬᠠᠷᠢᠯᠴᠠᠨ ᠬᠠᠪᠰᠤᠷᠤᠯᠴᠠᠵᠤ ᠬᠠᠮᠲᠤᠪᠠᠷ ᠪᠠᠶᠢᠭᠤᠯᠬᠤ ᠠᠵᠢᠯᠯᠠᠭ᠎ᠠ ᠶᠢ ᠬᠦᠨᠵᠡᠭᠡᠶᠢᠷᠡᠬᠦᠯᠬᠦ ᠲᠠᠶᠢᠴᠢᠯᠠᠯᠲᠠ  ᠶᠢᠨ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018-05-15
    5 ᠰᠠᠷ᠎ᠠ ᠶᠢᠨ 9 ᠤ ᠡᠳᠦᠷ᠂ ᠪᠦᠬᠦ ᠬᠤᠰᠢᠭᠤᠨ ᠤ ᠦᠨᠳᠦᠰᠦᠨ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ ᠶᠢᠨ ︽3 +1︾ ᠬᠠᠷᠢᠯᠴᠠᠨ ᠬᠠᠪᠰᠤᠷᠤᠯᠴᠠᠵᠤ ᠬᠠᠮᠲᠤᠪᠠᠷ ᠪᠠᠶᠢᠭᠤᠯᠬᠤ ᠠᠵᠢᠯᠯᠠᠭ᠎ᠠ ᠶᠢ ᠬᠦᠨᠵᠡᠭᠡᠶᠢᠷᠡᠬᠦᠯᠬᠦ ᠲᠠᠶᠢᠴᠢᠯᠠᠯᠲᠠ ᠶᠢᠨ ᠶᠡᠭᠡ ᠬᠤᠷᠠᠯ ᠬᠤᠰᠢᠭᠤ ᠵᠠᠰᠠᠭ ᠵᠠᠬᠢᠷᠭᠠᠨ ᠤ ᠦᠢᠯᠡᠴᠢᠯᠡᠭᠡᠨ ᠤ ᠲᠦᠪ ᠲᠤ ᠬᠤᠷᠠᠯᠳᠤᠵᠤ᠂ ᠬᠤᠲᠠ ᠶᠢᠨ ᠤᠯᠤᠰ ᠲᠥᠷᠥ ᠶᠢᠨ ᠵᠦᠪᠯᠡᠯᠭᠡᠨ ᠤ ᠳᠡᠳ᠋ ᠲᠠᠷᠢᠭᠦᠯᠡᠭᠴᠢ ᠬᠤᠰᠢᠭᠤ ᠨᠠᠮ ᠤᠨ ᠬᠤᠷᠢᠶᠠᠨ ᠤ ᠱᠦᠵᠢ ᠵᠢᠷᠭᠠᠯᠲᠦ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠴᠢᠶᠤᠤ ᠶᠦᠨ ᠯᠢ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ᠂ ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ ᠬᠤᠤ ᠸᠧᠢ ᠵᠢᠴᠢ ᠰᠢᠶᠡᠨ ᠤ ᠳᠡᠰ ᠤᠨ ᠭᠡᠷ ᠲᠡᠭᠡᠨ ᠪᠠᠶᠢᠭ᠎ᠠ ᠤᠳᠤᠷᠢᠳᠤᠯᠭ᠎ᠠ᠂ ᠡᠯ᠎ᠡ ᠰᠤᠮᠤ ᠪᠠᠯᠭᠠᠰᠤ ᠶᠢᠨ ᠨᠠᠮ ᠤᠨ ᠬᠤᠷᠢᠶᠠᠨ ᠤ ᠱᠦᠵᠢ᠂ ᠪᠠᠯᠭᠠᠰᠤᠨ ᠳᠠᠷᠤᠭ᠎ᠠ ︵ᠰᠤᠮᠤᠨ ᠳᠠᠷᠤᠭ᠎ᠠ︶᠂ ᠳᠡᠳ᠋ ᠱᠦᠵᠢ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ᠂ ᠡᠯ᠎ᠡ ᠠᠷᠠᠳ ᠤᠨ ᠪᠦᠯᠬᠦᠮ᠂ ᠡᠯ᠎ᠡ ᠰᠢᠭᠤᠳ ᠬᠠᠷᠢᠶ᠎ᠠ ᠠᠯᠪᠠᠨ ᠪᠠᠶᠢᠭᠤᠯᠭ᠎ᠠ ᠵᠢᠴᠢ ᠬᠠᠮᠢᠶ᠎ᠠ ᠪᠦᠬᠦᠢ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠶᠢᠨ ᠭᠤᠤᠯ ᠬᠠᠷᠢᠭᠤᠴᠠᠯᠭᠠᠲᠠᠨ᠂ ᠬᠠᠷᠢᠯᠴᠠᠨ ᠬᠠᠪᠰᠤᠷᠤᠯᠴᠠᠵᠤ ᠳᠡᠳᠬᠦᠨ ᠳᠡᠮᠵᠢᠵᠤ ᠪᠠᠶᠢᠭ᠎ᠠ ᠠᠵᠤ ᠠᠬᠤᠶᠢᠯᠠᠯ ᠤᠨ ᠬᠠᠷᠢᠭᠤᠴᠠᠯᠭᠠᠲᠠᠨ᠂ ᠡᠯ᠎ᠡ ᠭᠠᠴᠠᠭ᠎ᠠ ᠲᠤᠰᠬᠤᠨ ᠤ ᠬᠠᠷᠢᠭᠤᠴᠠᠯᠭᠠᠲᠠᠨ ᠬᠤᠷᠠᠯ ᠳᠤ ᠤᠷᠤᠯᠴᠠᠪᠠ᠃
               ᠬᠤᠷᠠᠯ ᠳᠡᠭᠡᠷ᠎ᠡ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠰᠤᠷᠭᠠᠯᠲᠦ ︽ᠳᠤᠮᠳᠠᠳᠦ ᠤᠯᠤᠰ ᠤᠨ ᠡᠪ ᠬᠠᠮᠲᠦ ᠨᠠᠮ ᠤᠨ ᠦᠦᠰᠢᠨ ᠬᠤᠰᠢᠭᠤᠨ ᠤ ᠬᠤᠷᠢᠶ᠎ᠠ ᠶᠢᠨ ᠦᠨᠳᠦᠰᠦᠨ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ ᠶᠢᠨ ︽3 +1︾ ᠬᠠᠷᠢᠯᠴᠠᠨ ᠬᠠᠪᠰᠤᠷᠤᠯᠴᠠᠵᠤ ᠬᠠᠮᠲᠤᠪᠠᠷ ᠪᠠᠶᠢᠭᠤᠯᠬᠤ ᠠᠵᠢᠯᠯᠠᠭ᠎ᠠ ᠶᠢ ᠬᠦᠨᠵᠡᠭᠡᠶᠢᠷᠡᠬᠦᠯᠬᠦ ᠲᠤᠬᠠᠢ ᠮᠡᠳᠡᠭᠲᠡᠯ︾ ᠢ ᠳᠠᠮᠵᠢᠭᠤᠯᠵᠤ ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠵᠤᠬᠢᠶᠠᠨ ᠪᠠᠶᠢᠭᠤᠯᠬᠤ ᠭᠡᠯᠲᠡᠰ ᠤᠨ ᠳᠠᠷᠤᠭ᠎ᠠ ᠸᠠᠩ ᠯᠢ ᠫᠢᠩ ︽ᠳᠤᠮᠳᠠᠳᠦ ᠤᠯᠤᠰ ᠤᠨ ᠡᠪ ᠬᠠᠮᠲᠦ ᠨᠠᠮ ᠤᠨ ᠦᠦᠰᠢᠨ ᠬᠤᠰᠢᠭᠤᠨ ᠤ ᠬᠤᠷᠢᠶ᠎ᠠ᠂ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ 2017 ᠤᠨ ᠤ ᠪᠦᠬᠦ ᠬᠤᠰᠢᠭᠤᠨ ᠤ ᠭᠠᠴᠠᠭ᠎ᠠ ᠲᠤᠰᠬᠤᠨ  ᠳᠤ ᠰᠠᠭᠤᠭ᠎ᠠ ᠰᠢᠯᠢᠳᠡᠭ ᠺᠠᠳ᠋ᠷᠴᠣᠳ ᠢ ᠱᠠᠩᠨᠠᠨ ᠬᠦᠬᠢᠬᠦᠯᠬᠦ ᠲᠤᠬᠠᠢ ᠮᠡᠳᠡᠭᠲᠡᠯ︾ ᠢ ᠨᠡᠶᠢᠳᠡᠯᠡᠪᠡ᠃ ︽3 +1︾ ᠬᠠᠷᠢᠯᠴᠠᠨ ᠬᠤᠯᠪᠤᠭᠠᠯᠠᠨ ᠳᠡᠮᠵᠢᠬᠦ ᠠᠵᠤ ᠠᠬᠤᠶᠢᠯᠠᠯ ᠪᠤᠯᠤᠨ ᠭᠠᠴᠠᠭ᠎ᠠ ᠲᠤᠰᠬᠤᠨ ᠬᠠᠷᠢᠯᠴᠠᠨ ᠬᠠᠪᠰᠤᠷᠤᠯᠴᠠᠬᠤ ᠠᠵᠢᠯ ᠤᠨ ᠰᠠᠨᠠᠭᠤᠯᠣᠮᠵᠢ ᠶᠢ ᠲᠣᠭᠳᠠᠵᠤ᠂ ᠠᠵᠤ ᠠᠬᠤᠶᠢᠯᠠᠯ ᠤᠨ ᠲᠦᠯᠦᠭᠡᠯᠡᠭᠴᠢ ᠠᠴᠠ ᠤᠪᠤᠷ ᠢᠶᠠᠨ ᠢᠯᠡᠳᠬᠡᠵᠤ ᠶᠡᠷᠢᠶ᠎ᠠ ᠲᠠᠯᠪᠢᠪᠠ᠃ ᠰᠢᠶᠡᠨ ᠭᠠᠵᠠᠷ ᠤᠨ ᠳᠡᠰ ᠤᠨ ᠳᠠᠭᠠᠭᠠᠴᠢᠯᠠᠨ ᠬᠠᠷᠢᠯᠴᠠᠵᠤ ᠪᠠᠶᠢᠭ᠎ᠠ ᠤᠳᠤᠷᠢᠳᠤᠯᠭ᠎ᠠ ︽3 +1︾ ᠬᠠᠷᠢᠯᠴᠠᠨ ᠬᠤᠯᠪᠤᠭᠠᠯᠠᠨ ᠳᠡᠮᠵᠢᠬᠦ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠲᠤᠰ ᠲᠤᠰ ᠬᠤᠰᠢᠭᠤ ᠨᠠᠮ  ᠤᠨ ᠬᠤᠷᠢᠶ᠎ᠠ ᠵᠠᠰᠠᠭ ᠤᠨ ᠤᠷᠳᠤᠨ ᠤ ᠭᠤᠤᠯ ᠤᠳᠤᠷᠢᠳᠤᠯᠭ᠎ᠠ ᠳᠤ ᠬᠠᠷᠢᠯᠴᠠᠨ ᠬᠤᠯᠪᠤᠭᠠᠯᠠᠨ ᠳᠡᠮᠵᠢᠬᠦ ᠭᠠᠴᠠᠭ᠎ᠠ ᠲᠤᠰᠬᠤᠨ ᠤ ᠠᠵᠢᠯ ᠤᠨ ᠠᠮᠠᠯᠠᠯᠲᠠ ᠶᠢᠨ ᠪᠢᠴᠢᠭ ᠢ ᠲᠤᠰᠢᠶᠠᠪᠠ᠃
     ᠴᠢᠶᠤᠤ ᠶᠦᠨ ᠯᠢ ᠵᠢᠭᠠᠬᠤ ᠳᠤ ᠪᠠᠨ᠂ ᠰᠢ ᠶᠢᠨ ᠫᠢᠩ ᠶᠡᠷᠦᠩᠬᠡᠢ ᠱᠦᠵᠢ ︽ᠬᠦᠳᠡᠭᠡ ᠲᠤᠰᠬᠤᠨ ᠪᠤᠯ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠠᠶᠢᠭᠤᠯᠬᠤ ᠶᠢᠨ ᠪᠠᠭᠤᠷᠠᠢ ᠭᠤᠭᠴᠤᠭ᠎ᠠ ᠪᠠᠶᠢᠵᠤ᠂ ᠬᠠᠮᠤᠭ ᠠᠴᠠ ᠬᠦᠴᠢᠷ ᠪᠡᠷᠭᠡ ᠲᠠᠢ ᠡᠭᠦᠷᠭᠡ ᠪᠤᠯ ᠶᠠᠳᠠᠭᠤ ᠠᠴᠠ ᠠᠩᠬᠢᠵᠢᠷᠠᠭᠤᠯᠬᠤ ᠪᠤᠭᠤᠮᠲᠠ ᠰᠢᠪᠲᠤᠯᠬᠤ ᠠᠵᠢᠯ ᠪᠤᠯᠬᠤ ᠶᠤᠮ︾ ᠭᠡᠰᠡᠨ ᠪᠠᠶᠢᠨ᠎ᠠ᠃ ᠮᠠᠨ ᠤ ᠬᠤᠰᠢᠭᠤᠨ ᠤ ᠤᠳᠤᠬᠠᠨ ᠤ ᠬᠦᠭᠵᠢᠯᠲᠡ ᠶᠢᠨ ᠪᠠᠶᠢᠳᠠᠯ ᠠᠴᠠ ᠦᠵᠡᠪᠡᠯ᠂ ᠮᠠᠯᠵᠢᠬᠤ ᠲᠠᠷᠢᠶᠠᠯᠠᠬᠤ ᠤᠷᠤᠨ ᠤ ᠪᠠᠭᠤᠷᠠᠢ ᠲᠠᠯ᠎ᠠ ᠮᠠᠰᠢ ᠠᠷᠪᠢᠨ ᠪᠠᠶᠢᠵᠤ᠂ ᠶᠠᠳᠠᠭᠤ ᠠᠴᠠ ᠠᠩᠬᠢᠵᠢᠷᠠᠭᠤᠯᠬᠤ ᠡᠭᠦᠷᠭᠡ ᠬᠦᠨᠲᠦ ᠪᠠᠶᠢᠨ᠎ᠠ᠃ ᠦᠨᠳᠦᠰᠦᠨ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ ᠶᠢᠨ ︽3 +1︾ ᠬᠠᠷᠢᠯᠴᠠᠨ ᠬᠠᠪᠰᠤᠷᠤᠯᠴᠠᠵᠤ ᠬᠠᠮᠲᠤᠪᠠᠷ ᠪᠠᠶᠢᠭᠤᠯᠬᠤ ᠠᠵᠢᠯᠯᠠᠭ᠎ᠠ ᠶᠢ ᠬᠦᠨᠵᠡᠭᠡᠶᠢᠷᠡᠬᠦᠯᠬᠦ᠂ ︽ᠵᠠᠭᠤᠨ ᠠᠵᠤ ᠠᠬᠤᠶᠢᠯᠠᠯ ᠵᠠᠭᠤᠨ ᠭᠠᠴᠠᠭ᠎ᠠ ᠲᠤᠰᠬᠤᠨ ᠢ ᠳᠡᠮᠵᠢᠬᠦ︾ ᠠᠵᠢᠯᠯᠠᠭ᠎ᠠ ᠶᠢ ᠬᠦᠨᠵᠡᠭᠡᠢ ᠦᠷᠨᠢᠭᠦᠯᠵᠤ᠂ ᠡᠯ᠎ᠡ ᠲᠠᠯ᠎ᠠ ᠶᠢᠨ ᠬᠦᠴᠦᠨ ᠢ ᠳᠠᠶᠢᠴᠢᠯᠠᠨ᠂ ᠬᠥᠳᠡᠭᠡ ᠲᠣᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠣᠬᠤ ᠪᠣᠳᠣᠯᠭ᠎ᠠ ᠨᠡᠩ ᠢᠯᠠᠩᠭᠤᠶ᠎ᠠ ᠶᠠᠳᠠᠭᠤ ᠬᠦᠴᠢᠷᠲᠡᠯᠳᠡᠢ ᠬᠦᠮᠦᠰ ᠢ ᠶᠠᠳᠠᠭᠤ ᠠᠴᠠ ᠠᠩᠬᠢᠵᠢᠷᠠᠭᠤᠯᠬᠤ ᠠᠵᠢᠯ ᠳᠤ ᠣᠷᠣᠯᠴᠠᠭᠤᠯᠬᠤ ᠨᠢ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠠᠶᠢᠭᠤᠯᠬᠤ ᠠᠤᠭ᠎ᠠ ᠬᠠᠷᠠᠯᠲᠠ ᠶᠢ ᠬᠤᠭᠤᠴᠠᠭ᠎ᠠ ᠶᠤᠰᠤᠭᠠᠷ ᠪᠡᠶᠡᠯᠡᠬᠦᠯᠬᠦ ᠶᠢᠨ ᠬᠡᠷᠡᠭᠴᠡᠭᠡ ᠶᠤᠮ ᠬᠡᠪᠡ᠃      ᠴᠢᠶᠤᠤ ᠶᠦᠨ ᠯᠢ ᠵᠢᠭᠠᠬᠤ ᠳᠤ ᠪᠠᠨ᠂ 2014 ᠤᠨ ᠠᠴᠠ ᠮᠠᠨ ᠤ ᠬᠤᠰᠢᠭᠤ ᠦᠵᠡᠰᠭᠦᠯᠡᠩᠲᠦ ᠬᠦᠳᠡᠭᠡ ᠲᠤᠰᠬᠤᠨ ᠢ ᠪᠠᠶᠢᠭᠤᠯᠬᠤ ᠪᠤᠯᠤᠨ ᠤᠨᠤᠪᠴᠢᠲᠠᠢ ᠪᠠᠷ ᠶᠠᠳᠠᠭᠤ ᠠᠴᠠ ᠠᠩᠬᠢᠵᠢᠷᠠᠭᠤᠯᠬᠤ ᠠᠵᠢᠯ ᠢ ᠠᠬᠢᠭᠤᠯᠤᠭᠠᠳ ᠢᠯᠡᠷᠭᠡᠢ ᠦᠷ᠎ᠡ ᠪᠦᠲᠦᠮᠵᠢ ᠤᠯᠵᠤ ᠮᠠᠯᠵᠢᠬᠤ ᠲᠠᠷᠢᠶᠠᠯᠠᠬᠤ ᠤᠷᠤᠨ ᠤ ᠰᠠᠭᠤᠷᠢ ᠲᠦᠬᠦᠭᠡᠷᠦᠮᠵᠢ ᠶᠢᠨ ᠪᠠᠶᠢᠭᠤᠯᠤᠯᠲᠠ ᠪᠤᠯᠤᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢᠯᠡᠷᠭᠡᠢ ᠰᠠᠶᠢᠵᠢᠷᠠᠪᠠ᠃ ᠡᠭᠦᠨ ᠤ ᠬᠠᠮᠲᠦ ᠪᠦᠬᠦ ᠬᠤᠰᠢᠭᠤᠨ ᠤ ᠡᠯ᠎ᠡ ᠬᠦᠷᠢᠶ᠎ᠡ ᠴᠠᠷᠠᠭᠠᠨ ᠤ ᠠᠵᠤ ᠠᠬᠤᠶᠢᠯᠠᠯ ᠤᠨ ᠬᠦᠭᠵᠢᠯᠲᠡ ᠰᠠᠶᠢᠨ ᠬᠠᠨᠳᠤᠰᠢ  ᠲᠠᠢ ᠪᠠᠶᠢᠵᠤ ᠪᠤᠳᠠᠳᠦ ᠬᠦᠴᠦᠨ ᠴᠦ ᠳᠠᠰᠤᠷᠠᠯᠲᠠ ᠦᠭᠡᠢ ᠨᠡᠮᠡᠭᠳᠡᠭᠰᠡᠨ ᠪᠠᠶᠢᠨ᠎ᠠ᠃ ᠢᠯᠠᠩᠭᠤᠶ᠎ᠠ ᠨᠠᠮ ᠤᠨ ᠤᠯᠠᠨ ᠲᠦᠮᠡᠨᠴᠢ ᠱᠤᠭᠤᠮ ᠤᠨ ᠬᠦᠮᠦᠵᠢᠯ ᠦᠢᠯᠡᠳᠦᠯᠭᠡ ᠶᠢᠨ ᠠᠵᠢᠯᠯᠠᠭ᠎ᠠ᠂ ︽ᠭᠤᠷᠪᠠᠨ ᠴᠢᠩᠭ᠎ᠠ ᠭᠤᠷᠪᠠ ᠪᠤᠳᠠᠳᠠᠢ︾ ᠲᠤᠰᠬᠠᠢ ᠰᠡᠲᠦᠪᠲᠦ ᠬᠦᠮᠦᠵᠢᠯ᠂ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠤᠯᠬᠤ︾ ᠵᠡᠷᠭᠡ ᠶᠢᠨ ᠳᠠᠪᠲᠠᠨ ᠪᠤᠯᠪᠠᠰᠤᠷᠠᠯᠲᠠ᠂ ᠦᠵᠡᠰᠭᠦᠯᠡᠩᠲᠦ ᠬᠦᠳᠡᠭᠡ ᠲᠤᠰᠬᠤᠨ ᠤ ᠪᠠᠶᠢᠭᠤᠯᠤᠯᠲᠠ᠂ ᠤᠨᠤᠪᠴᠢᠲᠠᠢ  ᠪᠠᠷ ᠶᠠᠳᠠᠭᠤ ᠠᠴᠠ ᠠᠩᠬᠢᠵᠢᠷᠠᠭᠤᠯᠬᠤ ᠠᠵᠢᠯ ᠤᠨ ᠦᠢᠯᠡᠳᠦᠯᠭᠡ ᠪᠠᠷ ᠳᠠᠮᠵᠢᠨ ᠡᠯ᠎ᠡ ᠲᠠᠯ᠎ᠠ ᠶᠢᠨ ᠬᠦᠴᠦᠨ ᠴᠢᠲᠠᠯ ᠪᠦᠬᠦ ᠲᠠᠯ᠎ᠠ ᠪᠠᠷ ᠲᠡᠭᠡᠭᠰᠢᠯᠡᠵᠤ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠠᠶᠢᠭᠤᠯᠬᠤ ᠠᠤᠭ᠎ᠠ ᠬᠠᠷᠠᠯᠲᠠ ᠶᠢ ᠬᠤᠭᠤᠴᠠᠭ᠎ᠠ ᠶᠤᠰᠤᠭᠠᠷ ᠪᠡᠶᠡᠯᠡᠬᠦᠯᠬᠦ ᠳᠤ ᠪᠠᠲᠦ ᠪᠠᠬᠢ ᠰᠠᠭᠤᠷᠢ ᠶᠢ ᠲᠠᠯᠪᠢᠵᠠᠢ ᠬᠡᠪᠡ᠃      ᠴᠢᠶᠤᠤ ᠶᠦᠨ ᠯᠢ ᠴᠢᠬᠤᠯᠠᠴᠢᠯᠠᠬᠤ ᠳᠤ ᠪᠠᠨ᠂ ᠡᠯ᠎ᠡ ᠱᠠᠲᠤᠨ ᠤ ᠤᠳᠤᠷᠢᠳᠬᠤ ᠺᠠᠳ᠋ᠷ ᠪᠤᠯᠤᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠦᠵᠡᠯᠲᠡ ᠲᠠᠨᠢᠯᠲᠠ ᠪᠠᠨ ᠤᠯᠠᠨ ᠨᠢᠭᠡ ᠠᠯᠬᠤᠮ ᠳᠡᠭᠡᠭᠰᠢᠯᠡᠭᠦᠯᠵᠤ ᠦᠵᠡᠯ ᠰᠠᠨᠠᠭ᠎ᠠ ᠪᠤᠯᠤᠨ ᠦᠢᠯᠡ ᠠᠵᠢᠯᠯᠠᠭ᠎ᠠ ᠪᠠᠨ ᠶᠠᠳᠠᠭᠤ ᠠᠴᠠ ᠠᠩᠬᠢᠵᠢᠷᠠᠭᠤᠯᠬᠤ ᠪᠤᠭᠤᠮᠲᠠ ᠰᠢᠪᠲᠤᠯᠬᠤ ᠠᠵᠢᠯ ᠯᠤᠭ᠎ᠠ ᠤᠶᠠᠯᠳᠤᠭᠤᠯᠬᠤ ᠬᠡᠷᠡᠭᠲᠡᠢ᠃ ᠠᠵᠢᠯ ᠤᠨ ᠬᠠᠷᠠᠯᠲᠠ ᠪᠠᠨ ᠲᠤᠲᠤᠷᠬᠠᠶᠢᠯᠠᠵᠤ ᠠᠵᠢᠯ ᠤᠨ ᠡᠷᠴᠢᠮ ᠢᠶᠠᠨ ᠭᠠᠴᠠᠭ᠎ᠠ ᠲᠤᠰᠬᠤᠨ ᠤ ᠠᠵᠤ ᠦᠢᠯᠡᠰ ᠤᠨ ᠬᠦᠭᠵᠢᠯᠲᠡ᠂ ᠶᠠᠳᠠᠭᠤ ᠬᠦᠴᠢᠷᠳᠡᠯᠲᠡᠢ ᠬᠦᠮᠦᠰ ᠢ ᠶᠠᠳᠠᠭᠤ ᠠᠴᠠ ᠠᠩᠬᠢᠵᠢᠷᠠᠭᠤᠯᠬᠤ ᠵᠡᠷᠭᠡ ᠳᠡᠭᠡᠷ᠎ᠡ ᠲᠠᠯᠪᠢᠬᠤ ᠬᠡᠷᠡᠭᠲᠡᠢ᠃ ᠬᠠᠮᠲᠤᠷᠠᠯᠴᠠᠭ᠎ᠠ ᠪᠠᠨ ᠴᠢᠩᠭᠠᠳᠬᠠᠵᠤ ᠬᠠᠷᠢᠯᠴᠠᠨ ᠬᠠᠪᠰᠤᠷᠤᠯᠴᠠᠬᠤ ᠡᠯ᠎ᠡ ᠲᠠᠯ᠎ᠠ ᠶᠢᠨ ᠠᠵᠢᠯ ᠤᠨ ᠦᠷ᠎ᠡ ᠪᠦᠲᠦᠮᠵᠢ ᠶᠢ ᠲᠡᠭᠡᠭᠰᠢᠯᠡᠬᠦᠯᠬᠦ ᠬᠡᠷᠡᠭᠲᠡᠢ ᠬᠡᠪᠡ᠃      ᠴᠢᠶᠤᠤ ᠶᠦᠨ ᠯᠢ ᠱᠠᠭᠠᠷᠳᠠᠬᠤ ᠳᠤ ᠪᠠᠨ᠂ ᠡᠯ᠎ᠡ ᠱᠠᠲᠤ ᠡᠯ᠎ᠡ ᠰᠠᠯᠠᠭ᠎ᠠ ᠮᠦᠴᠢᠷ ᠪᠤᠯᠤᠨ ᠡᠯ᠎ᠡ ᠲᠤᠮᠤ ᠠᠵᠤ ᠠᠬᠤᠶᠢᠯᠠᠯ᠂ ᠭᠠᠴᠠᠭ᠎ᠠ ᠲᠤᠰᠬᠤᠨ ᠤ ᠬᠠᠷᠢᠭᠤᠴᠠᠯᠭᠠᠲᠠᠨ ᠳᠡᠭᠡᠲᠦ ᠬᠡᠮᠵᠢᠶᠡᠨ ᠤ ᠬᠠᠷᠢᠭᠤᠴᠠᠯᠭᠠᠲᠦ ᠰᠡᠳᠬᠢᠯᠭᠡ ᠪᠠᠷ ᠡᠯ᠎ᠡ ᠲᠠᠯ᠎ᠠ ᠶᠢᠨ ᠠᠵᠢᠯ ᠢᠶᠠᠨ ᠰᠠᠶᠢᠲᠤᠷ ᠦᠷᠨᠢᠭᠦᠯᠬᠦ ᠬᠡᠷᠡᠭᠲᠡᠢ᠃ ᠬᠢᠨᠠᠨ ᠪᠠᠶᠢᠴᠠᠭᠠᠵᠤ ᠰᠢᠯᠭᠠᠬᠤ ᠬᠦᠴᠦᠯᠡᠴᠡ  ᠪᠠᠨ ᠨᠡᠮᠡᠭᠳᠡᠭᠦᠯᠵᠦ ᠬᠠᠷᠢᠯᠴᠠᠨ ᠬᠠᠪᠰᠤᠷᠤᠯᠴᠠᠵᠤ ᠬᠠᠮᠲᠤᠪᠠᠷ ᠪᠠᠶᠢᠭᠤᠯᠬᠤ ᠶᠢᠨ ᠨᠡᠩ ᠶᠡᠭᠡ ᠦᠷ᠎ᠡ ᠪᠦᠲᠦᠮᠵᠢ ᠤᠯᠬᠤ ᠶᠢ ᠠᠬᠢᠭᠤᠯᠵᠤ ᠬᠤᠰᠢᠭᠤ ᠨᠠᠮ ᠤᠨ ᠬᠤᠷᠢᠶ᠎ᠠ ᠵᠠᠰᠠᠭ ᠤᠨ ᠤᠷᠳᠤᠨ ᠤ ᠠᠵᠢᠯ ᠤᠨ ᠪᠠᠶᠢᠷᠢᠯᠠᠭᠤᠯᠤᠯᠲᠠ ᠪᠤᠯᠤᠨ ᠱᠠᠭᠠᠷᠳᠠᠯᠭ᠎ᠠ ᠶᠢ ᠲᠤᠤᠱᠯᠠᠭᠤᠯᠬᠤ ᠶᠢ ᠪᠠᠲᠤᠯᠠᠬᠤ ᠬᠡᠷᠡᠭᠲᠡᠢ ᠬᠡᠪᠡ᠃      ᠵᠢᠷᠭᠠᠯᠲᠦ ᠴᠢᠬᠤᠯᠠᠴᠢᠯᠠᠬᠤ ᠳᠤ ᠪᠠᠨ᠂ ᠮᠠᠯᠵᠢᠬᠤ ᠲᠠᠷᠢᠶᠠᠯᠠᠬᠤ ᠤᠷᠤᠨ ᠪᠤᠯ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠠᠶᠢᠭᠤᠯᠬᠤ ᠶᠢᠨ ᠪᠠᠭᠤᠷᠠᠢ ᠭᠤᠭᠴᠤᠭ᠎ᠠ ᠪᠠᠶᠢᠵᠤ ︽3 +1︾ ᠬᠠᠷᠢᠯᠴᠠᠨ ᠬᠠᠪᠰᠤᠷᠤᠯᠴᠠᠵᠤ ᠬᠠᠮᠲᠤᠪᠠᠷ ᠪᠠᠶᠢᠭᠤᠯᠬᠤ ᠪᠠᠷ ᠳᠠᠮᠵᠢᠨ ᠬᠦᠴᠦᠷᠭᠡᠭᠵᠢᠭᠦᠯᠬᠦ ᠬᠡᠷᠡᠭᠲᠡᠢ ᠶᠤᠮ᠂ ᠡᠭᠦᠨ ᠳᠤ ᠭᠤᠤᠯ ᠴᠦᠮ᠎ᠡ ᠨᠢ ᠪᠤᠯ ᠮᠠᠯ ᠲᠠᠷᠢᠶᠠᠯᠠᠩ ᠤᠨ ᠦᠢᠯᠡᠰ ᠢ ᠬᠦᠭᠵᠢᠭᠦᠯᠵᠤ ᠮᠠᠯᠵᠢᠬᠤ ᠲᠠᠷᠢᠶᠠᠯᠠᠬᠤ ᠤᠷᠤᠨ ᠢ ᠭᠤᠸᠠᠵᠢᠭᠤᠯᠤᠨ ᠮᠠᠯᠴᠢᠨ ᠲᠠᠷᠢᠶᠠᠴᠢᠳ ᠢ ᠪᠠᠶᠠᠵᠢᠭᠤᠯᠬᠤ ᠤᠴᠢᠷ ᠪᠠᠶᠢᠵᠤ᠂ ᠠᠵᠤ ᠠᠬᠤᠶᠢᠯᠠᠯ ᠤᠨ ᠬᠢᠨ ᠤᠷᠤᠨ ᠨᠤᠲᠤᠭ ᠯᠤᠭ᠎ᠠ ᠬᠠᠮᠲᠤᠷᠠᠯᠴᠠᠵᠤ᠂ ᠠᠵᠤ ᠠᠬᠤᠶᠢᠯᠠᠯ ᠪᠤᠯᠤᠨ ᠠᠵᠤ ᠦᠢᠯᠡᠰ ᠢ ᠪᠦᠲᠦᠮᠵᠢᠲᠠᠢ ᠤᠶᠠᠯᠳᠤᠭᠤᠯᠬᠤ᠂ ᠪᠤᠳᠠᠰ ᠤᠨ ᠳᠡᠮᠵᠢᠯᠭᠡ ᠪᠤᠯᠤᠨ ᠤᠶᠤᠨ ᠰᠠᠨᠠᠭᠠᠨ ᠤ ᠵᠤᠷᠢᠭᠵᠢᠭᠤᠯᠤᠯ ᠢ ᠬᠠᠮᠲᠤᠪᠠᠷ ᠪᠡᠶᠡᠯᠡᠬᠦᠯᠬᠦ ᠬᠡᠷᠡᠭᠲᠡᠢ᠃ ᠬᠠᠷᠠᠴᠠ ᠪᠤᠳᠤᠯᠭ᠎ᠠ ᠪᠠᠨ ︽ᠮᠠᠯ ᠲᠠᠷᠢᠶᠠᠯᠠᠩ᠂ ᠮᠠᠯᠴᠢᠨ ᠲᠠᠷᠢᠶᠠᠴᠢᠨ︾᠂ ᠮᠠᠯᠵᠢᠬᠤ ᠲᠠᠷᠢᠶᠠᠯᠠᠬᠤ ᠤᠷᠤᠨ᠂ ᠰᠢᠨ᠎ᠡ ᠪᠠᠷ ᠮᠠᠨᠳᠤᠨ ᠬᠦᠭᠵᠢᠵᠤ ᠪᠠᠶᠢᠭ᠎ᠠ ᠠᠵᠤ ᠦᠢᠯᠡᠰ ᠵᠦᠭ ᠬᠠᠨᠳᠤᠭᠤᠯᠵᠤ᠂ ᠪᠡᠯᠡ ᠮᠦᠩᠬᠦ᠂ ᠮᠡᠷᠭᠡᠵᠢᠯ ᠪᠤᠯᠤᠨ ᠴᠢᠲᠠᠪᠤᠷᠢᠲᠠᠨ ᠢ ᠤᠷᠢᠨ ᠤᠷᠤᠭᠤᠯᠬᠤ ᠬᠦᠴᠦᠯᠡᠴᠡ ᠪᠠᠨ ᠨᠡᠮᠡᠭᠲᠡᠭᠦᠯᠤᠨ᠂ ᠤᠲᠤᠬᠢᠴᠢᠯᠠᠭᠰᠠᠨ ᠠᠵᠤ ᠦᠢᠯᠡᠰ ᠤᠨ ᠲᠤᠭᠲᠠᠯᠴᠠᠭ᠎ᠠ᠂ ᠦᠢᠯᠡᠳᠪᠦᠷᠢᠯᠡᠯ ᠤᠨ ᠲᠤᠭᠲᠠᠯᠴᠠᠭ᠎ᠠ᠂ ᠡᠵᠡᠩᠨᠡᠯᠲᠡ ᠶᠢᠨ ᠲᠤᠭᠲᠠᠯᠴᠠᠭ᠎ᠠ ᠵᠢᠴᠢ ᠲᠤᠯᠤᠭᠠᠶᠢᠯᠠᠭᠴᠢ ᠠᠵᠤ ᠠᠬᠤᠶᠢᠯᠠᠯ ᠪᠤᠯᠤᠨ ᠮᠠᠯᠴᠢᠨ ᠲᠠᠷᠢᠶᠠᠴᠢᠳ ᠤᠨ ᠠᠰᠢᠭ ᠲᠤᠰᠠ ᠶᠢᠨ ᠬᠠᠮᠲᠦ ᠶᠢᠨ ᠴᠤᠭᠴᠠ ᠶᠢ ᠪᠠᠶᠢᠭᠤᠯᠬᠤ ᠠᠬᠢᠴᠠ ᠪᠠᠨ ᠲᠦᠷᠬᠡᠳᠬᠡᠵᠤ᠂ ᠨᠢᠭᠡ ᠬᠤᠶᠠᠷ ᠭᠤᠷᠪᠠᠳᠤᠭᠠᠷ ᠠᠵᠤ ᠦᠢᠯᠡᠰ ᠤᠨ ᠵᠤᠬᠢᠴᠠᠩᠭᠤᠢ ᠬᠦᠭᠵᠢᠯᠲᠠ᠂ ᠤᠷᠤᠨ ᠨᠤᠳᠤᠭ ᠪᠤᠯᠤᠨ ᠠᠵᠤ ᠠᠬᠤᠶᠢᠯᠠᠯ ᠤᠨ ᠬᠦᠭᠵᠢᠯᠲᠡ ᠶᠢᠨ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠶᠢ ᠠᠬᠢᠭᠤᠯᠬᠤ ᠬᠡᠷᠡᠭᠲᠡᠢ ᠬᠡᠪᠡ᠃ ᠮᠠᠯᠵᠢᠬᠤ ᠲᠠᠷᠢᠶᠠᠯᠠᠬᠤ ᠤᠷᠤᠨ ᠪᠤᠯ ᠵᠠᠰᠠᠭ ᠬᠤᠳᠠᠯᠳᠤᠭ᠎ᠠ ᠶᠢᠨ ᠰᠢᠨ᠎ᠡ ᠬᠠᠷᠢᠴᠠᠭ᠎ᠠ  ᠶᠢ ᠡᠭᠦᠳᠦᠨ ᠪᠠᠶᠢᠭᠤᠯᠬᠤ ᠴᠢᠬᠤᠯᠠ ᠳᠠᠪᠴᠠᠩ ᠪᠤᠯᠬᠤ ᠶᠤᠮ᠂ ︽3 +1︾ ᠬᠠᠷᠢᠯᠴᠠᠨ ᠬᠠᠪᠰᠤᠷᠤᠯᠴᠠᠵᠤ ᠬᠠᠮᠲᠤᠪᠠᠷ ᠪᠠᠶᠢᠭᠤᠯᠬᠤ ᠠᠵᠢᠯᠯᠠᠭ᠎ᠠ ᠪᠠᠷ ᠲᠠᠮᠵᠢᠨ ᠵᠠᠰᠠᠭ ᠬᠤᠳᠠᠯᠳᠤᠭ᠎ᠠ ᠶᠢᠨ ᠰᠢᠨ᠎ᠡ ᠬᠠᠷᠢᠴᠠᠭ᠎ᠠ ᠶᠢ ᠨᠡᠩ ᠲᠤᠲᠤ ᠪᠤᠯᠭᠠᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠡᠷᠬᠡᠪᠰᠢ ᠠᠵᠤ ᠠᠬᠤᠶᠢᠯᠠᠯ ᠤᠨ  ᠬᠢᠨ ᠤ ᠠᠵᠤ ᠠᠬᠤᠢ ᠨᠡᠶᠢᠬᠡᠮ ᠤᠨ ᠬᠦᠭᠵᠢᠯᠲᠡ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠵᠡᠷᠭᠡ ᠠᠵᠢᠯᠯᠠᠭ᠎ᠠ  ᠳᠤ ᠤᠷᠤᠯᠴᠠᠬᠤ ᠳᠤ ᠳᠠᠪᠴᠠᠩ ᠬᠠᠩᠭᠠᠨ ᠦᠭᠴᠦ ᠬᠠᠮᠲᠤᠪᠠᠷ ᠮᠠᠯᠵᠢᠬᠤ ᠲᠠᠷᠢᠶᠠᠯᠠᠬᠤ ᠤᠷᠤᠨ ᠢ ᠬᠦᠭᠵᠢᠭᠦᠯᠦᠨ ᠮᠠᠨᠳᠤᠭᠤᠯᠬᠤ ᠪᠠᠷ ᠴᠢᠷᠮᠠᠶᠢᠬᠤ ᠬᠡᠷᠡᠭᠲᠡᠢ ᠬᠡᠪᠡ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号