| | | | 5 ᠰᠠᠷ᠎ᠠ ᠶᠢᠨ 14 ᠤ ᠡᠳᠦᠷ᠂ ᠬᠤᠲᠠ ᠶᠢᠨ ᠤᠯᠤᠰ ᠲᠥᠷᠦ ᠶᠢᠨ ᠵᠦᠪᠯᠡᠯᠭᠡᠨ ᠤ ᠳᠡᠳ᠋ ᠲᠡᠷᠢᠭᠦᠯᠡᠭᠴᠢ | ᠬᠤᠰᠢᠭᠤ ᠨᠠᠮ ᠤᠨ ᠬᠤᠷᠢᠶᠠᠨ ᠤ ᠱᠦᠵᠢ ᠵᠢᠷᠭᠠᠯᠲᠦ ᠲᠤᠭ ᠪᠠᠯᠭᠠᠰᠤᠨ ᠤ ᠠᠵᠤ ᠦᠢᠯᠡᠳᠪᠦᠷᠢ ᠶᠢᠨ ᠲᠦᠷᠦᠯ | ᠵᠦᠢᠯ ᠤᠨ ᠲᠣᠭᠤᠷᠢᠭ ᠢᠶᠠᠷ ᠬᠦᠷᠴᠦ ᠥᠪᠡᠷᠳᠡᠭᠡᠨ ᠵᠠᠰᠠᠬᠤ ᠣᠷᠣᠨ ᠤ ᠰᠢᠨ᠎ᠡ ᠬᠠᠭᠤᠴᠢᠨ ᠭᠥᠳᠡᠯᠭᠡᠭᠴᠢ | ᠡᠨᠧᠷᠬᠢ ᠶᠢ ᠰᠤᠯᠢᠬᠤ ᠵᠢᠴᠢ ᠠᠵᠤ ᠦᠢᠯᠡᠰ ᠤᠨ ᠬᠦᠷᠢᠶᠡᠯᠡᠩ ᠢ ᠥᠨᠳᠦᠷ ᠴᠢᠨᠰᠠᠭ᠎ᠠ ᠲᠠᠢ ᠬᠦᠭᠵᠢᠭᠦᠯᠬᠦ ᠠᠬᠤᠢ | ᠲᠠᠯᠠᠪᠡᠢ ᠶᠢᠨ ᠬᠤᠷᠠᠯ ᠤᠨ ᠮᠠᠨ ᠤ ᠬᠤᠰᠢᠭᠤᠨ ᠤ ᠦᠵᠡᠭᠦᠯᠦᠯᠭᠡ ᠶᠢᠨ ᠴᠡᠭ ᠤᠨ ᠪᠡᠯᠡᠳᠬᠡᠯ ᠠᠵᠢᠯ ᠤᠨ ᠪᠠᠶᠢᠳᠠᠯ | ᠳᠤ ᠪᠠᠶᠢᠴᠠᠭᠠᠨ ᠰᠣᠳᠤᠯᠤᠯᠲᠠ ᠬᠢᠪᠡ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ | ᠴᠢᠶᠤᠤ ᠶᠦᠨ ᠯᠢ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠡᠷᠬᠢᠯᠡᠭᠴᠢ ᠪᠤᠶᠠᠨᠮᠠᠨᠳᠤᠬᠤ᠂ ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ ᠬᠤᠤ ᠸᠧᠢ᠂ ᠬᠤᠰᠢᠭᠤ | ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠬᠤᠰᠢᠭᠤ ᠳᠡᠳ᠋ ᠲᠠᠷᠤᠭ᠎ᠠ ᠵᠠᠩ ᡁᠢ ᠰᠢᠦ᠋ᠩ᠂ ᠬᠤᠰᠢᠭᠤ ᠨᠠᠮ | ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠤᠬᠠᠭᠤᠯᠬᠤ ᠬᠡᠯᠲᠡᠰ ᠤᠨ ᠲᠠᠷᠤᠭ᠎ᠠ ᠹᠧᠩ ᡁᠢ ᠮᠢᠩ᠂ ᠬᠤᠰᠢᠭᠤ ᠨᠠᠮ | ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠵᠤᠤ ᠶᠦᠩ | ᠹᠧᠩ᠂ ᠰᠣᠪᠣᠷᠭ᠎ᠠ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ | ᠼᠤᠤ ᠶᠢᠨ ᠱᠠᠨ ᠵᠢᠴᠢ ᠵᠠᠰᠠᠭ ᠤᠨ ᠣᠷᠳᠣᠨ ᠤ ᠠᠯᠪᠠᠨ ᠭᠡᠷ ᠵᠡᠷᠭᠡ ᠰᠠᠯᠠᠭ᠎ᠠ ᠮᠦᠴᠢᠷ ᠪᠣᠯᠣᠨ ᠲᠤᠭ | ᠪᠠᠯᠭᠠᠰᠤᠨ ᠤ ᠬᠠᠷᠢᠭᠤᠴᠠᠯᠭᠠᠲᠠᠨ ᠪᠠᠷᠠᠳᠠᠨ ᠪᠠᠶᠢᠴᠠᠭᠠᠪᠠ᠃ | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠵᠠᠮ ᠳᠠᠭᠠᠤ ᠣᠷᠣᠨ ᠤ ᠣᠷᠴᠢᠨ ᠲᠣᠭᠤᠷᠢᠨ ᠤ | ᠴᠡᠭᠴᠡᠯᠡᠯᠲᠡ ᠶᠢᠨ ᠪᠠᠶᠢᠳᠠᠯ ᠢ ᠪᠠᠶᠢᠴᠠᠭᠠᠬᠤ ᠶᠢᠨ ᠳᠠᠭᠠᠤ ᠵᠦᠩ ᠲᠢᠶᠡᠨ ᠾᠧ ᠴᠣᠸᠠᠩ ᠺᠤᠮᠫᠠᠨᠢ ᠶᠢᠨ ᠨᠡᠭᠦᠷᠡᠰᠦ ᠶᠢ | ᠨᠠᠷᠢᠯᠢᠭ ᠪᠤᠯᠪᠠᠰᠤᠷᠠᠭᠤᠯᠬᠤ ᠵᠢᠱᠢᠶ᠎ᠡ ᠦᠵᠡᠬᠦᠯᠬᠦ ᠲᠦᠷᠦᠯ ᠵᠦᠢᠯ᠂ ᠵᠦᠩ ᠮᠧᠢ ᠪᠦᠯᠦᠭᠯᠡᠯ ᠤᠨ ᠣᠷᠳᠣᠰ ᠡᠨᠧᠷᠬᠢ | ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠤᠮᠫᠠᠨᠢ ᠶᠢᠨ 200 ᠲᠦᠮᠡᠨ ᠲᠤᠨ ᠤ ᠨᠡᠶᠢᠯᠡᠮᠡᠯ ᠰᠢᠪᠲᠣᠷ ᠤᠨ | 350 ᠲᠦᠮᠡᠨ ᠲᠤᠨ ᠤ ᠰᠢᠭᠡᠰᠦᠯᠢᠭ ᠡᠳ᠋ ᠤᠨ ᠲᠦᠷᠦᠯ ᠵᠦᠢᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ | ᠠᠬᠤᠢ ᠲᠠᠯᠠᠪᠠᠢ ᠳᠤ ᠪᠠᠶᠢᠴᠠᠭᠠᠨ ᠦᠵᠡᠭᠰᠡᠨ ᠪᠠᠶᠢᠨ᠎ᠠ᠃ | | | | | | | | | | ᠰᠤᠮᠤ ᠪᠠᠯᠭᠠᠰᠤ᠂ ᠲᠦᠷᠦᠯ ᠵᠦᠢᠯ ᠤᠨ ᠲᠣᠭᠤᠷᠢᠭ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠬᠠᠮᠢᠶ᠎ᠠ | ᠪᠦᠬᠦᠢ ᠬᠠᠷᠢᠭᠤ ᠮᠡᠳᠡᠭᠦᠯᠦᠯᠲᠡ ᠶᠢ ᠰᠣᠨᠤᠰᠤᠭᠰᠠᠨ ᠤ ᠳᠠᠷᠠᠭ᠎ᠠ ᠵᠢᠷᠭᠠᠯᠲᠦ ᠵᠢᠭᠠᠵᠤ ᠭᠠᠷᠭᠠᠬᠤ ᠳᠤ ᠪᠠᠨ | ᠥᠪᠡᠷᠳᠡᠭᠡᠨ ᠵᠠᠰᠠᠬᠤ ᠣᠷᠣᠨ ᠤ ᠰᠢᠨ᠎ᠡ ᠬᠠᠭᠤᠴᠢᠨ ᠭᠥᠳᠡᠯᠭᠡᠭᠴᠢ ᠡᠨᠧᠷᠬᠢ ᠶᠢ ᠰᠤᠯᠢᠬᠤ ᠵᠢᠴᠢ ᠠᠵᠤ ᠦᠢᠯᠡᠰ ᠤᠨ | ᠬᠦᠷᠢᠶᠡᠯᠡᠩ ᠢ ᠥᠨᠳᠦᠷ ᠴᠢᠨᠰᠠᠭ᠎ᠠ ᠲᠠᠢ ᠬᠦᠭᠵᠢᠭᠦᠯᠬᠦ ᠠᠬᠤᠢ ᠲᠠᠯᠠᠪᠡᠢ ᠶᠢᠨ ᠬᠤᠷᠠᠯ ᠪᠣᠯ ᠣᠳᠣᠬᠠᠨ ᠤ ᠪᠦᠬᠦ | ᠣᠷᠣᠨ ᠢᠶᠠᠷ ᠢᠶᠠᠨ ᠰᠢ ᠶᠢᠨ ᠫᠢᠩ ᠶᠡᠷᠦᠩᠬᠡᠢ ᠱᠦᠵᠢ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ | ᠤᠯᠤᠰ ᠤᠨ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠨᠢᠭᠡᠳᠦᠭᠡᠷ ᠣᠳᠠᠭᠠᠨ ᠤ ᠬᠤᠷᠠᠯᠳᠤᠭᠠᠨ ᠤ | ᠥᠪᠦᠷ ᠮᠣᠩᠭᠤᠯ ᠤᠨ ᠲᠥᠯᠦᠭᠡᠯᠡᠭᠴᠢᠳ ᠤᠨ ᠪᠦᠯᠬᠦᠮ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠲᠣᠣᠱᠯᠠᠭᠤᠯᠣᠨ ᠨᠠᠶᠢᠲᠠᠪᠦᠷᠢᠵᠢᠭᠤᠯᠬᠤ ᠬᠤᠭᠤᠴᠠᠭᠠᠨ ᠳᠤ ᠬᠤᠷᠠᠯᠳᠤᠭᠤᠯᠬᠤ ᠨᠢᠭᠡᠨ ᠤᠳᠠᠭᠠᠨ ᠤ | ᠴᠢᠬᠤᠯᠠ ᠬᠤᠷᠠᠯ ᠪᠣᠯᠤᠨ᠎ᠠ᠃ ᠡᠯ᠎ᠡ ᠰᠤᠮᠤ ᠪᠠᠯᠭᠠᠰᠤ ᠪᠤᠯᠤᠨ ᠲᠦᠷᠦᠯ ᠵᠦᠢᠯ ᠤᠨ ᠲᠣᠭᠤᠷᠢᠭ᠂ ᠠᠵᠤ ᠠᠬᠤᠶᠢᠯᠠᠯ | ᠦᠵᠡᠯ ᠰᠠᠨᠠᠭᠠᠨ ᠳᠡᠭᠡᠷ᠎ᠡ ᠪᠠᠨ ᠳᠡᠭᠡᠲᠦ ᠬᠡᠮᠵᠢᠶ᠎ᠡ ᠪᠠᠷ ᠴᠢᠬᠤᠯᠠᠴᠢᠯᠠᠵᠤ ᠠᠬᠤᠢ ᠲᠠᠯᠠᠪᠠᠢ ᠶᠢᠨ ᠬᠤᠷᠠᠯ ᠤᠨ ᠪᠡᠯᠡᠳᠬᠡᠯ | ᠠᠵᠢᠯ ᠢ ᠰᠠᠶᠢᠲᠤᠷ ᠬᠢᠬᠦ ᠶᠢ ᠨᠢᠭᠡ ᠲᠦᠷᠦᠯ ᠤᠨ ᠤᠯᠤᠰ ᠲᠥᠷᠦ ᠶᠢᠨ ᠡᠭᠦᠷᠭᠡ ᠪᠣᠯᠭᠠᠨ ᠨᠢᠭᠡᠳᠦᠯᠲᠡᠢ ᠲᠥᠯᠥᠪᠯᠡᠵᠦ | ᠨᠢᠮᠪᠡᠢ ᠵᠣᠬᠢᠶᠠᠨ ᠪᠠᠶᠢᠭᠤᠯᠣᠨ᠂ ᠲᠣᠭᠤᠷᠢᠨ ᠦᠵᠡᠬᠦ ᠵᠠᠮ ᠱᠤᠭᠤᠮ᠂ ᠭᠤᠣᠯ ᠰᠡᠲᠦᠪ᠂ ᠠᠮᠦᠷ ᠲᠦᠪᠰᠢᠨ ᠤ | ᠪᠠᠲᠤᠯᠠᠭ᠎ᠠ ᠵᠡᠷᠭᠡ ᠡᠯ᠎ᠡ ᠲᠦᠷᠦᠯ ᠤᠨ ᠠᠵᠢᠯ ᠢ ᠨᠠᠷᠢᠨ ᠬᠢᠨᠠᠮᠠᠭᠠᠢ ᠲᠥᠯᠥᠪᠯᠡᠵᠦ᠂ ᠵᠠᠮ ᠳᠠᠭᠠᠤ ᠣᠷᠣᠨ ᠤ | ᠣᠬᠠᠭᠤᠯᠭ᠎ᠠ ᠶᠢᠨ ᠣᠷᠴᠢᠨ ᠠᠬᠤᠢ ᠶᠢ ᠪᠦᠷᠢᠯᠳᠦᠬᠦᠯᠬᠦ ᠪᠠ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ | ᠰᠠᠶᠢᠵᠢᠷᠠᠭᠤᠯᠬᠤ ᠵᠡᠷᠭᠡ ᠪᠡᠯᠡᠳᠭᠡᠯ ᠠᠵᠢᠯ ᠢ ᠯᠠᠪᠳᠠᠭᠤᠨ ᠪᠠᠲᠤᠲᠠᠢ ᠬᠢᠵᠦ᠂ ᠭᠤᠶᠤ ᠰᠠᠶᠢᠬᠠᠨ ᠳᠦᠷᠢ ᠪᠠᠶᠢᠳᠠᠯ ᠪᠠᠷ | ᠪᠦᠬᠦ ᠣᠷᠣᠨ ᠤ ᠰᠢᠨ᠎ᠡ ᠬᠠᠭᠤᠴᠢᠨ ᠭᠥᠳᠡᠯᠭᠡᠭᠴᠢ ᠡᠨᠧᠷᠬᠢ ᠶᠢ ᠰᠤᠯᠢᠬᠤ ᠵᠢᠴᠢ ᠠᠵᠤ ᠦᠢᠯᠡᠰ ᠤᠨ ᠬᠦᠷᠢᠶᠡᠯᠡᠩ ᠢ | ᠥᠨᠳᠦᠷ ᠴᠢᠨᠰᠠᠭ᠎ᠠ ᠲᠠᠢ ᠬᠦᠭᠵᠢᠭᠦᠯᠬᠦ ᠠᠬᠤᠢ ᠲᠠᠯᠠᠪᠡᠢ ᠶᠢᠨ ᠬᠤᠷᠠᠯ ᠶᠢᠨ ᠠᠮᠵᠢᠯᠲᠠ ᠲᠠᠢ ᠬᠤᠷᠠᠯᠳᠤᠬᠤ ᠶᠢ | ᠤᠭᠳᠤᠬᠤ ᠬᠡᠷᠡᠭᠲᠡᠢ ᠭᠡᠪᠡ᠃ | |