ᠦᠤᠰᠢᠨ ᠬᠤᠰᠢᠭᠤᠨ ᠤ ᠮᠤᠩᠭᠤᠯ ᠦᠨᠳᠤᠰᠤᠲᠡᠨ ᠤ ᠬᠡᠤᠬᠡᠳ ᠤᠨ ᠴᠡᠴᠡᠷᠯᠢᠭ  ︽ᠴᠢᠩᠭᠢᠰ ᠬᠠᠭᠠᠨ ᠤ ᠴᠠᠭᠠᠨ ᠰᠦᠷᠦᠭ ᠤᠨ ᠶᠡᠭᠡ ᠲᠠᠶᠢᠯᠭ᠎ᠠ︾  ᠶᠢᠨ ᠦᠪ ᠰᠤᠶᠤᠯ ᠢ ᠤᠯᠠᠮᠵᠢᠯᠠᠬᠤ ᠭᠤᠤᠯ ᠰᠡᠳᠤᠪᠲᠤ ᠬᠦᠮᠦᠵᠢᠯ ᠦᠢᠯᠡᠳᠤᠯᠭᠡ ᠶᠢᠨ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2018-05-15
        ᠴᠢᠩᠬᠢᠰ ᠬᠠᠭᠠᠨ ᠤ  ᠴᠠᠭᠠᠨ ᠰᠦᠷᠦᠭ ᠤᠨ ᠶᠡᠭᠡ ᠲᠠᠶᠢᠯᠭ᠎ᠠ ᠨᠢ ᠡᠬᠡ ᠪᠠᠶᠢᠭᠠᠯᠢ ᠶᠢ ᠰᠢᠲᠤᠬᠦ ᠳᠤ ᠰᠠᠭᠤᠷᠢᠯᠠᠵᠤ᠂ ᠮᠤᠩᠭᠤᠯᠴᠤᠳ ᠤᠨ ᠲᠡᠭᠷᠢ ᠭᠠᠵᠠᠷ ᠡᠶᠡᠷᠰᠤᠨ᠂ ᠡᠬᠡ ᠪᠠᠶᠢᠭᠠᠯᠢ ᠪᠠᠨ ᠬᠠᠶᠢᠷᠠᠯᠠᠨ ᠬᠠᠮᠠᠭᠠᠯᠠᠬᠤ ᠦᠵᠡᠯ ᠤᠬᠠᠮᠰᠠᠷ ᠢ ᠬᠠᠷᠠᠭᠤᠯᠤᠨ ᠵᠢᠯ ᠪᠦᠷᠢ ᠶᠠᠪᠤᠭᠳᠠᠵᠤ᠂ ᠤᠳᠤᠮᠰᠢᠯᠲᠤ ᠰᠤᠶᠤᠯ ᠤᠨ ᠦᠪᠡᠳᠡᠭᠰᠢ ᠴᠢᠭᠤᠯᠭᠠᠨ ᠪᠤᠯᠵᠤ ᠤᠯᠠᠮᠵᠢᠯᠠᠭᠳᠠᠭᠰᠠᠭᠠᠷ ᠢᠷᠡᠵᠠᠢ᠃ ᠬᠠᠪᠤᠷ ᠤᠨ ᠤᠯᠠᠷᠢᠯ ᠤᠨ ᠴᠠᠭᠠᠨ ᠰᠦᠷᠦᠭ ᠤᠨ ᠶᠡᠭᠡ ᠲᠠᠶᠢᠯᠭ᠎ᠠ ᠪᠤᠯ ᠴᠢᠩᠬᠢᠰ ᠬᠠᠭᠠᠨ ᠤ ᠲᠦᠷᠪᠡᠨ ᠴᠠᠭ ᠤᠨ ᠬᠤᠷᠢᠮ ᠤᠨ ᠨᠢᠭᠡ ᠪᠠᠶᠢᠵᠤ᠂ ᠤᠷᠳᠤᠰ ᠲᠤᠭᠠᠯᠠᠯ ᠤᠨ ᠵᠢᠷᠭᠤᠭᠠᠨ ᠰᠠᠷ᠎ᠠ  ᠶᠢᠨ ᠠᠷᠪᠠᠨ ᠲᠤᠯᠤᠭᠠᠨ ᠠᠴᠠ ᠬᠤᠷᠢᠨ ᠲᠦᠷᠪᠡᠨ ᠤ ᠡᠳᠦᠷ ᠪᠤᠯᠲᠠᠯ᠎ᠠ ᠶᠠᠪᠤᠭᠳᠠᠳᠠᠭ᠃ ᠮᠤᠩᠭᠤᠯ ᠰᠤᠶᠤᠯ ᠤᠨ ᠮᠠᠨᠢ ᠦᠯᠦᠭᠡᠢ ᠪᠤᠯᠤᠭᠰᠠᠨ ᠦᠤᠰᠢᠨ ᠬᠤᠰᠢᠭᠤᠨ ᠤ ᠮᠤᠩᠭᠤᠯ ᠦᠨᠳᠤᠰᠤᠲᠡᠨ ᠤ ᠬᠡᠤᠬᠡᠳ ᠤᠨ ᠴᠡᠴᠡᠷᠯᠢᠭ ᠨᠢ ᠡᠨᠡᠬᠦ ᠠᠵᠠᠲᠤ ᠮᠦᠴᠡ ᠶᠢ ᠲᠤᠬᠢᠶᠠᠯᠳᠤᠭᠤᠯᠤᠨ ︽ᠴᠢᠩᠭᠢᠰ ᠬᠠᠭᠠᠨ ᠤ ᠴᠠᠭᠠᠨ ᠰᠦᠷᠦᠭ ᠤᠨ ᠶᠡᠭᠡ ᠲᠠᠶᠢᠯᠭ᠎ᠠ︾  ᠶᠢᠨ ᠦᠪ ᠰᠤᠶᠤᠯ ᠢ ᠤᠯᠠᠮᠵᠢᠯᠠᠬᠤ ᠭᠤᠤᠯ ᠰᠡᠳᠤᠪᠲᠤ ᠬᠦᠮᠦᠵᠢᠯ ᠦᠢᠯᠡᠳᠤᠯᠭᠡ ᠶᠢᠨ ᠠᠵᠢᠯᠯᠠᠭ᠎ᠠ ᠦᠷᠨᠢᠬᠦᠯᠪᠡ᠃
     ᠬᠡᠤᠬᠡᠳ ᠪᠠᠭᠠᠴᠤᠳ ᠲᠠᠭᠠᠨ ᠬᠠᠷᠠᠬᠠᠨ ᠪᠠᠭ᠎ᠠ ᠠᠴᠠ ᠨᠢ ᠮᠤᠩᠭᠤᠯ ᠦᠨᠳᠤᠰᠤᠲᠡᠨ ᠤ ᠪᠠᠨ ᠵᠠᠩ ᠰᠤᠶᠤᠯ ᠢ ᠲᠠᠨᠢᠭᠤᠯᠵᠤ᠂  ᠴᠢᠩᠬᠢᠰ ᠬᠠᠭᠠᠨ ᠤ ᠲᠠᠶᠢᠯᠭ᠎ᠠ ᠶᠢᠨ ᠲᠤᠬᠠᠢ ᠦᠯᠢᠭᠡᠷ ᠲᠡᠤᠬᠡ᠂ ᠵᠠᠩ ᠦᠢᠯᠡ ᠶᠢ ᠤᠯᠠᠮᠵᠢᠯᠠᠵᠤ᠂ ᠦᠨᠳᠤᠰᠤᠲᠡᠨ ᠢᠶᠠᠨ ᠪᠠᠭ᠋ᠠᠷᠬᠠᠨ᠂ ᠦᠨᠳᠤᠰᠤᠲᠡᠨ ᠢᠶᠠᠨ ᠬᠠᠶᠢᠷᠠᠯᠠᠬᠤ ᠵᠠᠩ ᠲᠠᠳᠬᠠᠯ ᠢ ᠬᠦᠮᠦᠵᠢᠬᠦᠯᠦᠶ᠎ᠡ ᠬᠡᠮᠡᠨ ᠰᠡᠳᠤᠵᠤ ᠬᠢᠭᠰᠡᠨ ᠡᠨᠡᠬᠦ ᠠᠵᠢᠯᠯᠠᠭ᠎ᠠ ᠨᠢ ᠴᠢᠩᠭᠢᠰ ᠬᠠᠭᠠᠨ ᠤ ᠴᠠᠭᠠᠨ ᠰᠦᠷᠦᠭ ᠤᠨ ᠶᠡᠭᠡ ᠲᠠᠶᠢᠯᠭ᠎ᠠ᠂ ᠰᠦᠯᠲᠡ  ᠶᠢᠨ ᠲᠠᠬᠢᠯᠭ᠎ᠠ ᠪᠠ ᠤᠪᠤᠭᠠᠨ ᠲᠠᠬᠢᠯᠭ᠎ᠠ ᠶᠢᠨ ᠶᠤᠰᠤ ᠵᠠᠩᠰᠢᠯ ᠢ ᠲᠠᠨᠢᠭᠤᠯᠵᠤ ᠮᠡᠳᠡᠬᠦᠯᠬᠦ ᠠᠭᠤᠯᠭ᠎ᠠ ᠪᠠᠷ ᠤᠷᠤᠭᠰᠢᠲᠠᠢ ᠰᠠᠶᠢᠬᠠᠨ ᠶᠠᠪᠤᠭᠳᠠᠵᠤ᠂ ᠶᠡᠭᠡ ᠠᠩᠬᠢ ᠶᠢᠨ ᠪᠦᠬᠦ ᠬᠡᠤᠬᠡᠳ᠂ ᠬᠡᠰᠡᠭ ᠭᠡᠷ ᠤᠨ ᠠᠬᠠᠮᠠᠳ ᠬᠢᠬᠡᠳ ᠪᠦᠬᠦ ᠪᠠᠭᠰᠢ ᠠᠵᠢᠯᠲᠠᠳ ᠭᠤᠷᠪᠠᠨ ᠵᠠᠭᠤ ᠢᠯᠡᠭᠦᠤ ᠬᠦᠮᠦᠰ ᠤᠷᠤᠯᠴᠠᠭᠰᠠᠨ ᠪᠠᠶᠢᠨ᠎ᠠ᠃  ᠲᠤᠰ ᠤᠳᠠᠭᠠᠨ ᠤ ᠠᠵᠢᠯᠯᠠᠭ᠎ᠠ ᠶᠢ ᠭᠡᠷ ᠤᠨ ᠠᠬᠠᠮᠠᠳ ᠤᠨ ᠲᠦᠯᠦᠭᠡᠯᠡᠭᠴᠢ᠂ ᠬᠤᠰᠢᠭᠤ ᠤᠯᠤᠰ ᠲᠦᠷᠦ ᠶᠢᠨ ᠵᠦᠪᠯᠡᠯᠬᠡᠨ ᠤ ᠲᠡᠳ᠋ ᠲᠡᠷᠢᠭᠦᠯᠡᠭᠴᠢ᠂ ᠤᠳᠬ᠎ᠠ ᠤᠷᠠᠯᠢᠭ ᠤᠨ ᠬᠢᠨ ᠤ ᠬᠤᠯᠪᠤᠭ᠎ᠠ ᠶᠢᠨ ᠲᠡᠷᠢᠬᠦᠯᠡᠭᠴᠢ ᠤᠶᠦᠨᠪᠢᠯᠢᠭ ᠠᠴᠠ ᠭᠦᠲᠤᠯᠵᠤ᠂ ᠭᠡᠤᠭᠡᠳ ᠪᠠᠭᠠᠴᠤᠳ ᠲᠠᠭᠠᠨ ᠰᠢᠲᠤᠯᠭᠡ ᠲᠠᠬᠢᠯᠭ᠎ᠠ ᠶᠢᠨ ᠵᠠᠩ ᠦᠢᠯᠡ ᠶᠢᠨ ᠬᠦᠮᠦᠵᠢᠯ ᠭᠢᠯ᠎ᠡ᠃
     ᠴᠢᠩᠭᠢᠰ ᠬᠠᠭᠠᠨ ᠤ ᠴᠠᠭᠠᠨ ᠰᠦᠷᠦᠭ ᠤᠨ ᠶᠡᠭᠡ ᠲᠠᠶᠢᠯᠭ᠎ᠠ᠂ ᠰᠦᠯᠲᠡ ᠶᠢᠨ ᠲᠠᠬᠢᠯᠭ᠎ᠠ ᠶᠢᠨ ᠬᠦᠮᠤᠵᠢᠯ ᠤᠨ ᠶᠤᠰᠤᠯᠠᠯ ᠲᠡᠭᠡᠷ᠎ᠡ ᠬᠦᠲᠦᠯᠦᠭᠴᠢ ᠲᠡᠷᠢᠭᠦᠯᠡᠨ ᠬᠦᠵᠢ ᠵᠤᠯᠠ ᠠᠰᠠᠭᠠᠨ᠂  ᠰᠡᠷᠵᠢᠮ ᠰᠠᠴᠤᠯᠢ ᠡᠷᠭᠦᠵᠤ᠂ ᠰᠠᠩ ᠲᠠᠯᠪᠢᠬᠤ ᠳᠤ ᠴᠡᠴᠡᠷᠯᠢᠭ ᠤᠨ ᠶᠡᠭᠡ ᠠᠩᠬᠢ ᠶᠢᠨ ᠬᠦᠤᠴᠤᠤᠯ ᠬᠢᠴᠢᠶᠠᠩᠭᠦᠶᠢᠯᠡᠨ ᠰᠠᠭᠤᠵᠤ ︽ᠡᠵᠡᠨ ᠰᠠᠩ︾ ᠤᠩᠰᠢᠨ᠂ ᠨᠠᠮᠡᠨᠴᠢᠯᠡᠨ ᠮᠦᠷᠬᠦᠵᠤ ᠶᠤᠰᠤᠯᠠᠯ ᠬᠦᠢᠴᠡᠳᠬᠡᠵᠤ ᠪᠠᠶᠢᠯ᠎ᠠ᠃ ᠤᠪᠤᠭᠠᠨ ᠲᠠᠬᠢᠯᠭ᠎ᠠ ᠶᠢᠨ ᠬᠦᠮᠦᠵᠢᠯ ᠤᠨ ᠶᠤᠰᠤᠯᠠᠯ ᠲᠡᠭᠡᠷ᠎ᠡ ᠪᠠᠭᠰᠢ ᠨᠠᠷ ᠬᠡᠤᠬᠡᠳ ᠤᠳ ᠢᠶᠠᠨ ᠲᠠᠭᠠᠭᠤᠯᠤᠨ ᠰᠠᠩ ᠲᠠᠯᠪᠢᠵᠤ᠂ ᠰᠠᠴᠤᠯᠢ ᠰᠠᠴᠤᠵᠤ᠂ ᠲᠠᠯᠠᠯᠭ᠎ᠠ ᠲᠠᠯᠠᠯᠵᠤ᠂ ᠤᠪᠤᠭᠠᠨ ᠳᠤ ᠡᠷᠭᠦᠯᠬᠡ ᠡᠷᠬᠦᠭᠰᠡᠨ ᠤ ᠲᠠᠷᠠᠭ᠎ᠠ ᠬᠡᠤᠬᠡᠳ ᠤᠳ ᠲᠡᠭᠡᠨ ᠤᠪᠤᠭᠠᠨ ᠬᠡᠰᠢᠭ ᠲᠦᠬᠡᠬᠡᠯ᠎ᠡ᠃ ᠡᠨᠡ ᠲᠠᠭᠠᠤ ᠬᠦᠲᠦᠯᠦᠭᠴᠢ ᠠᠴᠠ ᠴᠢᠩᠬᠢᠰ ᠬᠠᠭᠠᠨ ᠤ ᠴᠠᠭᠠᠨ ᠰᠦᠷᠦᠭ ᠤᠨ ᠲᠠᠶᠢᠯᠭ᠎ᠠ ᠶᠢᠨ ᠢᠷᠡᠯᠲᠡ᠂ ᠠᠭᠤᠯᠭ᠎ᠠ᠂ ᠶᠤᠰᠤ ᠵᠠᠩᠰᠢᠯ ᠪᠠ ᠤᠪᠤᠭᠠᠨ ᠲᠠᠬᠢᠯᠭ᠎ᠠ ᠶᠢᠨ ᠶᠤᠰᠤ ᠵᠠᠩᠰᠢᠯ ᠢ ᠲᠠᠨᠢᠯᠴᠠᠭᠤᠯᠵᠤ᠂ ᠬᠡᠤᠬᠡᠳ ᠤᠳ ᠢ ᠪᠤᠳᠠᠲᠠᠢ ᠦᠢᠯᠡᠳᠤᠯᠭᠡ ᠳᠤ ᠤᠷᠤᠯᠴᠠᠭᠤᠯᠬᠤ ᠪᠠᠷ ᠲᠠᠮᠵᠢᠨ ᠦᠨᠳᠤᠰᠤᠲᠡᠨ ᠤ ᠲᠠᠬᠢᠯᠭ᠎ᠠ ᠲᠠᠶᠢᠯᠭ᠎ᠠ  ᠶᠢᠨ ᠵᠠᠩ ᠦᠢᠯᠡ ᠶᠢᠨ ᠰᠤᠶᠤᠯ   ᠢ ᠤᠯᠠᠮ ᠬᠦᠨᠵᠡᠭᠡᠢ ᠦᠢᠯᠠᠭᠠᠭᠤᠯᠤᠭᠰᠠᠨ ᠪᠠᠶᠢᠨ᠎ᠠ᠃
     ︽ᠬᠦᠮᠦᠨ ᠪᠤᠯᠬᠤ ᠪᠠᠭ᠎ᠠ ᠠᠴᠠ ᠪᠠᠨ᠂ ᠬᠦᠯᠦᠭ ᠪᠤᠯᠬᠤ ᠤᠨᠠᠭᠠᠨ ᠠᠴᠠ ᠪᠠᠨ︾ ᠬᠡᠳᠡᠭᠴᠢᠯᠡᠨ᠂ ᠡᠷᠳᠡᠮ ᠨᠤᠮ ᠢ ᠬᠠᠷᠬᠠᠨ ᠪᠠᠭ᠎ᠠ ᠠᠴᠠ ᠨᠢ ᠵᠢᠭᠠᠵᠤ ᠰᠤᠷᠭᠠᠬᠤ ᠴᠢᠬᠤᠯᠠᠲᠠᠢ᠂ ᠤᠯᠠᠮᠵᠢᠯᠠᠯᠲᠤ ᠶᠤᠰᠤ ᠵᠠᠩᠰᠢᠯ ᠢ ᠨᠡᠩ ᠴᠤ ᠬᠠᠷᠬᠠᠨ ᠪᠠᠭ᠎ᠠ ᠠᠴᠠ ᠨᠢ ᠮᠡᠳᠡᠭᠦᠯᠵᠤ ᠲᠠᠨᠢᠭᠤᠯᠬᠤ ᠶᠢᠨ ᠵᠡᠷᠭᠡᠪᠡᠷ ᠦᠢᠯᠡᠳᠤᠯᠬᠡᠵᠢᠬᠦᠯᠬᠦ ᠴᠢᠬᠤᠯᠠᠲᠠᠢ᠃  ᠦᠤᠰᠢᠨ ᠬᠤᠰᠢᠭᠤᠨ ᠤ ᠮᠤᠩᠭᠤᠯ ᠦᠨᠳᠤᠰᠤᠲᠡᠨ ᠤ ᠬᠡᠤᠬᠡᠳ ᠤᠨ ᠴᠡᠴᠡᠷᠯᠢᠭ ᠨᠢ ᠡᠨᠡᠬᠦ ᠬᠡᠯᠪᠡᠷᠢ ᠶᠢᠨ ᠦᠨᠳᠤᠰᠤᠲᠡᠨ ᠤ ᠤᠨᠴᠠᠯᠢᠭ ᠲᠠᠢ ᠬᠦᠮᠦᠵᠢᠯ ᠦᠢᠯᠡᠳᠤᠯᠭᠡ ᠶᠢᠨ ᠠᠵᠢᠯᠯᠠᠭ᠎ᠠ ᠶᠢ ᠤᠯᠠᠨᠲᠠ ᠦᠷᠨᠢᠬᠦᠯᠵᠤ᠂ ᠬᠡᠤᠬᠡᠳ ᠪᠠᠭᠠᠴᠤᠳ  ᠲᠠᠭᠠᠨ ᠦᠨᠳᠤᠰᠤᠲᠡᠨ ᠤ ᠶᠤᠰᠤ ᠵᠠᠩᠰᠢᠯ ᠢ ᠬᠠᠷᠠᠬᠠᠨ ᠪᠠᠭ᠎ᠠ ᠠᠴᠠ ᠨᠢ ᠰᠤᠷᠴᠤ ᠡᠵᠡᠮᠰᠢᠬᠦ ᠠᠵᠠ ᠵᠠᠪᠰᠢᠶᠠᠨ ᠢ ᠢᠯᠡᠬᠦᠬᠡᠨ ᠬᠠᠩᠭᠠᠬᠤ ᠪᠠᠷ ᠴᠢᠮᠠᠶᠢᠭᠰᠠᠭᠠᠷ ᠪᠤᠢ᠃
 
ᠢᠷᠡᠯᠲᠡ᠄ ᠦᠤᠰᠢᠨ ᠬᠤᠰᠢᠭᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号