ᠤᠶᠢᠷ᠎ᠠ ᠶᠢᠨ ᠡᠳᠤᠷ᠂ ᠴᠠᠭᠠᠨᠲᠠᠯᠠ ᠨᠡᠶᠢᠬᠡᠮ ᠳᠤᠭᠤᠷᠢᠭ ᠤᠨ ᠬᠢᠨ ᠡᠵᠢ ᠶᠢᠨ ᠪᠠᠶᠠᠷ ᠤᠨ ᠡᠳᠤᠷ ᠬᠦᠷᠴᠦ | ᠢᠷᠡᠬᠦ ᠲᠠᠰᠢᠷᠠᠮ ᠢ ᠲᠤᠬᠢᠶᠠᠯᠳᠤᠭᠤᠯᠤᠨ ᠡᠵᠢ ᠶᠢᠨ ᠪᠠᠶᠡᠷ ᠢ ᠪᠡᠯᠭᠡᠯᠡᠬᠦ ᠠᠵᠢᠯᠯᠠᠭ᠎ᠠ ᠶᠢ ᠡᠷᠬᠢᠯᠡᠨ ᠶᠠᠪᠤᠭᠳᠠᠭᠤᠯᠪᠠ᠃ | ᠲᠤᠰ ᠤᠳᠠᠭᠠᠨ ᠤ ᠠᠵᠢᠯᠯᠠᠭ᠎ᠠ ᠨᠢ ᠡᠵᠢ ᠶᠢᠨ ᠢᠶᠠᠨ ᠲᠤᠬᠠᠢ ᠰᠠᠨᠠᠵᠤ ᠪᠤᠳᠤᠭᠰᠠᠨ ᠢᠶᠠᠨ ᠢᠯᠡᠳᠬᠡᠬᠦ᠂ ᠨᠡᠶᠢᠬᠡᠮ | ᠲᠤᠭᠤᠷᠢᠭ ᠤᠨ ᠲᠠᠯᠠᠨ ᠨᠠᠰᠤᠨ ᠠᠴᠠ ᠲᠡᠭᠡᠭᠰᠢᠬᠢ ᠨᠠᠰᠤᠳᠠᠶᠢᠴᠤᠤᠯ ᠢᠶᠠᠨ ᠲᠤᠬᠤᠨᠢᠭᠤᠯᠤᠨ ᠦᠵᠡᠬᠦ ᠵᠢᠴᠢ ︽ᠪᠢ | ᠮᠡᠳᠡᠨ᠎ᠡ︾ ᠤᠶᠤᠨ ᠤ ᠮᠡᠳᠡᠯᠬᠡ ᠶᠢᠨ ᠤᠷᠤᠯᠳᠤᠭᠠᠨ ᠬᠢᠬᠦ ᠭᠤᠷᠪᠠᠨ ᠠᠭᠤᠯᠭ᠎ᠠ ᠪᠠᠷ ᠶᠠᠪᠤᠭᠳᠠᠭᠰᠠᠨ ᠪᠠᠶᠢᠨ᠎ᠠ᠃ | ᠠᠵᠢᠯᠯᠠᠭᠠᠨ ᠤ ᠲᠤᠬᠠᠢ ᠶᠢᠨ ᠲᠠᠯᠠᠪᠠᠢ ᠳᠤ ᠬᠦᠷᠤᠯᠴᠡᠨ ᠢᠷᠡᠭᠰᠡᠨ ᠡᠨᠡᠷᠢᠯ ᠬᠠᠶᠢᠷ᠎ᠡ ᠶᠢᠨ ᠡᠯᠴᠢ ᠪᠤᠯᠭᠠᠨ | ᠡᠯᠬᠦᠬᠡ ᠬᠠᠭᠤᠳᠠᠰᠤ ᠳᠡᠬᠡᠷ᠎ᠡ ᠡᠵᠢ ᠳᠡᠭᠡᠨ ᠬᠡᠯᠡᠬᠦ ᠰᠡᠳᠬᠢᠯ ᠤᠨ ᠦᠬᠡ ᠪᠠᠨ ᠪᠢᠴᠢᠨ ᠳᠤᠷᠠᠳᠬᠠᠯ ᠦᠯᠡᠳᠡᠭᠡᠭᠰᠡᠨ | ᠪᠠᠶᠢᠨ᠎ᠠ᠃ ᠲᠠᠷᠠᠭ᠎ᠠ ᠨᠢ ᠴᠠᠭᠠᠨᠲᠠᠯᠠ ᠨᠡᠶᠢᠬᠡᠮ ᠳᠤᠭᠤᠷᠢᠭ ᠤᠨ ᠡᠷᠬᠢᠯᠡᠭᠴᠢ ᠪᠠᠳᠮ᠎ᠠ ᠨᠡᠶᠢᠬᠡᠮ ᠲᠤᠭᠤᠷᠢᠭ ᠤᠨ ᠢᠶᠠᠨ | ᠳᠠᠯᠠᠨ ᠨᠠᠰᠤᠨ ᠠᠴᠠ ᠳᠡᠭᠡᠭᠰᠢᠬᠢ 8 ᠨᠠᠰᠣᠳᠠᠶᠢᠴᠣᠳ ᠤᠨ ᠭᠡᠷ ᠲᠤ ᠬᠦᠷᠴᠦ ᠲᠤᠬᠤᠨᠢᠭᠤᠯᠤᠨ ᠦᠵᠡᠵᠤ ᠪᠠᠶᠠᠷ | ᠲᠤᠷᠠᠰᠬᠠᠯ ᠤᠨ ᠬᠠᠯᠠᠭᠤᠨ ᠮᠡᠨᠳᠤ ᠬᠦᠷᠭᠡᠵᠡᠢ᠃ | ︽ᠪᠢ ᠮᠡᠳᠡᠨ᠎ᠡ︾ ᠤᠶᠤᠨ ᠤ ᠮᠡᠳᠡᠯᠬᠡ ᠶᠢᠨ ᠤᠷᠤᠯᠳᠤᠭᠠᠨ ᠨᠢ ᠭᠤᠤᠯᠳᠠᠭᠤ ᠡᠮᠡᠭᠲᠠᠶᠢᠴᠤᠳ ᠤᠨ ᠡᠷᠬᠡ | ᠠᠰᠢᠭ ᠢ ᠬᠡᠷᠬᠢᠨ ᠬᠠᠮᠠᠭᠠᠯᠠᠬᠤ᠂ ᠤᠷᠤᠭ ᠤᠨ ᠬᠠᠤᠯᠢ᠂ ᠡᠷᠡᠬᠦᠯ ᠬᠠᠮᠠᠭᠠᠯᠠᠯ᠂ ᠬᠤᠤᠷ ᠢ ᠰᠡᠷᠬᠡᠶᠢᠯᠡᠬᠦ ᠳᠤᠬᠠᠢ | ᠵᠡᠷᠭᠡ ᠦᠷᠭᠡᠨ ᠲᠡᠯᠭᠡᠷ ᠠᠭᠤᠯᠭ᠎ᠠ ᠶᠢ ᠪᠠᠭᠳᠠᠭᠠᠵᠤ᠂ ᠤᠷᠤᠯᠳᠤᠭᠠᠨ ᠢᠶᠠᠷ ᠳᠡᠮᠵᠢᠨ ᠤᠯᠠᠨ ᠲᠦᠮᠡᠨ ᠤ ᠪᠦᠯᠬᠦᠮᠳᠡᠯ ᠢ | ᠨᠢᠭᠳᠠᠷᠠᠭᠤᠯᠤᠨ᠂ ᠡᠳᠤᠷ ᠳᠤᠲᠤᠮ ᠤᠨ ᠠᠮᠢᠳᠤᠷᠠᠯ ᠳᠤᠮᠳᠠᠬᠢ ᠬᠠᠤᠯᠢ ᠴᠠᠭᠠᠵᠠ ᠶᠢᠨ ᠶᠡᠷᠤ ᠶᠢᠨ ᠮᠡᠳᠡᠯᠬᠡ ᠶᠢ ᠲᠠᠨᠢᠨ | ᠮᠡᠳᠡᠬᠦᠯᠦᠭᠰᠡᠨ ᠪᠠᠶᠢᠨ᠎ᠠ᠃ | ᠤᠷᠤᠯᠳᠤᠭᠠᠨ ᠤ ᠦᠷᠢᠰᠤᠯᠳᠤᠬᠡᠨ ᠢᠶᠠᠷ ᠡᠴᠤᠰ ᠲᠤ ᠮᠦᠩᠬᠦᠨᠵᠤᠯᠠ ᠲᠡᠷᠢᠬᠦᠨ ᠳᠤ ᠰᠢᠯᠭᠠᠷᠠᠵᠤ᠂ | ᠬᠤᠶᠠᠳᠤᠭᠠᠷ ᠨᠡᠷ᠎ᠡ ᠳᠤ ᠰᠤᠨᠢᠨᠴᠡᠴᠡᠭ᠂ ᠭᠤᠷᠪᠠᠳᠤᠭᠠᠷ ᠨᠡᠷ᠎ᠡ ᠳᠤ ᠬᠡᠷᠡᠯ᠂ ᠲᠦᠷᠪᠡᠳᠦᠭᠡᠷ ᠨᠠᠷ᠎ᠡ ᠳᠤ ᠴᠢᠮᠡᠳᠰᠡᠷᠡᠩ᠂ | ᠳᠠᠪᠤᠳᠤᠭᠠᠷ ᠨᠡᠷ᠎ᠡ ᠳᠤ ᠰᠠᠶᠢᠵᠢᠷᠡᠮᠠ᠂ ᠵᠢᠷᠭᠤᠳᠤᠭᠠᠷ ᠨᠡᠷ᠎ᠡ ᠳᠤ ᠠᠯᠳᠠᠩᠭᠤᠸ᠎ᠠ ᠲᠤᠰ ᠲᠤᠰ ᠲᠤᠳᠤᠷᠠᠭᠰᠠᠨ | ᠪᠠᠶᠢᠨ᠎ᠠ᠃ |