5 ᠰᠠᠷ᠎ᠠ ᠶᠢᠨ 12 ᠤᠨ ᠡᠳᠥᠷ᠂ ᠬᠤᠰᠢᠭᠤ ᠭᠠᠵᠠᠷ ᠬᠥᠳᠡᠯᠥᠯᠲᠡ ᠶᠢᠨ ᠲᠤᠪᠴᠢᠶ᠎ᠠ᠂ ᠠᠷᠠᠳ ᠤᠨ | ᠶᠠᠪᠤᠳᠠᠯ ᠤᠨ ᠲᠤᠪᠴᠢᠶ᠎ᠠ᠂ ᠴᠠᠭ ᠠᠭᠤᠷ ᠤᠨ ᠲᠤᠪᠴᠢᠶ᠎ᠠ ᠠᠴᠠ ᠲᠠᠪᠤᠨ ᠰᠠᠷ᠎ᠠ ᠶᠢᠨ ᠠᠷᠪᠠᠨ ᠬᠤᠶᠠᠷ ᠤᠨ ᠡᠳᠥᠷ ᠤᠨ | ᠸᠧᠨᠴᠤᠸᠠᠨ ᠤ ᠭᠠᠵᠠᠷ ᠬᠥᠳᠡᠯᠥᠯᠲᠡ ᠶᠢᠨ ᠠᠷᠪᠠᠨ ᠵᠢᠯ ᠤᠨ ᠤᠢ ᠶᠢ ᠲᠤᠷᠠᠰᠬᠠᠬᠤ ᠠᠵᠢᠯᠯᠠᠭ᠎ᠠ ᠶᠢ ᠬᠤᠰᠢᠭᠤ | ᠰᠤᠪᠤᠷᠭ᠎ᠠ ᠠᠭᠤᠳᠠᠮ ᠲᠠᠯᠠᠪᠠᠢ ᠳᠤ ᠥᠷᠨᠢᠭᠦᠯᠪᠡ᠃ ᠲᠤᠰ ᠠᠵᠢᠯᠯᠠᠭ᠎ᠠ ᠳᠤ ᠬᠤᠰᠢᠭᠤ ᠨᠢᠭᠡᠳᠥᠭᠡᠷ ᠲᠤᠷᠰᠢᠯᠲᠠ ᠶᠢᠨ | ᠪᠠᠭ᠎ᠠ ᠰᠤᠷᠭᠠᠭᠤᠯᠢ ᠶᠢᠨ ᠰᠤᠷᠤᠭᠴᠢᠳ ᠠᠴᠠ ︽ᠭᠠᠵᠠᠷ ᠬᠥᠳᠡᠯᠥᠯᠲᠡ ᠶᠢᠨ ᠲᠤᠮᠲᠠᠬᠢ ᠠᠪᠤ ᠬᠥᠥ ᠬᠤᠶᠠᠷ︾ ᠭᠡᠬᠦ | ᠬᠢᠴᠢᠶᠡᠯ ᠤᠨ ᠪᠢᠴᠢᠭ ᠤᠨ ᠵᠥᠴᠥᠭᠡ ᠶᠢ ᠲᠤᠭᠯᠠᠵᠤ᠂ ᠬᠤᠰᠢᠭᠤ ᠬᠤᠷᠠᠬᠤ ᠰᠤᠶᠤᠯ ᠤᠨ ᠲᠤᠭᠤᠶᠢᠯᠠᠩ ᠠᠴᠠ | ᠲᠠᠶᠠᠭᠠᠷ ᠲᠤ ᠤᠷᠠᠯᠢᠭ ᠤᠨ ᠲᠤᠭᠯᠠᠯᠲᠠ ᠭᠠᠷᠭᠠᠪᠠ᠃ ᠬᠠᠮᠲᠤ ᠳᠤᠨᠢ ᠡᠯ᠎ᠡ ᠬᠤᠯᠪᠤᠭᠳᠠᠯ ᠪᠥᠬᠦᠢ ᠰᠠᠯᠠᠭ᠎ᠠ | ᠮᠥᠴᠢᠷ ᠠᠴᠠ ᠭᠠᠵᠠᠷ ᠬᠥᠳᠡᠯᠥᠯᠲᠡ ᠶᠢ ᠰᠡᠷᠭᠡᠶᠢᠯᠡᠨ ᠭᠠᠮᠰᠢᠭ ᠢ ᠪᠠᠭᠠᠰᠬᠠᠬᠤ ᠡᠳᠥᠷ ᠤᠨ ᠭᠤᠤᠯ ᠰᠡᠲᠥᠪᠲᠥ | ᠠᠶᠤᠯ ᠢ ᠰᠡᠷᠭᠡᠶᠢᠯᠡᠬᠦ ᠤᠬᠠᠭᠤᠯᠭ᠎ᠠ ᠶᠢᠨ ᠬᠠᠭᠤᠳᠠᠰᠤ ᠶᠢ ᠲᠠᠷᠬᠠᠭᠠᠬᠤ ᠠᠵᠢᠯᠯᠠᠭ᠎ᠠ ᠥᠷᠨᠢᠭᠦᠯᠵᠤ᠂ ᠤᠯᠠᠨ ᠲᠥᠮᠡᠨ | ᠳᠤ ᠠᠮᠤᠷ ᠲᠥᠪᠰᠢᠨ ᠤ ᠥᠵᠡᠯ ᠤᠬᠠᠮᠰᠠᠷ ᠢᠶᠠᠨ ᠴᠢᠩᠭᠠᠳᠬᠠᠨ᠂ ᠠᠶᠤᠯ ᠢ ᠰᠡᠷᠭᠡᠶᠢᠯᠡᠬᠦ ᠶᠢ ᠴᠢᠬᠤᠯᠠᠴᠢᠯᠠᠬᠤ ᠶᠢ | ᠰᠠᠨᠠᠭᠤᠯᠤᠭᠰᠠᠨ ᠪᠠᠶᠢᠨ᠎ᠠ᠃ | | | | | |