ᠤᠯᠤᠰ ᠤᠨ ᠦᠨᠳᠥᠰᠥᠲᠡᠨ ᠤ ᠬᠡᠷᠡᠭ ᠡᠷᠬᠢᠯᠡᠬᠦ ᠵᠥᠪᠯᠡᠯ ᠤᠨ《 ᠡᠯᠢᠭᠡᠰᠡᠭ ᠲᠤᠳᠤᠨᠤᠰᠤᠭ ᠳᠤᠮᠳᠠᠳᠤ ᠶᠢᠨ ᠦᠨᠳᠥᠰᠥᠲᠡᠨ》ᠭᠢᠬᠦ ᠳᠤᠰᠬᠠᠢ ᠰᠡᠲᠥᠪᠳᠤ ᠡᠮᠴᠢᠯᠡᠭᠡ ᠶᠢ ᠬᠦᠳᠡᠭᠡ ᠲᠤᠰᠬᠤᠨ ᠳᠤ ᠪᠠᠭᠤᠯᠭᠠᠬᠤ ᠠᠵᠢᠯᠯᠠᠭ᠎ᠠ ᠶᠢ ᠦᠥᠰᠢᠨ  ᠬᠤᠰᠢᠭᠤᠨ ᠳᠤ ᠦᠷᠨᠢᠭᠦᠯᠥᠯ᠎ᠡ
ᠨᠡᠶᠢᠲᠡᠯᠡᠭᠰᠡᠨ ᠴᠠᠭ᠄
2018-05-15
      5 ᠰᠠᠷ᠎ᠠ ᠶᠢᠨ 14 ᠤ ᠡᠳᠤᠷ᠂ ᠤᠯᠤᠰ ᠤᠨ ᠦᠨᠳᠥᠰᠥᠲᠡᠨ ᠤ ᠬᠡᠷᠡᠭ ᠡᠷᠬᠢᠯᠡᠬᠦ ᠵᠥᠪᠯᠡᠯ ᠤᠨ《 ᠡᠯᠢᠭᠡᠰᠡᠭ  ᠲᠤᠳᠤᠨᠤᠰᠤᠭ ᠳᠤᠮᠳᠠᠳᠤ ᠶᠢᠨ ᠦᠨᠳᠥᠰᠥᠲᠡᠨ》ᠭᠢᠬᠦ ᠳᠤᠰᠬᠠᠢ ᠰᠡᠲᠥᠪᠳᠤ ᠡᠮᠴᠢᠯᠡᠭᠡ ᠶᠢ ᠬᠦᠳᠡᠭᠡ ᠲᠤᠰᠬᠤᠨ ᠳᠤ ᠪᠠᠭᠤᠯᠭᠠᠬᠤ ᠠᠵᠢᠯᠯᠠᠭ᠎ᠠ ᠶᠢ ᠦᠥᠰᠢᠨ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠳᠤ ᠶᠠᠪᠤᠭᠳᠠᠭᠤᠯᠪᠠ᠃ ᠲᠤᠰ ᠤᠳᠠᠭᠠᠨ ᠤ ᠡᠮᠴᠢᠯᠡᠭᠡᠨ ᠤ ᠠᠵᠢᠯᠯᠠᠭᠠᠨ ᠢ ᠴᠢᠩᠬᠤᠦᠸᠠ ᠶᠡᠭᠡ ᠰᠤᠷᠭᠠᠭᠤᠯᠢ ᠶᠢᠨ ᠨᠢᠭᠡᠳᠥᠭᠡᠷ ᠬᠠᠷᠢᠶᠠᠳᠤ ᠡᠮᠨᠡᠯᠭᠡ ᠶᠢᠨ ᠬᠤᠷᠢᠶᠠᠨ ᠤ 7 ᠨᠡᠷᠡᠰ ᠡᠮᠴᠢᠯᠡᠬᠡᠨ ᠤ ᠳᠤᠰᠬᠠᠢ ᠮᠡᠷᠭᠡᠵᠢᠯᠳᠡᠨ ᠮᠠᠨ ᠤ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠳᠤ 5 ᠡᠳᠤᠷ ᠤᠨ ᠡᠮᠴᠢᠯᠡᠭᠡᠨ ᠤ ᠠᠵᠢᠯᠯᠠᠭᠠᠨ ᠢ ᠦᠷᠨᠢᠭᠦᠯᠵᠤ ᠪᠠᠶᠢᠨ᠎ᠠ᠃ ᠦᠷᠭᠡᠨ ᠤᠯᠠᠨ ᠮᠠᠯᠴᠢᠨ ᠲᠠᠷᠢᠶᠠᠴᠢᠨ ᠳᠤ ᠵᠢᠷᠤᠬᠡᠨ ᠤ ᠳᠤᠳᠤᠷ᠎ᠠ ᠰᠠᠯᠠᠭ᠎ᠠ᠂ ᠬᠦᠩᠭᠡᠵᠢᠭᠦᠯᠭᠦ ᠠᠵᠢᠯ  ᠤᠨ ᠰᠠᠯᠠᠭ᠎ᠠ᠂ ᠬᠡᠤᠬᠡᠤᠨ ᠤᠨ ᠡᠮᠴᠢᠯᠡᠭᠡᠨ ᠤ ᠰᠠᠯᠠᠭ᠎ᠠ᠂ ᠰᠢᠩᠭᠡᠭᠡᠯᠲᠡ ᠶᠢᠨ ᠳᠤᠳᠤᠷ᠎ᠠ ᠰᠠᠯᠠᠭ᠎ᠠ᠂ ᠠᠮᠢᠰᠬᠤᠯ ᠤᠨ ᠳᠤᠳᠤᠷ᠎ᠠ ᠰᠠᠯᠠᠭ᠎ᠠ᠂ ᠨᠢᠳᠤᠨ ᠤ ᠰᠠᠯᠠᠭ᠎ᠠ᠂ ᠠᠷᠠᠰᠤᠨ   ᠤ ᠰᠠᠯᠠᠭ᠎ᠠ ᠵᠡᠷᠭᠡ ᠡᠮᠨᠡᠯᠭᠡ ᠠᠳᠠᠯᠢ ᠪᠤᠰᠤ ᠰᠠᠯᠠᠭ᠎ᠠ ᠪᠠᠷ ᠵᠢᠷᠤᠮ ᠤᠨ ᠡᠮᠴᠢᠯᠡᠭᠡ ᠶᠢᠨ ᠦᠢᠯᠡᠴᠢᠯᠡᠯᠭᠡ ᠬᠠᠩᠭᠠᠬᠤ ᠮᠦᠷᠲᠡᠭᠡᠨ ᠡᠷᠲᠡᠮ ᠰᠢᠨᠵᠢᠯᠡᠭᠡᠨ ᠤ ᠰᠠᠭᠤᠳᠠᠯ ᠤᠨ ᠬᠤᠷᠠᠯ ᠪᠠ ᠭᠦᠴᠢᠷ ᠲᠥᠪᠡᠭᠲᠡᠢ ᠡᠪᠡᠳᠴᠢᠨ ᠢ ᠤᠨᠤᠰᠢᠯᠠᠨ ᠡᠮᠴᠢᠯᠡᠬᠦ ᠵᠡᠷᠭᠡ ᠠᠵᠢᠯᠯᠠᠭᠠᠨ ᠢ ᠶᠠᠪᠤᠭᠳᠠᠭᠤᠯᠵᠤ ᠪᠤᠢ᠃
 
ᠢᠷᠡᠯᠲᠡ᠄ ᠳᠣᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号