ᠮᠡᠨ ᠤ ᠬᠤᠰᠢᠭᠤ ᠵᠢᠭᠤᠯᠴᠢᠯᠠᠯ ᠤᠨ ᠦᠢᠯᠡᠰ ᠢ ᠶᠡᠭᠡ ᠪᠠᠷ ᠭᠦᠭᠵᠢᠭᠦᠯᠵᠦ ᠪᠤᠢ
ᠨᠡᠶᠢᠲᠡᠯᠡᠭᠰᠡᠨ ᠴᠠᠭ᠄
2018-05-17
      ᠣᠶᠢᠷ᠎ᠠ ᠶᠢᠨ ᠡᠳᠦᠷ᠂ ᠤᠷᠳᠤᠰ ᠬᠤᠳᠠ ᠶᠢᠨ ᠵᠢᠭᠤᠯᠴᠢᠯᠠᠯ ᠤᠨ ᠭᠦᠭᠵᠢᠭᠦᠯᠦᠯᠳᠡ ᠶᠢᠨ ᠵᠦᠪᠯᠠᠯ ᠠᠴᠠ ︽2017 ᠤᠨ ᠤ ᠬᠤᠳᠠ ᠶᠢᠨ ᠲᠠᠰ ᠤᠨ ᠭᠦᠳᠡᠭᠡ ᠲᠤᠰᠬᠤᠨ ᠤ ᠵᠢᠭᠤᠯᠴᠢᠯᠠᠯ ᠤᠨ ᠲᠠᠭᠤᠷᠢᠶᠠᠯ ᠦᠵᠡᠭᠦᠯᠭᠦ ᠲᠤᠰᠬᠤᠨ ᠪᠠ ᠬᠤᠳᠠ ᠶᠢᠨ ᠲᠠᠰ ᠤᠨ ᠮᠠᠯᠴᠢᠨ ᠲᠠᠷᠢᠶᠠᠴᠢᠨ ᠠᠶᠢᠯ ᠤᠨ ᠵᠤᠴᠢᠯᠠᠭ᠎ᠠ ᠶᠢᠨ ᠵᠢᠭᠤᠯᠴᠢᠯᠠᠯ ᠤᠨ ᠲᠠᠭᠤᠷᠢᠶᠠᠯ ᠦᠵᠡᠭᠦᠯᠭᠦ ᠡᠷᠦᠭᠡ ᠶᠢ ᠰᠢᠨ᠎ᠠ ᠪᠠᠷ ᠦᠨᠡᠯᠡᠨ ᠲᠤᠬᠳᠠᠭᠠᠬᠰᠠᠨ ᠨᠠᠷᠠᠰ ᠤᠨ ᠵᠢᠬᠰᠠᠭᠠᠯᠳᠠ︾ ᠶᠢ ᠲᠠᠷᠬᠠᠭᠠᠵᠤ ᠮᠡᠨ ᠤ ᠬᠤᠰᠢᠭᠤᠨ ᠤ ᠲᠠᠷᠬᠠᠨᠯᠠᠮ᠎ᠠ ᠭᠠᠴᠠᠭ᠎ᠠ ᠨᠢ ᠬᠤᠳᠠ ᠶᠢᠨ ᠲᠠᠰ ᠤᠨ ᠭᠦᠳᠡᠭᠡ ᠲᠤᠰᠬᠤᠨ ᠤ ᠵᠢᠭᠤᠯᠴᠢᠯᠠᠯ ᠤᠨ ᠲᠠᠭᠤᠷᠢᠶᠠᠯ ᠦᠵᠡᠭᠦᠯᠭᠦ ᠭᠠᠴᠠᠭ᠎ᠠ ᠪᠠᠷ ᠰᠤᠩᠭᠤᠬᠳᠠᠵᠤ᠂ ᠪᠠᠶᠠᠨᠨᠠᠭᠤᠷ ᠲᠠᠯ᠎ᠠ ᠨᠤᠳᠤᠭ ᠤᠨ ᠮᠠᠯᠴᠢᠨ ᠠᠶᠢᠯ ᠤᠨ ᠵᠤᠴᠢᠯᠠᠭ᠎ᠠ᠂ ᠬᠡᠰᠢᠭᠳᠥ᠋ᠭᠦᠷᠡᠩ ᠮᠠᠯᠴᠢᠨ ᠠᠶᠢᠯ ᠤᠨ ᠵᠤᠴᠢᠯᠠᠭ᠎ᠠ᠂ ᠮᠦᠩᠬᠡ ᠭᠤᠤᠯ ᠮᠠᠯᠴᠢᠨ ᠠᠶᠢᠯ ᠤᠨ ᠵᠤᠴᠢᠯᠠᠭ᠎ᠠ᠂ ᠰᠡᠪᠭᠦᠯ ᠮᠠᠯᠴᠢᠨ ᠠᠶᠢᠯ ᠤᠨ ᠵᠤᠴᠢᠯᠠᠭ᠎ᠠ᠂ ᠤᠩᠭᠤᠨ ᠰᠢᠯᠢ ᠮᠠᠯᠴᠢᠨ ᠠᠶᠢᠯ ᠤᠨ ᠵᠤᠴᠢᠯᠠᠭ᠎ᠠ ᠵᠡᠷᠭᠡ ᠲᠠᠪᠤᠨ ᠮᠠᠯᠴᠢᠨ ᠠᠶᠢᠯ ᠤᠨ ᠵᠤᠴᠢᠯᠠᠭ᠎ᠠ ᠶᠢᠨ ᠭᠠᠵᠠᠷ ᠨᠢ ᠬᠤᠳᠠ ᠶᠢᠨ ᠲᠠᠰ ᠤᠨ ᠮᠠᠯᠴᠢᠨ ᠲᠠᠷᠢᠶᠠᠴᠢᠨ ᠠᠶᠢᠯ ᠤᠨ ᠵᠤᠴᠢᠯᠠᠭ᠎ᠠ ᠶᠢᠨ ᠵᠢᠭᠤᠯᠴᠢᠯᠠᠯ ᠤᠨ ᠲᠠᠭᠤᠷᠢᠶᠠᠯ ᠦᠵᠡᠭᠦᠯᠭᠦ ᠡᠷᠦᠭᠡ ᠪᠠᠷ ᠰᠤᠩᠭᠤᠬᠳᠠᠬᠰᠠᠨ ᠪᠠᠶᠢᠨ᠎ᠠ᠃      ᠮᠡᠨ ᠤ ᠬᠤᠰᠢᠭᠤ ᠤᠳᠤᠬᠠᠨ ᠳᠤ ᠪᠦᠭᠦ ᠤᠯᠤᠰ ᠤᠨ ᠰᠠᠯᠠᠭᠦᠴᠠᠯ ᠮᠠᠯ ᠲᠠᠷᠢᠶᠠᠯᠠᠩ ᠪᠤᠯᠤᠨ ᠭᠦᠳᠡᠭᠡ ᠲᠤᠰᠬᠤᠨ ᠤ ᠵᠢᠭᠤᠯᠴᠢᠯᠠᠯ ᠤᠨ ᠲᠠᠭᠤᠷᠢᠶᠠᠯ ᠦᠵᠡᠭᠦᠯᠭᠦ ᠴᠡᠭ 1᠂ ᠦᠪᠡᠷᠳᠡᠭᠡᠨ ᠵᠠᠰᠠᠬᠤ ᠤᠷᠤᠨ ᠤ ᠰᠠᠯᠠᠭᠦᠴᠠᠯ ᠮᠠᠯ ᠲᠠᠷᠢᠶᠠᠯᠠᠩ ᠪᠤᠯᠤᠨ ᠭᠦᠳᠡᠭᠡ ᠲᠤᠰᠬᠤᠨ ᠤ ᠵᠢᠭᠤᠯᠴᠢᠯᠠᠯ ᠤᠨ ᠲᠠᠭᠤᠷᠢᠶᠠᠯ ᠦᠵᠡᠭᠦᠯᠭᠦ ᠴᠡᠭ 5᠂ ᠬᠤᠳᠠ ᠶᠢᠨ ᠲᠠᠰ ᠤᠨ ᠭᠦᠳᠡᠭᠡ ᠲᠤᠰᠬᠤᠨ ᠤ ᠵᠢᠭᠤᠯᠴᠢᠯᠠᠯ ᠤᠨ ᠲᠠᠭᠤᠷᠢᠶᠠᠯ ᠦᠵᠡᠭᠦᠯᠭᠦ ᠲᠤᠰᠬᠤᠨ 5᠂ ᠤᠳᠤᠨ ᠲᠠᠰ ᠤᠨ ᠮᠠᠯᠴᠢᠨ ᠲᠠᠷᠢᠶᠠᠴᠢᠨ ᠠᠶᠢᠯ ᠤᠨ ᠵᠤᠴᠢᠯᠠᠭ᠎ᠠ ᠶᠢᠨ ᠡᠷᠦᠭᠡ 54᠂ ᠡᠭᠦᠨ ᠳᠤ ᠦᠪᠡᠷᠳᠡᠭᠡᠨ ᠵᠠᠰᠠᠬᠤ ᠤᠷᠤᠨ ᠤ ᠤᠳᠤᠨ ᠲᠠᠰ ᠤᠨ ᠭᠦᠳᠡᠭᠡ ᠲᠤᠰᠬᠤᠨ ᠤ ᠵᠢᠭᠤᠯᠴᠢᠯᠠᠯ ᠤᠨ ᠵᠤᠴᠢᠯᠠᠭ᠎ᠠ ᠶᠢᠨ ᠡᠷᠦᠭᠡ 13᠂ ᠬᠤᠳᠠ ᠶᠢᠨ ᠲᠠᠰ ᠤᠨ ᠲᠠᠭᠤᠷᠢᠶᠠᠯ ᠦᠵᠡᠭᠦᠯᠭᠦ ᠡᠷᠦᠭᠡ 14᠂ ᠬᠤᠰᠢᠭᠤ ᠲᠠᠰ ᠤᠨ ᠤᠳᠤᠨ ᠲᠠᠰ ᠤᠨ ᠮᠠᠯᠴᠢᠨ ᠲᠠᠷᠢᠶᠠᠴᠢᠨ ᠠᠶᠢᠯ ᠤᠨ ᠵᠤᠴᠢᠯᠠᠭ᠎ᠠ ᠶᠢᠨ ᠡᠷᠦᠭᠡ 27 ᠪᠠᠶᠢᠵᠤ᠂ ᠪᠦᠬᠦᠶᠢᠯᠡ ᠤᠷᠤᠨ ᠪᠦᠰᠡ ᠶᠢᠨ ᠵᠢᠭᠤᠯᠴᠢᠯᠠᠯ ᠵᠢᠴᠢ ᠵᠢᠭᠤᠯᠴᠢᠯᠠᠯ ᠢᠶᠠᠷ ᠶᠠᠳᠠᠭᠤ ᠶᠢ ᠲᠠᠳᠭᠦᠭᠦ ᠴᠢᠬᠤᠯᠠ ᠲᠤᠯᠭᠠᠭᠤᠷᠢ ᠪᠡ ᠠᠴᠢᠶᠠᠯᠠᠬᠴᠢ ᠪᠤᠯᠤᠬᠰᠠᠨ ᠪᠠᠶᠢᠨ᠎ᠠ᠃      ᠮᠡᠨ ᠤ ᠬᠤᠰᠢᠭᠤ ᠲᠤᠰ ᠤᠳᠠᠭᠠᠨ ᠤ ᠦᠨᠡᠯᠡᠯᠳᠡ ᠪᠠᠷ ᠲᠠᠮᠵᠢᠨ ᠭᠦᠳᠡᠭᠡ ᠲᠤᠰᠬᠤᠨ ᠤ ᠵᠢᠭᠤᠯᠴᠢᠯᠠᠯ ᠤᠨ ᠭᠦᠭᠵᠢᠯᠳᠡ ᠶᠢ ᠪᠦᠭᠦ ᠭᠦᠴᠦᠨ ᠢᠶᠠᠷ ᠢᠶᠠᠨ ᠲᠦᠯᠬᠢᠨ ᠠᠬᠢᠭᠤᠯᠵᠤ᠂ ᠭᠦᠳᠡᠭᠡ ᠲᠤᠰᠬᠤᠨ ᠢ ᠭᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠭᠦᠳᠡᠭᠡ ᠲᠤᠰᠬᠤᠨ ᠤ ᠠᠵᠤ ᠦᠢᠯᠡᠰ ᠤᠨ ᠪᠦᠳᠦᠴᠡ ᠶᠢᠨ ᠭᠡᠯᠪᠡᠷᠢ ᠪᠠᠨ ᠬᠤᠪᠢᠷᠠᠭᠤᠯᠤᠨ ᠲᠠᠰ ᠲᠡᠪᠰᠢᠭᠦᠯᠭᠦ ᠶᠢ ᠠᠬᠢᠭᠤᠯᠵᠤ᠂ ᠭᠦᠳᠡᠭᠡ ᠲᠤᠰᠬᠤᠨ ᠳᠤ ᠵᠤᠭᠠᠴᠠᠨ ᠠᠮᠠᠷᠠᠵᠤ ᠰᠠᠯᠠᠭᠦᠴᠡᠭᠦ ᠲᠡᠭᠡᠳᠦ ᠴᠢᠨᠠᠷᠯᠢᠭ ᠲᠠᠸᠡᠷ ᠢ ᠪᠦᠳᠦᠭᠡᠨ᠂ ᠰᠠᠭᠤᠭᠠᠯᠢ ᠠᠷᠠᠳ ᠤᠨ ᠬᠤᠨᠤᠭ ᠤᠨ ᠭᠠᠵᠠᠷ ᠪᠠ ᠭᠦᠳᠡᠭᠡ ᠲᠤᠰᠬᠤᠨ ᠤ ᠪᠠᠭᠤᠳᠠᠯ ᠢ ᠪᠦᠭᠦ ᠭᠦᠴᠦᠨ ᠢᠶᠠᠷ ᠢᠶᠠᠨ ᠭᠦᠭᠵᠢᠭᠦᠯᠵᠦ᠂ ᠭᠦᠳᠡᠭᠡ ᠲᠤᠰᠬᠤᠨ  ᠳᠤ ᠵᠤᠭᠠᠴᠠᠨ ᠠᠮᠠᠷᠠᠵᠤ ᠰᠠᠯᠠᠭᠦᠴᠡᠭᠦ ᠪᠠᠶᠠᠴᠢᠯᠠᠨ ᠣᠶᠢᠯᠠᠭᠠᠬᠤ ᠲᠠᠸᠡᠷ ᠢ ᠢᠳᠡᠪᠬᠢᠳᠡᠢ ᠨᠡᠭᠡᠭᠡᠨ᠂ ᠨᠢᠭᠡ ᠪᠦᠯᠦᠭ ᠭᠦᠳᠡᠭᠡ ᠲᠤᠰᠬᠤᠨ ᠤ ᠴᠡᠴᠡᠷᠯᠢᠭ᠂ ᠦᠪᠡᠷᠳᠡᠭᠡᠨ ᠵᠢᠮᠢᠰ ᠨᠤᠭᠤᠭ᠎ᠠ ᠲᠡᠭᠦᠭᠦ᠂ ᠦᠵᠡᠮᠦᠷᠢ ᠶᠢᠨ ᠲᠠᠷᠢᠶᠠᠯᠠᠩ ᠤᠨ ᠭᠦᠷᠢᠶᠠᠯᠠᠩ᠂ ᠭᠡᠷ ᠪᠦᠯᠢ ᠶᠢᠨ ᠮᠠᠯᠵᠢᠯ ᠲᠠᠷᠢᠶᠠᠯᠠᠩ ᠤᠨ ᠲᠠᠯᠠᠪᠠᠢ ᠵᠡᠷᠭᠡ ᠭᠦᠳᠡᠭᠡ ᠲᠤᠰᠬᠤᠨ ᠤ ᠤᠨᠴᠠᠯᠢᠬᠳᠤ ᠵᠢᠭᠤᠯᠴᠢᠯᠠᠯ ᠤᠨ ᠲᠦᠷᠦᠯ ᠵᠦᠢᠯ ᠢ ᠡᠭᠦᠳᠴᠦ᠂ ᠰᠠᠭᠤᠷᠢ ᠪᠦᠳᠦᠭᠡᠨ ᠪᠠᠶᠢᠭᠤᠯᠤᠯᠳᠠ ᠪᠠᠨ ᠲᠡᠭᠦᠯᠳᠡᠷᠵᠢᠭᠦᠯᠵᠦ᠂ ᠬᠦᠳᠡᠭᠡ ᠲᠤᠰᠬᠤᠨ ᠤ ᠵᠢᠭᠤᠯᠴᠢᠯᠠᠯ ᠤᠨ ᠵᠤᠴᠢᠯᠠᠭ᠎ᠠ ᠶᠢᠨ ᠦᠢᠯᠡᠴᠢᠯᠡᠭᠡ ᠪᠠ ᠰᠤᠶᠤᠯ ᠤᠨ ᠠᠭᠤᠯᠬᠤᠨ ᠢᠶᠠᠨ ᠲᠡᠭᠡᠭᠰᠢᠯᠡᠭᠦᠯᠵᠦ᠂ ᠬᠦᠳᠡᠭᠡ ᠲᠤᠰᠬᠤᠨ ᠤ ᠵᠢᠭᠤᠯᠴᠢᠯᠠᠯ ᠤᠨ ᠠᠵᠤ ᠦᠢᠯᠡᠰ ᠤᠨ ᠭᠡᠯᠬᠢᠶᠠᠵᠢᠯ ᠢ ᠪᠤᠢ ᠪᠤᠯᠭᠠᠨ᠂ ᠮᠠᠯᠴᠢᠨ ᠲᠠᠷᠢᠶᠠᠴᠢᠳ ᠤᠨ ᠮᠠᠯᠴᠢᠨ ᠲᠠᠷᠢᠶᠠᠴᠢᠨ ᠠᠶᠢᠯ ᠤᠨ ᠵᠤᠴᠢᠯᠠᠭ᠎ᠠ ᠶᠢᠨ ᠤᠶᠢᠯᠡᠴᠢᠯᠡᠭᠡ ᠡᠷᠭᠢᠯᠡᠭᠦ᠂ ᠵᠢᠭᠤᠯᠴᠢᠯᠠᠯ ᠤᠨ ᠲᠡᠸᠡᠷ ᠢ ᠡᠭᠦᠳᠭᠦ ᠵᠡᠷᠭᠡ ᠡᠵᠡᠩᠨᠡᠯᠳᠡ ᠶᠢᠨ ᠴᠢᠨᠡᠷ ᠲᠠᠢ ᠠᠵᠢᠯᠯᠠᠭ᠎ᠠ ᠶᠢ ᠲᠡᠮᠵᠢᠨ ᠵᠢᠯᠤᠭᠤᠳᠴᠦ᠂ ᠮᠠᠯᠴᠢᠨ ᠲᠠᠷᠢᠶᠠᠴᠢᠳ ᠤᠨ ᠤᠷᠤᠯᠭ᠎ᠠ ᠶᠢ ᠨᠡᠮᠡᠭᠳᠡᠭᠦᠯᠦᠨ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠡ ᠶᠢ ᠰᠢᠪᠳᠤᠯᠬᠤ ᠠᠵᠢᠯ ᠳᠤ ᠵᠢᠭᠤᠯᠴᠢᠯᠠᠯ ᠢᠶᠠᠷ ᠲᠡᠳᠭᠦᠭᠦ ᠤᠶᠢᠯᠡᠳᠦᠯ ᠢ ᠪᠠᠳᠠᠷᠠᠭᠤᠯᠵᠤ ᠪᠠᠶᠢᠨ᠎ᠠ᠃
 
ᠢᠷᠡᠯᠲᠡ᠄ ︽ᠨᠤᠮᠢᠨ ᠲᠠᠩᠰᠤᠭ ᠦᠤᠰᠢᠨ︾
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号