ᠦᠨᠳᠤᠰᠤᠨ ᠱᠠᠳᠤᠨ ᠤ ᠴᠢᠬᠡᠴᠢ ᠵᠠᠰᠠᠭᠯᠠᠯ ᠤᠨ ᠪᠠᠶᠢᠭᠤᠯᠤᠯᠳᠠ ᠶᠢ ᠳᠦᠯᠬᠢᠨ ᠠᠬᠢᠭᠤᠯᠵᠤ᠂ ᠮᠠᠯᠴᠢᠨ | ᠳᠠᠷᠢᠶᠠᠴᠢᠨ ᠨᠠᠮ ᠤᠨ ᠬᠡᠰᠢᠭᠦᠳ ᠤᠨ ᠭᠠᠴᠠᠭ᠎ᠠ ᠳᠤᠰᠬᠤᠨ ︵ᠨᠠᠶᠢᠬᠡᠮ ᠳᠤᠭᠤᠷᠢᠭ︶ ᠤ ︽ᠭᠤᠷᠪᠠᠨ ᠶᠠᠪᠤᠳᠠᠯ︾ | ᠤᠨ ᠮᠡᠳᠡᠬᠦ ᠡᠷᠭᠡ᠂ ᠤᠷᠤᠯᠴᠠᠬᠤ ᠡᠷᠭᠡ᠂ ᠬᠢᠨᠠᠯᠳᠠ ᠳᠠᠯᠪᠢᠬᠤ ᠡᠷᠭᠡ ᠶᠢ ᠦᠷᠬᠡᠳᠭᠡᠬᠦ ᠪᠠ ᠨᠠᠶᠢᠳᠠᠪᠤᠷᠢᠵᠢᠭᠤᠯᠵᠤ᠂ | ᠭᠠᠴᠠᠭ᠎ᠠ ᠳᠤᠰᠬᠤᠨ ︵ᠨᠠᠶᠢᠬᠡᠮ ᠳᠤᠭᠤᠷᠢᠭ︶ ᠤ ᠨᠠᠮ ᠤᠨ ᠶᠠᠪᠤᠳᠠᠯ᠂ ᠳᠤᠰᠬᠤᠨ ᠤ ᠶᠠᠪᠤᠳᠠᠯ᠂ ᠡᠳ᠋ ᠤᠨ | ᠵᠠᠰᠠᠭ ᠤᠨ ᠶᠡᠪᠤᠳᠠᠯ ᠳᠤ ᠬᠢᠨᠠᠯᠳᠠ ᠳᠠᠯᠪᠢᠬᠤ ᠬᠦᠴᠤᠯᠠᠴᠠ ᠪᠠᠨ ᠴᠢᠩᠭᠠᠳᠬᠠᠬᠤ ᠶᠢᠨ ᠲᠤᠰᠠᠳᠠ᠂ ᠦᠢᠷ᠎ᠡ ᠳᠤ᠂ | ᠤᠯᠠᠭᠠᠨᠳᠤᠯᠤᠭᠠᠢ ᠪᠠᠯᠭᠠᠰᠤᠨ ᠤ ᠨᠠᠮ ᠤᠨ ᠬᠤᠷᠢᠶ᠎ᠠ ᠪᠠ ᠪᠠᠯᠭᠠᠰᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ | ᠬᠠᠮᠳᠤᠷᠠᠨ ᠪᠦᠬᠦ ᠪᠠᠯᠭᠠᠰᠤᠨ ᠤ 8 ᠭᠠᠴᠠᠭ᠎ᠠ ᠳᠤᠰᠬᠤᠨ ︵ᠨᠠᠶᠢᠬᠡᠮ ᠳᠤᠭᠤᠷᠢᠭ︶ ᠤ ︽ᠭᠤᠷᠪᠠᠨ ᠶᠠᠪᠤᠳᠠᠯ︾ ᠢ | ᠢᠯᠡ ᠪᠤᠯᠭᠠᠬᠤ ᠪᠠᠶᠢᠳᠠᠯ ᠳᠤ ᠳᠤᠰᠬᠠᠢ ᠳᠦᠷᠤᠯ ᠤᠨ ᠪᠠᠶᠢᠴᠠᠭᠠᠯᠳᠠ ᠶᠢ ᠦᠷᠨᠢᠬᠦᠯᠵᠤ᠂ ᠭᠤᠤᠯᠳᠠᠭᠤ ᠨᠠᠮ ᠤᠨ | ᠶᠠᠪᠤᠳᠠᠯ ᠢ ᠢᠯᠡ ᠪᠤᠯᠭᠠᠬᠤ ᠨᠢ ᠳᠦᠷᠢᠮᠵᠢᠬᠦᠨ ᠪᠠᠶᠢᠬᠤ ᠡᠰᠡᠬᠦ᠂ ᠳᠤᠰᠬᠤᠨ ᠤ ᠶᠠᠪᠤᠳᠠᠯ ᠢ ᠢᠯᠡ ᠪᠤᠯᠭᠠᠬᠤ ᠨᠢ | ᠯᠠᠪᠳᠠᠭᠤᠨ ᠪᠤᠳᠠᠳᠠᠢ ᠪᠠᠶᠢᠬᠤ ᠡᠰᠡᠬᠦ᠂ ᠡᠳ᠋ ᠤᠨ ᠶᠠᠪᠤᠳᠠᠯ ᠢ ᠢᠯᠡ ᠪᠤᠯᠭᠠᠬᠤ ᠨᠢ ᠨᠠᠷᠢᠨ ᠳᠤᠳᠤᠷᠬᠠᠢ ᠪᠠᠶᠢᠬᠤ ᠡᠰᠡᠬᠦ | ᠵᠡᠷᠭᠡ ᠳᠤ ᠪᠠᠶᠢᠴᠠᠭᠠᠯᠳᠠ ᠬᠢᠭᠰᠡᠨ ᠪᠠᠶᠢᠨ᠎ᠠ᠃ | ᠪᠠᠶᠢᠴᠠᠭᠠᠯᠳᠠ ᠶᠢᠨ ᠳᠤᠮᠳᠠ ᠶᠡᠬᠡᠩᠬᠢ ᠭᠠᠴᠠᠭ᠎ᠠ ᠳᠤᠰᠬᠤᠨ ︵ᠨᠠᠶᠢᠬᠡᠮ ᠳᠤᠭᠤᠷᠢᠭ︶ ᠨᠢ ᠱᠠᠭᠠᠷᠳᠠᠯᠭ᠎ᠠ | ᠶᠤᠰᠤᠭᠠᠷ ︽ᠭᠤᠷᠪᠠᠨ ᠶᠠᠪᠤᠳᠠᠯ︾ ᠤᠨ ᠠᠵᠢᠯ ᠢ ᠢᠯᠡ ᠪᠤᠯᠭᠠᠵᠤ ᠪᠠᠶᠢᠭ᠎ᠠ ᠪᠤᠯᠪᠠᠴᠦ ᠴᠦᠬᠡᠨ ᠬᠡᠳᠤᠨ ᠭᠠᠴᠠᠭ᠎ᠠ | ᠳᠤᠰᠬᠤᠨ ᠤ ᠠᠭᠤᠯᠭ᠎ᠠ ᠨᠢ ᠳᠦᠷᠢᠮᠵᠢᠬᠦᠨ ᠪᠤᠰᠤ᠂ ᠬᠠᠭᠠᠰ ᠳᠤᠳᠠᠭᠤ᠂ ᠳᠤᠳᠤᠷᠬᠠᠢ ᠦᠬᠡᠢ ᠪᠤᠶᠤ ᠴᠠᠭ | ᠳᠠᠷᠤᠢ ᠳᠤᠨᠢ ᠢᠯᠡ ᠪᠤᠯᠭᠠᠭᠰᠠᠨ ᠦᠬᠡᠢ ᠠᠰᠠᠭᠤᠳᠠᠯ ᠤᠷᠤᠰᠢᠵᠤ ᠪᠠᠶᠢᠯ᠎ᠠ᠃ ᠪᠠᠶᠢᠴᠠᠭᠠᠯᠳᠠ ᠶᠢᠨ ᠳᠤᠮᠳᠠ | ᠤᠷᠤᠰᠢᠵᠤ ᠪᠠᠶᠢᠭ᠎ᠠ ᠠᠰᠠᠭᠤᠳᠠᠯ ᠢ ᠪᠠᠯᠭᠠᠰᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠳᠤᠬᠠᠢ ᠶᠢᠨ | ᠳᠠᠯᠠᠪᠠᠢ ᠳᠤ ᠴᠡᠭᠴᠡᠯᠡᠨ ᠦᠬᠡᠷᠡᠴᠢᠯᠡᠬᠦ ᠰᠠᠨᠠᠭᠤᠯᠭ᠎ᠠ ᠪᠠ ᠴᠡᠭᠴᠡᠯᠡᠨ ᠦᠬᠡᠷᠡᠴᠢᠯᠡᠬᠦ ᠴᠠᠭ ᠬᠤᠭᠤᠴᠠᠭ᠎ᠠ ᠶᠢ | ᠳᠤᠷᠠᠳᠴᠤ᠂ ᠢᠯᠡ ᠪᠤᠯᠭᠠᠬᠤ ᠵᠤᠶᠢᠯ ᠢ ᠳᠦᠷᠢᠮᠵᠢᠬᠦᠨ ᠪᠤᠰᠤ᠂ ᠴᠠᠭ ᠳᠠᠷᠤᠢ ᠳᠤᠨᠢ ᠢᠯᠡ ᠪᠤᠯᠭᠠᠭᠰᠠᠨ ᠦᠬᠡᠢ | ᠭᠠᠴᠠᠭ᠎ᠠ ᠳᠤᠰᠬᠤᠨ ︵ᠨᠠᠶᠢᠬᠡᠮ ᠳᠤᠭᠤᠷᠢᠭ︶ ᠤ ᠭᠤᠤᠯ ᠬᠠᠷᠢᠭᠤᠴᠠᠯᠭᠠᠳᠠᠨ ᠢᠶᠠᠷ ᠠᠮᠠᠯᠠᠯᠳᠠ ᠬᠢᠯᠬᠡᠵᠤ᠂ | ᠲᠡᠳᠡᠨ ᠳᠤ ᠦᠵᠡᠯ ᠤᠬᠠᠮᠰᠠᠷ ᠢᠶᠠᠨ ᠳᠡᠭᠡᠭᠰᠢᠯᠡᠬᠦᠯᠤᠨ ᠭᠠᠴᠠᠭ᠎ᠠ ᠳᠤᠰᠬᠤᠨ ︵ᠨᠠᠶᠢᠬᠡᠮ ᠳᠤᠭᠤᠷᠢᠭ︶ ᠤ ︽ | ᠭᠤᠷᠪᠠᠨ ᠶᠠᠪᠤᠳᠠᠯ︾ ᠢ ᠢᠯᠡ ᠪᠤᠯᠭᠠᠬᠤ ᠴᠢᠬᠤᠯᠡ ᠴᠢᠨᠠᠷ᠂ ᠪᠠᠴᠢᠮ ᠴᠢᠨᠠᠷ ᠢ ᠪᠦᠷᠢᠮᠤᠰᠤᠨ ᠮᠡᠳᠡᠬᠦᠯᠵᠤ᠂ ᠮᠠᠯᠴᠢᠨ | ᠳᠠᠷᠢᠶᠠᠴᠢᠨ ᠤ ᠮᠡᠳᠡᠬᠦ ᠡᠷᠭᠡ᠂ ᠤᠷᠤᠯᠴᠠᠬᠤ ᠡᠷᠭᠡ᠂ ᠬᠢᠨᠠᠯᠳᠠ ᠳᠠᠯᠪᠢᠬᠤ ᠡᠷᠭᠡ ᠶᠢ ᠪᠠᠳᠤᠯᠠᠨ᠂ ᠡᠯ᠎ᠡ ᠳᠦᠷᠤᠯ | ᠵᠦᠢᠯ ᠤᠨ ᠮᠡᠳᠡᠭᠡ ᠵᠠᠩᠬᠢ ᠶᠢ ᠢᠯᠡ ᠪᠤᠯᠭᠠᠬᠤ ᠠᠵᠢᠯ ᠤᠨ ᠴᠠᠭ ᠬᠤᠭᠤᠴᠠᠭ᠎ᠠ ᠪᠠ ᠳᠦᠷᠢᠮᠵᠢᠬᠦᠨ ᠪᠠᠶᠢᠬᠤ ᠶᠢ | ᠪᠠᠳᠤᠯᠠᠬᠤ ᠶᠢ ᠱᠠᠭᠠᠷᠳᠠᠪᠠ᠃ |