ᠮᠠᠨ ᠤ ᠬᠤᠰᠢᠭᠤ ᠪᠦᠷᠢᠲᠤ ᠶᠢᠨ ᠡᠯᠡᠰᠦᠨ ᠴᠦᠯ ᠢ ᠶᠠᠪᠠᠭᠠᠨ ᠲᠤᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2018-05-15
    ᠤᠶᠢᠷ᠎ᠠ ᠳᠤ᠂ ᠮᠠᠨ ᠤ ᠬᠤᠰᠢᠭᠤᠨ ᠤ ︽ᠡᠯᠡᠰᠦᠨ ᠴᠦᠯ ᠢᠶᠠᠷ ᠠᠶᠠᠯᠠᠨ᠂ ᠬᠦᠰᠡᠯ ᠵᠡᠬᠦᠲᠤ ᠪᠠᠨ ᠲᠡᠷᠭᠡᠯᠰᠢᠬᠦᠯᠬᠦ︾ ᠶᠠᠪᠠᠭᠠᠨ ᠠᠶᠠᠯᠠᠬᠤ ᠠᠵᠢᠯᠯᠠᠭ᠎ᠠ ᠦᠤᠰᠢᠨᠵᠤᠤ ᠪᠠᠯᠭᠠᠰᠤᠨ ᠤ ᠪᠦᠷᠢᠲᠤ ᠶᠢᠨ ᠡᠯᠡᠰᠦᠨ ᠴᠦᠯ ᠳᠤ ᠶᠠᠪᠤᠭᠳᠠᠯ᠎ᠠ᠃
     ᠶᠠᠪᠠᠭᠠᠨ ᠠᠶᠠᠯᠠᠬᠤ ᠲᠤᠷ᠎ᠠ ᠪᠠᠭ᠋ᠠᠳᠠᠳ ᠦᠷᠯᠦᠭᠡ ᠡᠷᠳᠡ ᠥᠥᠰᠢᠨᠵᠤᠤ ᠪᠠᠯᠭᠠᠰᠤᠨ ᠳᠤ ᠴᠤᠭᠯᠠᠷᠠᠵᠤ᠂ ᠦᠤᠰᠢᠨᠵᠤᠤ ᠠᠴᠠ ᠭᠠᠯᠠᠭᠤᠲᠤ ᠬᠦᠷᠬᠦ ᠵᠠᠮ ᠤᠨ 231 ᠺᠢᠯᠤᠮᠲ᠋ᠧᠷ ᠠᠴᠠ ᠡᠬᠢᠯᠡᠨ ᠶᠠᠪᠠᠭᠠᠨ ᠠᠶᠠᠯᠠᠵᠤ᠂ ᠵᠤᠨ ᠤ ᠡᠳᠦᠷ ᠤᠨ ᠴᠡᠩᠬᠡᠭ ᠠᠭᠠᠷ ᠠᠮᠢᠰᠬᠤᠯᠯᠠᠬᠤ ᠶᠢᠨ ᠬᠠᠮᠲᠤ᠂ ᠪᠦᠷᠢᠲᠤ ᠶᠢᠨ ᠡᠯᠡᠰᠦᠨ ᠤ ᠪᠠᠶᠢᠭᠠᠯᠢ ᠶᠢᠨ ᠦᠩᠬᠡ ᠦᠵᠡᠮᠵᠢ ᠶᠢ ᠰᠤᠨᠢᠷᠬᠠᠨ᠂ ᠦᠶ᠎ᠡ ᠦᠶ᠎ᠡ ᠶᠢᠨ ᠦᠤᠰᠢᠨᠵᠤᠤ ᠶᠢᠨ ᠬᠦᠮᠦᠰ ᠤᠨ ᠡᠯᠡᠰᠦ ᠮᠠᠩᠬ᠎ᠠ ᠪᠠᠨ ᠨᠤᠭᠤᠭᠠᠷᠠᠭᠤᠯᠤᠭᠰᠠᠨ ᠬᠦᠴᠢᠷ ᠪᠡᠷᠭᠡᠰᠢᠶᠡᠯ᠂ ᠦᠷ᠎ᠡ ᠪᠦᠲᠦᠮᠵᠢ ᠶᠢ ᠰᠡᠷᠡᠵᠦ ᠤᠶᠢᠯᠠᠭᠠᠵᠤ ᠶᠠᠪᠤᠯ᠎ᠠ᠃ 2 ᠴᠠᠭ ᠭᠠᠷᠤᠢ ᠶᠢᠨ ᠶᠠᠪᠠᠭᠠᠨ ᠠᠶᠠᠯᠠᠭ᠎ᠠ ᠪᠠᠷ ᠪᠦᠷᠢᠲᠤ ᠶᠢᠨ ᠡᠯᠡᠰᠦᠨ ᠤ ᠵᠢᠭᠤᠯᠴᠢᠯᠠᠯ ᠤᠨ ᠤᠷᠤᠨ ᠤ ᠠᠷᠤ ᠶᠢᠨ ᠨᠠᠭᠤᠷ  ᠲᠤ ᠬᠦᠷᠦᠭᠰᠡᠨ ᠪᠠᠶᠢᠨ᠎ᠠ᠃      ᠶᠠᠪᠠᠭᠠᠨ ᠠᠶᠠᠯᠠᠬᠤ ᠠᠵᠢᠯᠯᠠᠭ᠎ᠠ ᠲᠠᠭᠤᠰᠤᠭᠰᠠᠨ ᠤ ᠲᠠᠷᠠᠭ᠎ᠠ᠂ ᠡᠯᠡᠰᠦᠨ ᠪᠦᠮᠪᠦᠭᠡ ᠴᠤᠬᠢᠬᠤ᠂ ᠡᠯᠡᠰᠦᠨ ᠴᠦᠯ ᠳᠤ ᠠᠯᠠᠭᠠᠲᠠᠬᠤ ᠪᠦᠮᠪᠦᠭᠡ ᠨᠠᠭᠠᠳᠬᠤ ᠵᠡᠷᠭᠡ ᠤᠳᠬ᠎ᠠ ᠠᠭᠤᠯᠭ᠎ᠠ ᠲᠠᠢ ᠬᠦᠳᠡᠯᠭᠡᠭᠡᠨ ᠦᠷᠨᠢᠬᠦᠯᠦᠭᠰᠡᠨ ᠪᠠᠶᠢᠨ᠎ᠠ᠃      ᠲᠤᠰ ᠤᠳᠠᠭᠠᠨ ᠤ ᠠᠵᠢᠯᠯᠠᠭ᠎ᠠ ᠨᠢ᠂ ︽ᠬᠠᠷᠢᠯᠴᠠᠨ ᠬᠠᠪᠰᠤᠷᠤᠯᠴᠠᠨ᠂ ᠪᠦᠯᠬᠦᠮᠳᠡᠨ ᠲᠡᠮᠡᠴᠡᠵᠦ᠂ ᠬᠦᠴᠢᠷ  ᠢ ᠲᠤᠭᠤᠯᠤᠨ᠂ ᠪᠤᠴᠠᠯᠳᠠ ᠦᠬᠡᠢ ᠤᠷᠤᠭᠰᠢᠯᠠᠬᠤ︾ ᠮᠠᠯᠵᠢᠬᠤ ᠳ᠋ᠠᠵᠠᠢ ᠶᠢᠨ ᠵᠤᠷᠢᠭ ᠰᠠᠨᠠᠭ᠎ᠠ ᠶᠢ ᠬᠦᠢᠴᠡᠳ ᠢᠯᠡᠷᠡᠬᠦᠯᠵᠦ ᠴᠢᠳᠠᠭᠰᠠᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号