5 ᠰᠠᠷ᠎ᠠ ᠶᠢᠨ 9 ᠤ ᠡᠳᠤᠷ᠂ ᠪᠥᠭᠦ ᠬᠤᠰᠢᠭᠤᠨ ᠤ ᠭᠠᠴᠠᠭ᠎ᠠ ᠲᠤᠰᠬᠤᠨ ᠨᠠᠶᠢᠭᠡᠮ ᠲᠤᠭᠤᠷᠢᠭ ᠤᠨ ︽ | ᠬᠤᠶᠠᠷ ᠵᠥᠪᠯᠠᠯ︾ ᠤᠨ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠳᠠ | ᠶᠢᠨ ᠪᠤᠯᠪᠠᠰᠤᠷᠠᠯ ᠤᠨ ᠬᠤᠷᠠᠯ ᠬᠤᠷᠠᠯᠳᠤᠭᠰᠠᠨ ᠪᠠᠶᠢᠨ᠎ᠠ᠃ | ᠬᠤᠳᠠ ᠶᠢᠨ ᠭᠠᠴᠠᠭ᠎ᠠ ᠲᠤᠰᠬᠤᠨ ᠨᠠᠶᠢᠭᠡᠮ ᠲᠤᠭᠤᠷᠢᠭ ᠤᠨ ︽ᠬᠤᠶᠠᠷ ᠵᠥᠪᠯᠠᠯ︾ ᠤᠨ ᠬᠤᠭᠤᠴᠠᠭ᠎ᠠ | ᠰᠤᠯᠢᠬᠤ ᠰᠤᠩᠭᠤᠭᠤᠯᠢ ᠶᠢᠨ ᠠᠵᠢᠯ ᠤᠨ ᠲᠠᠪᠤᠳᠤᠭᠠᠷ ᠭᠢᠨᠠᠨ ᠵᠢᠯᠤᠭᠤᠳᠬᠤ ᠲᠤᠭᠤᠶᠢᠯᠠᠩ ᠤᠨ ᠪᠠᠶᠢᠩᠭᠤ ᠶᠢᠨ | ᠲᠡᠳ᠋ ᠲᠤᠭᠤᠶᠢᠯᠠᠩ ᠤᠨ ᠲᠠᠷᠤᠭ᠎ᠠ᠂ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ | ᠶᠢᠨ ᠬᠤᠷᠢᠶᠠᠨ ᠤ ᠮᠠᠯ ᠲᠠᠷᠢᠶᠠᠯᠠᠩ ᠤᠨ ᠠᠵᠢᠯ ᠤᠨ ᠵᠥᠪᠯᠠᠯ ᠤᠨ ᠲᠡᠳ᠋ ᠡᠷᠭᠢᠯᠡᠭᠴᠢ ᠰᠥᠩ ᠮᠢᠩ ᠡᠤ ᠪᠤᠯᠤᠨ | ᠪᠥᠷᠢᠯᠳᠤᠭᠦᠨ ᠮᠢᠶᠤᠤ ᠴᠢᠩ ᠸᠠᠩ᠂ ᠯᠢ ᠰᠢᠨ ᠬᠤᠷᠠᠯ ᠳᠤ ᠵᠢᠭᠠᠨ ᠵᠢᠯᠤᠭᠤᠳᠤᠯᠭ᠎ᠠ ᠭᠢᠭᠰᠡᠨ ᠪᠠᠶᠢᠨ᠎ᠠ᠃ ᠬᠤᠳᠠ | ᠶᠢᠨ ᠤᠯᠤᠰ ᠲᠥᠷᠥ ᠶᠢᠨ ᠵᠦᠪᠯᠡᠯᠭᠡᠨ ᠤ ᠲᠡᠳ᠋ ᠲᠡᠷᠢᠭᠦᠯᠡᠭᠴᠢ᠂ ᠬᠤᠰᠢᠭᠤ ᠭᠠᠴᠠᠭ᠎ᠠ ᠲᠤᠰᠬᠤᠨ ᠨᠠᠶᠢᠭᠡᠮ | ᠲᠤᠭᠤᠷᠢᠭ ᠤᠨ ︽ᠬᠤᠶᠠᠷ ᠵᠥᠪᠯᠠᠯ︾ ᠤᠨ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠤᠨ ᠤᠳᠤᠷᠢᠳᠬᠤ | ᠪᠠᠭ᠎ᠠ ᠲᠤᠭᠤᠶᠢᠯᠠᠩ ᠤᠨ ᠲᠠᠷᠤᠭ᠎ᠠ᠂ ᠬᠤᠰᠢᠭᠤ ᠨᠠᠮ ᠤᠨ ᠬᠤᠷᠢᠶᠠᠨ ᠤ ᠱᠥᠵᠢ ᠵᠢᠷᠭᠠᠯᠳᠤ᠂ ᠬᠤᠰᠢᠭᠤ ᠨᠠᠮ ᠤᠨ | ᠬᠤᠷᠢᠶᠠᠨ ᠤ ᠲᠡᠳ᠋ ᠱᠥᠵᠢ᠂ ᠬᠤᠰᠢᠭᠤ ᠲᠠᠷᠤᠭ᠎ᠠ ᠴᠢᠶᠤᠤ ᠶᠥᠨ ᠯᠢ᠂ ᠬᠤᠰᠢᠭᠤ ᠠᠷᠠᠳ ᠤᠨ ᠲᠥᠯᠥᠭᠡᠯᠡᠭᠴᠢᠳ | ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ ᠪᠤᠶᠠᠠᠮᠠᠠᠳᠤᠬᠤ᠂ ᠬᠤᠰᠢᠭᠤ ᠤᠯᠤᠰ ᠲᠥᠷᠥ ᠶᠢᠨ | ᠵᠦᠪᠯᠡᠯᠭᠡᠨ ᠤ ᠲᠡᠷᠢᠭᠦᠯᠡᠭᠴᠢ ᠬᠤᠤ ᠸᠧᠢ ᠪᠤᠯᠤᠨ ᠪᠤᠰᠤᠳ ᠰᠢᠶᠠᠨ ᠤ ᠲᠠᠰ ᠤᠨ ᠤᠳᠤᠷᠢᠳᠤᠯᠭ᠎ᠠ ᠵᠢᠴᠢ ᠬᠤᠰᠢᠭᠤ | ᠭᠠᠴᠠᠭ᠎ᠠ ᠲᠤᠰᠬᠤᠨ ᠨᠠᠶᠢᠭᠡᠮ ᠲᠤᠭᠤᠷᠢᠭ ᠤᠨ ︽ᠬᠤᠶᠠᠷ ᠵᠥᠪᠯᠠᠯ︾ ᠤᠨ ᠬᠤᠭᠤᠴᠠᠭ᠎ᠠ ᠰᠤᠯᠢᠬᠤ ᠰᠤᠩᠭᠤᠭᠤᠯᠢ | ᠶᠢᠨ ᠠᠵᠢᠯ ᠤᠨ ᠤᠳᠤᠷᠢᠳᠬᠤ ᠪᠠᠭ᠎ᠠ ᠲᠤᠭᠤᠶᠢᠯᠠᠩ ᠤᠨ ᠬᠢᠨ ᠪᠠ ᠠᠯᠪᠠᠨ ᠭᠡᠷ ᠤᠨ ᠪᠥᠭᠦ ᠠᠵᠢᠯᠳᠠᠨ᠂ ᠭᠠᠴᠠᠭ᠎ᠠ | ᠲᠤᠰᠬᠤᠨ ᠨᠠᠶᠢᠭᠡᠮ ᠲᠤᠭᠤᠷᠢᠭ ᠤᠨ ︽ᠬᠤᠶᠠᠷ ᠵᠥᠪᠯᠠᠯ︾ ᠤᠨ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ | ᠤᠨ ᠵᠢᠭᠠᠨ ᠵᠢᠯᠤᠭᠤᠳᠬᠤ ᠲᠤᠭᠤᠶᠢᠯᠠᠩ ᠤᠨ ᠬᠢᠨ ᠪᠠ ᠱᠠᠭᠠᠷᠳᠠᠨ ᠪᠠᠶᠢᠴᠠᠭᠠᠬᠤ ᠲᠤᠭᠤᠶᠢᠯᠠᠩ ᠤᠨ ᠪᠥᠭᠦ ᠠᠵᠢᠯᠳᠠᠨ | ᠂ ᠬᠤᠰᠢᠭᠤ ᠰᠢᠭᠤᠳ ᠬᠠᠷᠢᠶ᠎ᠠ ᠡᠯ᠎ᠠ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠳᠠᠨ᠂ ᠡᠯ᠎ᠠ ᠰᠤᠮᠤ ᠪᠠᠯᠭᠠᠰᠤᠨ | ᠤ ᠨᠠᠮ ᠤᠨ ᠬᠤᠷᠢᠶᠠᠨ ᠤ ᠱᠥᠵᠢ᠂ ᠰᠤᠮᠤ ᠪᠠᠯᠭᠠᠰᠤᠨ ᠤ ᠲᠠᠷᠤᠭ᠎ᠠ᠂ ᠨᠠᠮ ᠤᠨ ᠬᠤᠷᠢᠶᠠᠨ ᠤ ᠲᠡᠳ᠋ ᠱᠥᠵᠢ᠂ | ᠠᠷᠠᠳ ᠤᠨ ᠶᠠᠪᠤᠳᠠᠯ ᠤᠨ ᠠᠵᠢᠯ ᠤᠨ ᠬᠤᠪᠢᠶᠠᠷᠢᠯᠠᠨ ᠬᠠᠷᠢᠭᠤᠴᠠᠬᠤ ᠪᠠᠶᠢᠭ᠎ᠠ ᠤᠳᠤᠷᠢᠳᠤᠯᠭ᠎ᠠ᠂ ᠵᠤᠭᠢᠶᠠᠨ | ᠪᠠᠶᠢᠭᠤᠯᠤᠯᠳᠠ ᠶᠢᠨ ᠺᠠᠳ᠋ᠷ ᠠᠵᠢᠯᠳᠠᠨ᠂ ᠡᠯ᠎ᠠ ᠭᠠᠴᠠᠭ᠎ᠠ ᠲᠤᠰᠬᠤᠨ ᠨᠠᠶᠢᠭᠡᠮ ᠲᠤᠭᠤᠷᠢᠭ ᠤᠨ ᠬᠠᠷᠢᠭᠤᠴᠠᠯᠭᠠᠲᠠᠨ | ᠬᠤᠷᠠᠯ ᠳᠤ ᠤᠷᠤᠯᠴᠠᠪᠠ᠃ | ᠬᠤᠷᠠᠯ ᠲᠡᠭᠡᠷ᠎ᠡ ᠵᠢᠷᠭᠠᠯᠳᠤ ᠵᠢᠭᠠᠵᠤ ᠭᠠᠷᠭᠠᠬᠤ ᠳᠤ ᠪᠠᠨ᠂ ᠤᠯᠤᠰ ᠲᠥᠷᠥ ᠶᠢᠨ ᠵᠤᠭᠰᠤᠴᠠ ᠪᠠᠨ | ᠳᠡᠭᠡᠭᠰᠢᠯᠡᠭᠦᠯᠵᠤ᠂ ᠭᠠᠴᠠᠭ᠎ᠠ ᠲᠤᠰᠬᠤᠨ ᠨᠠᠶᠢᠭᠡᠮ ᠲᠤᠭᠤᠷᠢᠭ ᠤᠨ ︽ᠬᠤᠶᠠᠷ ᠵᠥᠪᠯᠠᠯ︾ ᠤᠨ ᠬᠤᠭᠤᠴᠠᠭ᠎ᠠ | ᠰᠤᠯᠢᠬᠤ ᠰᠤᠩᠭᠤᠭᠤᠯᠢ ᠶᠢᠨ ᠠᠵᠢᠯ ᠤᠨ ᠴᠢᠬᠤᠯᠠ ᠠᠴᠢ ᠬᠤᠯᠪᠤᠭᠳᠠᠯ ᠢ ᠭᠥᠢᠴᠡᠳ ᠲᠠᠨᠢᠬᠤ ᠭᠡᠷᠡᠭᠳᠠᠢ᠃ | ᠭᠠᠴᠠᠭ᠎ᠠ ᠲᠤᠰᠬᠤᠨ ᠨᠠᠶᠢᠭᠡᠮ ᠲᠤᠭᠤᠷᠢᠭ ᠤᠨ ︽ᠬᠤᠶᠠᠷ ᠵᠥᠪᠯᠠᠯ︾ ᠤᠨ ᠬᠤᠭᠤᠴᠠᠭ᠎ᠠ ᠰᠤᠯᠢᠬᠤ ᠰᠤᠩᠭᠤᠭᠤᠯᠢ | ᠶᠢᠨ ᠠᠵᠢᠯ ᠢ ᠰᠠᠶᠢᠨ ᠭᠢᠭᠦ ᠪᠤᠯ ᠨᠠᠮ ᠢ ᠪᠥᠭᠦ ᠲᠠᠯ᠎ᠠ ᠪᠠᠷ ᠴᠢᠩᠭ᠎ᠠ ᠵᠠᠰᠠᠬᠤ ᠶᠢ ᠥᠨᠳᠤᠰᠤᠨ ᠱᠠᠳᠤᠨ ᠳᠤ | ᠭᠥᠨᠵᠡᠭᠡᠶᠢᠷᠠᠭᠦᠯᠭᠦ ᠴᠢᠬᠤᠯᠠ ᠪᠠᠲᠤᠯᠠᠭ᠎ᠠ᠂ ᠶᠠᠳᠠᠭᠤ ᠠᠴᠠ ᠠᠩᠭᠢᠵᠢᠷᠠᠭᠤᠯᠤᠨ ᠪᠤᠭᠤᠮᠳᠠ ᠰᠢᠪᠳᠤᠯᠬᠤ | ᠲᠠᠶᠢᠯᠠᠯᠳᠤᠭᠠᠨ ᠢ ᠢᠯᠠᠬᠤ᠂ ᠭᠥᠳᠡᠭᠡ ᠲᠤᠰᠬᠤᠨ ᠢ ᠭᠥᠭᠵᠢᠭᠦᠯᠤᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ | ᠭᠡᠷᠡᠭᠵᠢᠭᠦᠯᠭᠦ ᠶᠢᠨ ᠲᠤᠯᠭᠠᠮ᠎ᠠ ᠱᠠᠭᠠᠷᠳᠠᠯᠭ᠎ᠠ ᠪᠤᠯᠬᠤ ᠶᠢ ᠲᠠᠨᠢᠬᠤ ᠭᠡᠷᠡᠭᠳᠠᠢ ᠭᠡᠵᠡᠢ᠃ | ᠵᠢᠷᠭᠠᠯᠳᠤ ᠴᠢᠬᠤᠯᠠᠴᠢᠯᠠᠬᠤ ᠳᠤ ᠪᠠᠨ᠂ ᠴᠢᠩᠭ᠎ᠠ ᠪᠠᠷᠢᠮᠵᠢᠶ᠎ᠠ ᠱᠠᠭᠠᠷᠳᠠᠯᠭ᠎ᠠ ᠪᠠᠷ᠂ ᠭᠠᠴᠠᠭ᠎ᠠ ᠲᠤᠰᠬᠤᠨ | ᠨᠠᠶᠢᠭᠡᠮ ᠲᠤᠭᠤᠷᠢᠭ ᠤᠨ ︽ᠬᠤᠶᠠᠷ ᠵᠥᠪᠯᠠᠯ︾ ᠤᠨ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠤᠨ ᠡᠯ᠎ᠠ | ᠲᠥᠷᠥᠯ ᠤᠨ ᠠᠵᠢᠯ ᠢ ᠪᠥᠭᠦ ᠲᠠᠯ᠎ᠠ ᠪᠠᠷ ᠨᠠᠷᠢᠯᠢᠭ ᠰᠠᠶᠢᠨ ᠭᠢᠭᠦ ᠭᠡᠷᠡᠭᠳᠠᠢ᠃ ᠨᠠᠮ ᠤᠨ ᠤᠳᠤᠷᠢᠳᠤᠯᠭ᠎ᠠ ᠶᠢ | ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠤᠨ ᠪᠥᠭᠦ ᠶᠠᠪᠤᠴᠠ ᠳᠤ ᠲᠤᠤᠱᠯᠠᠭᠤᠯᠵᠤ᠂ ᠬᠤᠰᠢᠭᠤ | ᠬᠤᠭᠤᠴᠠᠭ᠎ᠠ ᠰᠤᠯᠢᠬᠤ ᠠᠵᠢᠯ ᠤᠨ ᠤᠳᠤᠷᠢᠳᠬᠤ ᠪᠠᠭ᠎ᠠ ᠲᠤᠭᠤᠶᠢᠯᠠᠩ ᠬᠤᠭᠤᠴᠠᠭ᠎ᠠ ᠰᠤᠯᠢᠬᠤ ᠠᠵᠢᠯ ᠳᠠᠬᠢ | ᠨᠢᠭᠡᠳᠤᠯᠳᠠᠢ ᠤᠳᠤᠷᠢᠳᠤᠯᠭ᠎ᠠ ᠶᠢ ᠴᠢᠩᠭᠠᠳᠬᠠᠨ᠂ ᠰᠤᠮᠤ ᠪᠠᠯᠭᠠᠰᠤᠨ ᠤ ᠨᠠᠮ ᠤᠨ ᠬᠤᠷᠢᠶ᠎ᠠ ᠵᠢᠭᠠᠨ ᠵᠢᠯᠤᠭᠤᠳᠤᠯᠭ᠎ᠠ | ᠭᠢᠵᠤ᠂ ᠵᠤᠭᠢᠶᠠᠨ ᠪᠠᠶᠢᠭᠤᠯᠤᠯᠳᠠ ᠶᠢᠨ ᠰᠠᠯᠠᠭ᠎ᠠ ᠮᠥᠴᠢᠷ ᠵᠤᠭᠢᠴᠠᠭᠤᠯᠬᠤ ᠡᠭᠦᠷᠭᠡ ᠪᠠᠨ ᠡᠭᠦᠷᠭᠡᠯᠡᠵᠤ ᠪᠤᠰᠤᠳ | ᠰᠠᠯᠠᠭ᠎ᠠ ᠮᠥᠴᠢᠷ᠂ ᠨᠢᠭᠲᠠ ᠬᠠᠮᠵᠢᠯᠴᠠᠭᠰᠠᠨ ᠬᠠᠮᠳᠤ ᠶᠢᠨ ᠭᠥᠴᠤᠨ ᠢ ᠪᠥᠷᠢᠯᠳᠤᠭᠦᠯᠭᠦ ᠭᠡᠷᠡᠭᠳᠠᠢ᠃ ᠰᠠᠶᠢᠨ ᠪᠠᠭ ᠢ | ᠰᠤᠩᠭᠤᠵᠦ᠂ ᠭᠢᠷᠢ ᠭᠡᠮ ᠤᠨ ᠭᠢᠨᠠᠨ ᠪᠠᠶᠢᠴᠠᠭᠠᠯᠳᠠ᠂ ᠠᠯᠬᠤᠮ ᠲᠠᠷᠠᠭ᠎ᠠ ᠶᠠᠪᠤᠴᠠ ᠶᠢ ᠲᠥᠪ ᠴᠢᠩᠭ᠎ᠠ ᠪᠠᠶᠢᠯᠭᠠᠵᠤ᠂ | ᠰᠠᠭᠢᠯᠭ᠎ᠠ ᠪᠠᠳᠤ ᠶᠢᠨ ᠱᠭᠠᠷᠳᠠᠯᠭ᠎ᠠ ᠶᠢ ᠴᠢᠩᠭᠠᠳᠬᠠᠨ᠂ ᠠᠷᠠᠳᠴᠢᠯᠠᠯ ᠢ ᠪᠠᠳᠠᠷᠠᠭᠤᠯᠬᠤ ᠭᠡᠷᠡᠭᠳᠠᠢ ᠭᠡᠵᠡᠢ᠃ | | | | | | | ᠵᠢᠷᠭᠠᠯᠳᠤ ᠱᠠᠭᠠᠷᠳᠠᠬᠤ ᠳᠤ ᠪᠠᠨ᠂ ᠵᠤᠭᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠴᠢᠭᠭᠠᠳᠬᠠᠨ᠂ | ᠭᠠᠴᠠᠭ᠎ᠠ ᠲᠤᠰᠬᠤᠨ ᠨᠠᠶᠢᠭᠡᠮ ᠲᠤᠭᠤᠷᠢᠭ ᠤᠨ ︽ ᠬᠤᠶᠠᠷ ᠵᠥᠪᠯᠠᠯ︾ ᠤᠨ ᠬᠤᠭᠤᠴᠠᠭ᠎ᠠ ᠰᠤᠯᠢᠬᠤ ᠰᠤᠩᠭᠤᠭᠤᠯᠢ | ᠶᠢᠨ ᠠᠵᠢᠯ ᠤᠨ ᠠᠮᠵᠢᠯᠳᠠ ᠲᠠᠢ ᠪᠡᠶᠡᠯᠡᠭᠳᠡᠭᠦ ᠶᠢ ᠪᠠᠲᠤᠯᠠᠬᠤ ᠭᠡᠷᠡᠭᠳᠠᠢ᠃ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠨ᠂ ᠱᠠᠭᠠᠷᠳᠠᠨ ᠪᠠᠶᠢᠴᠠᠭᠠᠯᠳᠠ ᠪᠠᠨ ᠴᠢᠩᠭᠠᠳᠬᠠᠨ᠂ ᠬᠠᠮᠳᠤ ᠶᠢᠨ ᠭᠥᠴᠤᠨ ᠢ ᠪᠥᠷᠢᠯᠳᠤᠭᠦᠯᠵᠤ | ᠂ ᠡᠯ᠎ᠠ ᠲᠥᠷᠥᠯ ᠤᠨ ᠠᠵᠢᠯ ᠢᠶᠠᠨ ᠨᠢᠭᠡᠳᠤᠯᠳᠠᠢ ᠲᠥᠯᠥᠪᠵᠢᠭᠦᠯᠤᠨ ᠠᠭᠢᠭᠤᠯᠵᠤ᠂ ᠬᠤᠭᠤᠴᠠᠭ᠎ᠠ ᠰᠤᠯᠢᠬᠤ | ᠰᠤᠩᠭᠤᠭᠤᠯᠢ ᠶᠢᠨ ᠡᠯ᠎ᠠ ᠲᠥᠷᠥᠯ ᠤᠨ ᠡᠭᠦᠷᠭᠡ ᠶᠢ ᠠᠮᠵᠢᠯᠳᠠ ᠲᠠᠢ ᠪᠠᠶᠠᠯᠠᠭᠦᠯᠭᠦ ᠭᠡᠷᠡᠭᠳᠠᠢ ᠭᠡᠵᠡᠢ᠃ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠤᠭᠢᠶᠠᠨ ᠪᠠᠶᠢᠭᠤᠯᠬᠤ ᠭᠡᠯᠳᠡᠰ ᠤᠨ ᠲᠠᠷᠤᠭ᠎ᠠ | ᠸᠠᠩ ᠯᠢ ᠫᠢᠩ ᠱᠭᠠᠷᠳᠠᠬᠤ ᠳᠤ ᠪᠠᠨ᠂ ᠪᠡᠯᠡᠳᠭᠡᠯ ᠠᠵᠢᠯ ᠪᠤᠯᠤᠨ ᠪᠠᠶᠢᠳᠠᠯ ᠢ ᠤᠶᠢᠯᠠᠭᠠᠬᠤ ᠪᠠᠶᠢᠴᠠᠭᠠᠯᠳᠠ ᠶᠢ | ᠰᠠᠶᠢᠨ ᠭᠢᠵᠤ᠂ ᠲᠥᠪᠯᠡᠷᠡᠭᠦᠯᠤᠨ ᠴᠡᠭᠴᠡᠯᠡᠯᠳᠠ ᠭᠢᠭᠦ᠂ ᠭᠢᠨᠠᠨ ᠪᠤᠳᠤᠯᠳᠠ ᠭᠢᠭᠦ ᠶᠢ ᠵᠤᠭᠢᠶᠠᠨ ᠪᠠᠶᠢᠭᠤᠯᠬᠤ ᠭᠡᠷᠡᠭᠳᠠᠢ᠃ | ᠲᠥᠷᠥ ᠶᠢᠨ ᠪᠤᠳᠤᠯᠭ᠎ᠠ ᠶᠢᠨ ᠱᠠᠭᠠᠷᠳᠠᠯᠭ᠎ᠠ ᠶᠢ ᠡᠵᠡᠮᠳᠠᠨ᠂ ᠭᠥᠮᠤᠨ ᠢ ᠵᠤᠭᠢᠰᠳᠠᠢ ᠰᠤᠩᠭᠤᠵᠤ᠂ ᠪᠠᠭ ᠤᠨ | ᠪᠥᠳᠥᠴᠠ ᠶᠢ ᠰᠢᠯᠢᠳᠡᠭᠵᠢᠭᠦᠯᠭᠦ ᠭᠡᠷᠡᠭᠳᠠᠢ᠃ ᠠᠯᠬᠤᠮ ᠲᠠᠷᠠᠭ᠎ᠠ ᠶᠠᠪᠤᠴᠠ ᠶᠢ ᠴᠢᠩᠭᠠᠳᠬᠠᠨ᠂ ᠰᠢᠨᠵᠢᠯᠡᠬᠦ | ᠤᠬᠠᠭᠠᠨᠴᠢ ᠪᠠᠷ ᠲᠥᠰᠥᠯ ᠲᠤᠭᠳᠠᠭᠠᠵᠤ᠂ ᠰᠠᠭᠢᠯᠭ᠎ᠠ ᠪᠠᠳᠤ ᠶᠢᠨ ᠱᠠᠭᠠᠷᠳᠠᠯᠭ᠎ᠠ ᠶᠢ ᠴᠢᠩᠭᠠᠳᠬᠠᠨ᠂ ᠰᠡᠷᠡᠮᠵᠢᠯᠠᠬᠦᠯᠬᠦ | ᠰᠤᠷᠭᠠᠨ ᠬᠦᠮᠦᠵᠢᠯ ᠢ ᠴᠢᠩᠭᠠᠳᠬᠠᠵᠤ᠂ ᠰᠠᠬᠢᠯᠭ᠎ᠠ ᠪᠠᠲᠤ ᠶᠢ ᠵᠦᠷᠢᠴᠡᠬᠦ ᠪᠠᠷᠢᠮᠵᠢᠶ᠎ᠠ ᠶᠢ ᠨᠠᠷᠢᠯᠢᠭᠵᠢᠭᠤᠯᠬᠤ ᠭᠡᠷᠡᠭᠳᠠᠢ | ᠃ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠳᠠ ᠶᠢ ᠴᠢᠩᠭᠠᠳᠬᠠᠨ᠂ ᠰᠤᠮᠤ ᠪᠠᠯᠭᠠᠰᠤᠨ ᠤ ᠨᠠᠮ ᠤᠨ ᠬᠤᠷᠢᠶᠠᠨ ᠤ | ᠱᠥᠵᠢ ᠰᠢᠭᠤᠳ ᠬᠠᠷᠢᠭᠤᠴᠠᠯᠭ᠎ᠠ ᠶᠢᠨ ᠭᠥᠮᠤᠨ ᠤ ᠬᠠᠷᠢᠭᠤᠴᠯᠠᠭ᠎ᠠ ᠶᠢ ᠡᠭᠦᠷᠭᠡᠯᠠᠵᠤ᠂ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠰᠠᠭᠢᠯᠭ᠎ᠠ ᠪᠠᠳᠤ ᠪᠠᠶᠢᠴᠠᠭᠠᠬᠤ ᠬᠤᠷᠢᠶ᠎ᠠ᠂ | ᠵᠤᠭᠢᠶᠠᠨ ᠪᠠᠶᠢᠭᠤᠯᠬᠤ᠂ ᠤᠬᠠᠭᠤᠯᠬᠤ᠂ ᠤᠯᠤᠰ ᠲᠥᠷᠥ ᠬᠠᠤᠯᠢ ᠴᠠᠭᠠᠵᠠ᠂ ᠠᠷᠠᠳ ᠤᠨ ᠶᠠᠪᠤᠳᠠᠯ᠂ ᠡᠳ᠋ ᠤᠨ | ᠵᠠᠰᠠᠭ ᠵᠡᠷᠭᠡ ᠰᠠᠯᠠᠭ᠎ᠠ ᠮᠥᠴᠢᠷ ᠲᠤᠰ ᠲᠤᠰ ᠤᠨ ᠡᠭᠦᠷᠭᠡ ᠲᠤᠰᠢᠶᠠᠯ ᠢᠶᠠᠨ ᠭᠥᠢᠴᠡᠳᠭᠡᠭᠦ ᠭᠡᠷᠡᠭᠳᠡᠢ ᠭᠡᠵᠡᠢ᠃ | ᠰᠥᠩ ᠮᠢᠩ ᠡᠤ ᠮᠠᠨ ᠤ ᠬᠤᠰᠢᠭᠤᠨ ᠤ ᠬᠤᠭᠤᠴᠠᠭ᠎ᠠ ᠰᠤᠯᠢᠬᠤ ᠠᠵᠢᠯ ᠳᠤ ᠲᠥᠷᠪᠡᠨ ᠲᠠᠯ᠎ᠠ ᠶᠢᠨ | ᠰᠠᠭᠠᠷᠳᠠᠯᠭ᠎ᠠ ᠲᠤᠷᠠᠳᠪᠠ᠃ ᠬᠤᠭᠤᠴᠠᠭ᠎ᠠ ᠰᠤᠯᠢᠬᠤ ᠠᠵᠢᠯ ᠢ ᠬᠠᠤᠯᠢ ᠶᠤᠰᠤᠭᠠᠷ ᠰᠠᠶᠢᠨ ᠭᠢᠭᠦ ᠭᠡᠷᠡᠭᠳᠠᠢ᠃ | ᠠᠯᠬᠤᠮ ᠲᠠᠷᠠᠭ᠎ᠠ ᠲᠠᠢ ᠪᠠᠷ ᠬᠤᠭᠤᠴᠭ᠎ᠠ ᠰᠤᠯᠢᠬᠤ ᠰᠤᠩᠭᠤᠭᠤᠯᠢ ᠶᠢᠨ ᠠᠵᠢᠯ ᠢ ᠠᠭᠢᠭᠤᠯᠬᠤ ᠭᠡᠷᠡᠭᠳᠠᠢ᠃ | ᠵᠤᠭᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠬᠤᠭᠤᠴᠠᠭ᠎ᠠ ᠰᠤᠯᠢᠬᠤ ᠰᠤᠩᠭᠤᠭᠤᠯᠢ ᠶᠢᠨ | ᠠᠵᠢᠯ ᠢ ᠠᠮᠵᠢᠯᠳᠠ ᠲᠠᠢ ᠪᠠᠶᠠᠯᠠᠭᠦᠯᠭᠦ ᠭᠡᠷᠡᠭᠳᠠᠢ᠃ ᠰᠠᠭᠢᠯᠭ᠎ᠠ ᠪᠠᠳᠤ ᠶᠢ ᠴᠢᠩᠭ᠎ᠠ ᠰᠠᠭᠢᠨ ᠬᠤᠭᠤᠴᠠᠭ᠎ᠠ ᠰᠤᠯᠢᠬᠤ | ᠰᠤᠩᠭᠤᠭᠤᠯᠢ ᠶᠢᠨ ᠰᠠᠶᠢᠨ ᠰᠠᠶᠢᠬᠠᠨ ᠤᠷᠴᠢᠨ ᠢ ᠪᠥᠷᠢᠯᠳᠤᠭᠦᠯᠭᠦ ᠭᠡᠷᠡᠭᠳᠠᠢ ᠭᠡᠵᠡᠢ᠃ | ᠬᠤᠷᠠᠯ ᠠᠴᠠ ᠴᠢᠬᠤᠯᠠᠴᠢᠯᠠᠬᠤ ᠳᠤ ᠪᠠᠨ᠂ ᠥᠵᠠᠯ ᠰᠠᠨᠠᠭ᠎ᠠ ᠲᠠᠨᠢᠯᠳᠠ ᠪᠠᠨ ᠤᠯᠠᠮ ᠨᠢᠭᠡ ᠠᠯᠬᠤᠮ | ᠨᠢᠭᠡᠳᠭᠡᠨ᠂ ᠡᠯ᠎ᠠ ᠭᠠᠵᠠᠷ ᠡᠯ᠎ᠠ ᠰᠠᠯᠠᠭ᠎ᠠ ᠮᠥᠴᠢᠷ ᠲᠤᠰ ᠲᠤᠰ ᠤᠨ ᠡᠭᠦᠷᠭᠡ ᠬᠠᠷᠢᠭᠤᠴᠠᠯᠭ᠎ᠠ ᠪᠠᠨ ᠭᠥᠢᠴᠡᠳᠭᠡᠵᠤ᠂ | ᠨᠢᠭᠡᠳᠤᠯᠳᠠᠢ ᠲᠥᠯᠥᠪᠵᠢᠭᠦᠯᠤᠨ ᠵᠤᠭᠢᠴᠠᠭᠤᠯᠵᠤ᠂ ᠬᠠᠮᠳᠤ ᠶᠢᠨ ᠭᠥᠴᠤᠨ ᠢ ᠪᠥᠷᠢᠯᠳᠤᠭᠦᠯᠤᠨ᠂ ᠲᠤᠰ ᠤᠳᠠᠭᠠᠨ | ᠤ ᠬᠤᠭᠤᠴᠠᠭ᠎ᠠ ᠰᠤᠯᠢᠬᠤ ᠰᠤᠩᠭᠤᠭᠤᠯᠢ ᠶᠢᠨ ᠡᠭᠦᠷᠭᠡ ᠶᠢᠨ ᠠᠮᠵᠢᠯᠲᠠ ᠲᠠᠢ ᠪᠠᠶᠠᠯᠡᠭᠳᠡᠭᠦ ᠶᠢ ᠪᠠᠲᠤᠯᠠᠵᠤ᠂ ᠬᠤᠷᠠᠯ | ᠤᠨ ᠵᠤᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠥᠪ ᠭᠤᠤᠯᠴᠢ ᠡᠷᠭᠡ ᠲᠡᠭᠰᠢ ᠪᠠᠶᠢᠬᠤ ᠶᠢ ᠪᠡᠶᠡᠯᠡᠭᠦᠯᠦᠨ | ᠂ ᠡᠯ᠎ᠠ ᠭᠤᠬᠴᠤᠭ᠎ᠠ ᠠᠯᠬᠤᠮ ᠲᠠᠷᠠᠭ᠎ᠠ ᠶᠢ ᠡᠮᠭᠢ ᠴᠡᠭᠴᠠ ᠲᠠᠢ ᠠᠭᠢᠭᠤᠯᠬᠤ ᠭᠡᠷᠡᠭᠳᠠᠢ᠃ ᠡᠯ᠎ᠠ ᠲᠥᠷᠥᠯ ᠤᠨ ᠠᠵᠢᠯ | ᠢ ᠯᠠᠪᠳᠠᠭᠤᠨ ᠠᠭᠢᠭᠤᠯᠵᠤ᠂ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠪᠤᠯᠤᠨ ᠥᠷᠢ ᠥᠭᠴᠡᠭᠡ ᠶᠢ | ᠢᠯᠭᠠᠷᠠᠭᠤᠯᠬᠤ᠂ ᠶᠠᠳᠠᠭᠤ ᠠᠴᠠ ᠠᠩᠭᠢᠵᠢᠷᠠᠭᠤᠯᠤᠨ ᠪᠤᠭᠤᠮᠳᠠ ᠰᠢᠪᠳᠤᠯᠬᠤ᠂ ᠪᠤᠭᠢᠷᠳᠤᠯ ᠢ ᠰᠠᠷᠭᠡᠶᠢᠯᠠᠨ ᠵᠠᠰᠠᠬᠤ᠂ | ᠭᠥᠳᠡᠭᠡ ᠲᠤᠰᠬᠤᠨ ᠢ ᠭᠥᠭᠵᠢᠭᠦᠯᠤᠨ ᠮᠠᠨᠳᠤᠭᠤᠯᠬᠤ ᠵᠡᠷᠭᠡ ᠶᠢᠨ ᠭᠤᠤᠯᠳᠠᠯᠭ᠎ᠠ ᠲᠠᠢ ᠠᠵᠢᠯ ᠢ ᠬᠠᠮᠳᠤ ᠪᠠᠷ | ᠠᠭᠢᠭᠤᠯᠬᠤ ᠬᠡᠷᠡᠭᠲᠠᠢ ᠭᠡᠵᠡᠢ᠃ | ᠬᠤᠷᠠᠯ ᠤᠨ ᠲᠠᠷᠠᠭ᠎ᠠ᠂ ᠬᠤᠳᠠ ᠶᠢᠨ ᠭᠠᠴᠠᠭ᠎ᠠ ᠲᠤᠰᠬᠤᠨ ᠨᠠᠶᠢᠭᠡᠮ ᠲᠤᠭᠤᠷᠢᠭ ᠤᠨ ︽ᠬᠤᠶᠠᠷ ᠵᠥᠪᠯᠠᠯ︾ | ᠤᠨ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠤᠨ ᠤᠳᠤᠷᠢᠳᠬᠤ ᠪᠠᠭ᠎ᠠ ᠲᠤᠭᠤᠶᠢᠯᠠᠩ ᠪᠤᠯᠤᠨ ᠠᠯᠪᠠᠨ | ᠭᠡᠷ ᠤᠨ ᠪᠥᠭᠦ ᠠᠵᠢᠯᠳᠠᠨ᠂ ᠲᠤᠮᠢᠯᠠᠭᠰᠠᠨ ᠵᠢᠭᠠᠨ ᠵᠢᠯᠤᠭᠤᠳᠬᠤ ᠲᠤᠭᠤᠶᠢᠯᠠᠩ᠂ ᠱᠭᠠᠷᠳᠠᠨ ᠪᠠᠶᠢᠴᠠᠭᠠᠬᠤ | ᠲᠤᠭᠤᠶᠢᠯᠠᠩ ᠤᠨ ᠬᠢᠨ ᠪᠤᠯᠤᠨ ᠰᠤᠮᠤ ᠪᠠᠯᠭᠠᠰᠤᠨ ᠤ ᠬᠤᠭᠤᠴᠠᠭ᠎ᠠ ᠰᠤᠯᠢᠬᠤ ᠠᠵᠢᠯ ᠤᠨ ᠠᠵᠢᠯᠳᠠᠨ ᠳᠤ | ᠲᠤᠬᠠᠶᠢᠯᠠᠭᠰᠠᠨ ᠠᠵᠢᠯ ᠤᠨ ᠪᠤᠯᠪᠠᠰᠤᠷᠠᠯ ᠭᠢᠭᠰᠡᠨ ᠪᠠᠶᠢᠨ᠎ᠠ᠃ | | | | | |