ᠭᠠᠯᠠᠭᠤᠳᠣ ᠪᠠᠯᠭᠠᠰᠣ ᠺᠠᠳ᠋ᠷ ᠠᠵᠢᠯᠳᠠᠨ ᠤ ᠶᠠᠪᠠᠭᠠᠨ ᠠᠶᠠᠯᠠᠵᠣ ᠪᠠᠶ᠎ᠡ ᠴᠢᠬᠢᠷᠠᠭᠵᠢᠭᠤᠯᠬᠤ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2018-05-17
     ᠺᠠᠳ᠋ᠷ ᠠᠵᠢᠯᠳᠡᠨ ᠤ ᠪᠡᠶ᠎ᠡ ᠲᠠᠮᠢᠷ ᠤᠨ ᠪᠣᠯᠪᠠᠰᠣᠷᠠᠯ ᠳᠤ ᠤᠷᠤᠯᠴᠠᠬᠤ ᠢᠳᠡᠪᠬᠢᠵᠢᠯ ᠢ ᠲᠠᠶᠢᠴᠢᠯᠠᠵᠤ᠂ ᠬᠤᠪᠢ ᠪᠡᠶ᠎ᠡ ᠶᠢᠨ ᠬᠡᠪ ᠴᠢᠨᠡᠷ ᠢ ᠲᠡᠭᠡᠭᠰᠢᠯᠡᠬᠦᠯᠵᠣ᠂ ᠠᠵᠢᠯ ᠠᠮᠢᠳᠣᠷᠠᠯ ᠤᠨ ᠲᠠᠷᠣᠭᠠᠰᠣ ᠶᠢ ᠨᠢ ᠬᠦᠩᠬᠡᠷᠡᠬᠦᠯᠣᠨ ᠠᠵᠢᠯᠳᠠᠳ ᠤᠨ ᠠᠵᠢᠯ ᠤᠨ ᠴᠢᠯᠣᠬᠡᠨ ᠤ ᠠᠮᠢᠳᠣᠷᠠᠯ ᠢ ᠪᠠᠶᠠᠯᠢᠭᠵᠢᠭᠤᠯᠬᠤ ᠶᠢᠨ ᠲᠦᠯᠣᠬᠡ᠂ ᠤᠶᠢᠷ᠎ᠠ ᠶᠢᠨ ᠡᠳᠣᠷ᠂ ᠭᠠᠯᠠᠭᠤᠳᠣ ᠪᠠᠯᠭᠠᠰᠣ ᠨᠢ ᠬᠤᠰᠢᠭᠤ ᠠᠵᠢᠯᠴᠢᠨ ᠤ ᠶᠡᠷᠦᠩᠬᠡᠢ ᠡᠪᠯᠡᠯ ᠲᠠᠢ ᠬᠠᠮᠳᠣᠷᠠᠨ ︽ᠨᠠᠮ ᠤᠨ ᠠᠷᠪᠠ ᠶᠢᠰᠣᠳᠣᠬᠡᠷ ᠶᠡᠭᠡ ᠬᠤᠷᠠᠯ ᠢ ᠮᠠᠭᠳᠠᠨ ᠲᠠᠭᠤᠯᠠᠵᠣ᠂ ᠰᠢᠨ᠎ᠡ ᠴᠠᠭ ᠦᠶ᠎ᠡ ᠳᠤ ᠣᠷᠣᠬᠤ︾ — ︽ᠪᠠᠶᠠᠷ ᠬᠦᠷ ᠲᠠᠢ ᠪᠠᠷ ᠠᠶᠠᠯᠠᠵᠣ᠂ ᠮᠡᠳᠡᠯᠬᠡ ᠪᠠᠨ ᠠᠳᠠᠯᠢᠳᠬᠠᠬᠤ︾ ᠺᠠᠳ᠋ᠷ ᠠᠵᠢᠯᠳᠠᠨ ᠤ ᠶᠠᠪᠠᠭᠠᠨ ᠠᠶᠠᠯᠠᠵᠣ ᠪᠠᠶ᠎ᠡ ᠴᠢᠬᠢᠷᠠᠭᠵᠢᠭᠤᠯᠬᠤ ᠠᠵᠢᠯᠯᠠᠭ᠎ᠠ ᠶᠢ ᠡᠷᠬᠢᠯᠡᠨ ᠶᠠᠪᠣᠭᠳᠠᠭᠤᠯᠵᠣ᠂ ᠨᠠᠶᠢᠳᠡ ᠵᠠᠭᠤ ᠭᠠᠷᠣᠢ ᠺᠠᠳ᠋ᠷ ᠠᠵᠢᠯᠳᠡᠨ ᠣᠷᠣᠯᠴᠠᠪᠠ᠃      ᠶᠠᠪᠠᠭᠠᠨ ᠠᠶᠠᠯᠠᠬᠤ ᠠᠵᠢᠯᠯᠠᠭ᠎ᠠ ᠨᠢ ᠮᠠᠨ ᠤ ᠬᠤᠰᠢᠭᠤᠨ ᠤ ᠣᠢ ᠰᠢᠭᠤᠢ ᠶᠢᠨ ᠴᠡᠴᠡᠷᠯᠢᠭ ᠲᠤ ᠶᠠᠪᠣᠭᠳᠠᠵᠣ᠂ ᠪᠦᠬᠦ ᠣᠷᠳᠣ ᠨᠢ 3 ᠺᠢᠯᠣᠮᠧᠲᠷ ᠪᠠᠶᠢᠵᠤ᠂ ᠠᠵᠢᠯᠯᠠᠭᠠᠨ ᠤ ᠲᠣᠮᠳᠠ ᠶᠠᠪᠠᠭᠠᠨ ᠠᠶᠠᠯᠠᠬᠤ ᠡᠩᠨᠡᠭᠡ ᠨᠢ ᠨᠠᠷᠠᠨ ᠤ ᠢᠪᠡᠬᠡᠯ᠂ ᠰᠠᠯᠬᠢᠨ ᠤ ᠠᠶ᠎ᠠ ᠪᠠᠷ ᠡᠬᠡ ᠪᠠᠶᠢᠭᠠᠯᠢ ᠶᠢᠨ ᠴᠡᠪᠡᠷ ᠠᠭᠠᠷ ᠢ ᠠᠮᠢᠰᠬᠤᠯᠯᠠᠵᠤ ᠬᠦᠷ ᠨᠠᠷᠬᠢᠶᠠᠨ ᠢᠶᠠᠷ ᠪᠢᠯᠬᠠᠵᠣ ᠪᠠᠶᠢᠯ᠎ᠠ᠃ ᠵᠠᠮ ᠲᠠᠭᠠᠣ ᠳᠤ ᠲᠦᠷᠪᠡᠨ ᠵᠣᠭᠰᠣᠭᠠᠯ ᠬᠤᠪᠢᠶᠠᠨ᠂ ᠱᠠᠩᠨᠠᠯ ᠲᠠᠢ ᠮᠡᠳᠡᠯᠭᠡ ᠶᠢᠨ ᠣᠷᠣᠯᠳᠣᠭᠠᠨ ᠤ ᠭᠤᠭᠴᠤᠭ᠎ᠠ ᠪᠡᠯᠡᠳᠭᠡᠵᠣ᠂ ᠵᠣᠭᠰᠣᠭᠠᠯ ᠪᠣᠯᠭᠠᠨ ᠳᠤ ᠺᠠᠳ᠋ᠷ ᠠᠵᠢᠯᠳᠡᠨ ︽ᠡᠷᠳᠡᠨᠢ ᠠᠭᠤᠳᠠᠯᠠᠵᠤ︾ ᠂ ᠡᠷᠢᠵᠤ ᠣᠯᠣᠭᠰᠠᠨ ᠪᠦᠭᠡᠳ ᠵᠦᠪ ᠬᠠᠷᠢᠭᠤᠯᠵᠣ ᠲᠡᠶᠢᠯᠣᠭ᠍ᠰᠡᠨ ᠪᠣᠯ ᠭᠤᠶᠣ ᠬᠢᠴᠡᠳᠡᠢ ᠬᠠᠷᠢᠭᠤ ᠪᠡᠯᠡᠭ ᠭᠠᠷᠳᠠᠭᠤᠯᠪᠠ᠃ ᠣᠶᠢᠯᠠᠭᠠᠭᠰᠠᠨ ᠢᠶᠠᠷ᠂ ︽ᠡᠷᠳᠡᠨᠢ ᠶᠢᠨ ᠬᠦᠮᠣᠷᠭᠡ︾ ᠳᠤ ᠨᠠᠮ ᠤᠨ ᠠᠷᠪᠠ ᠶᠢᠰᠣᠳᠣᠬᠡᠷ ᠶᠡᠭᠡ ᠬᠤᠷᠠᠯ ᠤᠨ ᠵᠣᠷᠢᠭ ᠰᠠᠨᠠᠭ᠎ᠠ᠂ ︽ᠪᠦᠬᠦ ᠣᠯᠣᠰ ᠤᠨ ᠬᠤᠶᠠᠷ ᠬᠤᠷᠠᠯ︾ ᠤᠨ ᠵᠣᠷᠢᠭ ᠰᠠᠨᠠᠭ᠎ᠠ᠂ ᠡᠮᠡᠭᠳᠡᠶᠢᠴᠣᠳ ᠤᠨ ᠬᠠᠣᠯᠢ ᠶᠣᠰᠣᠨ ᠤ ᠡᠷᠭᠡ ᠠᠰᠢᠭ ᠢ ᠬᠠᠮᠠᠭᠠᠯᠠᠬᠤ ᠵᠡᠷᠬᠡ ᠬᠠᠮᠢᠶ᠎ᠠ ᠪᠦᠬᠦᠢ ᠠᠭᠤᠯᠭ᠎ᠠ ᠪᠠᠭᠳᠠᠨ᠎ᠠ᠃ ᠶᠠᠪᠠᠭᠠᠨ ᠠᠶᠠᠯᠠᠬᠤ ᠲᠣᠮᠳᠠ ᠺᠠᠳ᠋ᠷ ᠠᠵᠢᠯᠳᠡᠨ ᠬᠠᠷᠢᠯᠴᠠᠨ ᠵᠣᠷᠢᠭᠵᠢᠭᠤᠯᠵᠣ᠂ ᠬᠠᠷᠢᠯᠴᠠᠨ ᠬᠠᠪᠰᠣᠷᠣᠯᠴᠠᠵᠣ ᠪᠠᠶᠢᠭ᠎ᠠ ᠨᠢ ᠪᠦᠯᠬᠦᠮᠳᠡᠯ ᠨᠢᠭᠳᠠᠷᠠᠯ ᠤᠨ ᠬᠦᠴᠣᠨ ᠨᠡᠩ ᠴᠢᠩᠭ᠎ᠠ ᠪᠠᠶᠢᠭ᠎ᠠ ᠶᠢ ᠢᠯᠡᠷᠬᠡᠶᠢᠯᠡᠵᠤ ᠲᠣᠰ ᠣᠳᠠᠭᠠᠨ ᠤ ᠠᠵᠢᠯᠯᠠᠭ᠎ᠠ ᠳᠤ ᠨᠡᠩ ᠭᠤᠶᠣ ᠦᠩᠭᠡ ᠵᠢᠯᠠᠭ᠎ᠠ ᠨᠡᠮᠡᠷᠢᠯᠡᠪᠡ᠃      ᠲᠣᠰ ᠣᠳᠠᠭᠠᠨ ᠤ ᠶᠠᠪᠠᠭᠠᠨ ᠠᠶᠠᠯᠠᠬᠤ ᠠᠵᠢᠯᠯᠠᠭᠠᠨ ᠤ ᠲᠤᠮᠳᠠ᠂ ᠺᠠᠳ᠋ᠷ ᠠᠵᠢᠯᠳᠠᠳ ᠰᠢᠨ᠎ᠡ ᠴᠠᠭ ᠦᠶ᠎ᠡ ᠶᠢᠨ ᠠᠯᠬᠤᠭ᠎ᠠ ᠲᠠᠢ ᠵᠡᠷᠬᠡᠴᠡᠨ ︽ᠡᠷᠡᠬᠦᠯ ᠴᠢᠬᠢᠷᠠᠭ᠂ ᠪᠠᠶᠠᠷ ᠪᠠᠶᠠᠰᠤᠯ ᠲᠠᠢ᠂ ᠢᠳᠡᠪᠬᠢᠳᠡᠢ ᠴᠢᠷᠮᠠᠶᠢᠨ ᠲᠠᠪᠰᠢᠬᠤ︾ ᠣᠶᠣᠨ ᠰᠠᠨᠠᠭᠠᠨ ᠤ ᠲᠦᠷᠢ ᠲᠦᠷᠬᠦ ᠪᠠᠷ ᠨᠠᠮ ᠤᠨ ᠠᠷᠪᠠ ᠶᠢᠰᠣᠳᠣᠬᠡᠷ ᠶᠡᠭᠡ ᠬᠤᠷᠠᠯ ᠤᠨ ᠵᠣᠷᠢᠭ ᠰᠠᠨᠠᠭᠠᠨ ᠤ ᠬᠦᠷᠢᠶᠡᠯᠡᠭᠴᠢ᠂ ᠣᠬᠠᠭᠤᠯᠣᠭᠴᠢ᠂ ᠣᠶᠢᠯᠡᠳᠣᠯᠬᠡᠵᠢᠬᠦᠯᠣᠭ᠍ᠴᠢ ᠪᠣᠯᠬᠤ ᠪᠠᠷ ᠮᠡᠷᠡᠶᠢᠨ ᠴᠢᠷᠮᠡᠶᠢᠨ᠎ᠠ ᠬᠡᠵᠡᠬᠡᠵᠣ ᠪᠠᠶᠢᠯ᠎ᠠ᠃
 
ᠢᠷᠡᠯᠲᠡ᠄ ︽ᠨᠤᠮᠢᠨ ᠲᠠᠩᠰᠤᠭ ᠥᠥᠰᠢᠨ︾
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号