ᠬᠤᠰᠢᠭᠤ ᠬᠠᠤᠯᠢ ᠬᠡᠷᠡᠭᠵᠢᠬᠦᠯᠬᠦ ᠲᠤᠪᠴᠢᠶ᠎ᠠ ᠪᠦᠬᠦ ᠤᠯᠤᠰ ᠤᠨ ᠰᠢᠶᠠᠨ ᠤ ᠲᠠᠰ ᠤᠨ ᠪᠤᠯᠪᠠᠰᠤᠨ ᠬᠤᠳᠠ ᠶᠢ ᠴᠤᠭᠴᠠᠯᠠᠬᠤ ᠠᠵᠢᠯ ᠳᠤ ᠪᠦᠬᠦ ᠲᠠᠯ᠎ᠠ ᠪᠠᠷ ᠦᠢᠯᠡᠴᠢᠯᠡᠵᠤ ᠪᠤᠢ
ᠨᠡᠶᠢᠲᠡᠯᠡᠭᠰᠡᠨ ᠴᠠᠭ᠄
2018-05-17
     ᠤᠶᠢᠷ᠎ᠠ ᠶᠢᠨ ᠡᠳᠦᠷ ᠬᠤᠰᠢᠭᠤ ᠬᠠᠤᠯᠢ ᠬᠡᠷᠡᠭᠵᠢᠬᠦᠯᠬᠦ ᠲᠤᠪᠴᠢᠶ᠎ᠠ ᠨᠢ ᠪᠠᠯᠭᠠᠰᠤᠨ ᠲᠤᠭᠤᠷᠢᠭ ᠤᠨ ᠵᠡᠬᠡᠯᠢ ᠭᠤᠳᠤᠮᠵᠢ ᠶᠢᠨ ᠲᠦᠷᠢ ᠲᠦᠷᠬᠦ ᠶᠢ ᠭᠤᠶᠤᠵᠢᠭᠤᠯᠬᠤ ᠶᠢᠨ ᠲᠦᠯᠦᠬᠡ᠂ ᠬᠠᠤᠯᠢ ᠬᠡᠷᠡᠭᠵᠢᠬᠦᠯᠦᠭᠴᠢᠳ ᠢᠶᠠᠨ ᠵᠤᠬᠢᠶᠠᠨ ᠪᠠᠶᠢᠭᠤᠯᠵᠤ ᠬᠤᠳᠠᠯᠳᠤᠭᠠᠴᠢᠨ ᠡᠷᠦᠬᠡ ᠲᠠᠢ ᠡᠬᠦᠳᠡᠨ ᠡᠮᠦᠨᠡᠬᠢ ᠲᠠᠭᠠᠭᠠᠴᠢᠯᠠᠯᠳᠠ ᠶᠢᠨ ᠬᠠᠷᠢᠭᠤᠴᠠᠯᠭ᠎ᠠ ᠲᠤᠭᠳᠠᠬᠤ᠂ ᠵᠡᠬᠡᠯᠢ ᠭᠤᠳᠤᠮᠵᠢ ᠶᠢᠨ ᠤᠷᠴᠢᠨ ᠲᠤᠭᠤᠷᠢᠨ ᠢ ᠵᠠᠰᠠᠨ ᠴᠡᠭᠴᠡᠯᠡᠬᠦ᠂ ᠲᠡᠷᠬᠡ ᠮᠠᠰᠢᠨ ᠢ ᠡᠮᠬᠢ ᠲᠢᠭᠯᠢᠮ ᠲᠠᠢ ᠵᠤᠭᠰᠤᠭᠠᠬᠤ ᠵᠡᠷᠭᠡ ᠭᠤᠷᠪᠠᠨ ᠲᠠᠯ᠎ᠠ ᠶᠢᠨ ᠠᠷᠭ᠎ᠠ ᠬᠡᠮᠵᠢᠶ᠎ᠠ ᠪᠠᠷ ᠪᠦᠬᠦ ᠤᠯᠤᠰ ᠤᠨ ᠰᠢᠶᠠᠨ ᠤ ᠲᠠᠰ ᠤᠨ ᠪᠤᠯᠪᠠᠰᠤᠨ ᠬᠤᠳᠠ ᠶᠢ ᠴᠤᠭᠴᠠᠯᠠᠬᠤ ᠠᠵᠢᠯ ᠳᠤ ᠪᠦᠬᠦ ᠲᠠᠯ᠎ᠠ ᠪᠠᠷ ᠤᠶᠢᠯᠡᠴᠢᠯᠡᠵᠤ ᠪᠠᠶᠢᠨ᠎ᠠ᠃      ᠡᠩ ᠲᠡᠷᠢᠬᠦᠨ ᠳᠤ᠂ ᠬᠠᠤᠯᠢ ᠬᠡᠷᠡᠭᠵᠢᠬᠦᠯᠬᠦ ᠠᠵᠢᠯᠳᠠᠳ ᠪᠠᠯᠭᠠᠰᠤᠨ ᠲᠤᠭᠤᠷᠢᠭ ᠤᠨ ᠬᠤᠳᠠᠯᠳᠤᠭᠠᠴᠢᠨ ᠡᠷᠦᠬᠡ᠂ ᠪᠠᠶᠢᠭᠤᠯᠭ᠎ᠠ ᠨᠢᠭᠡᠴᠢ ᠳᠤ ᠬᠦᠷᠴᠤ ᠲᠡᠳᠡᠨ ᠲᠠᠢ ︽ᠡᠬᠦᠳᠡᠨ ᠡᠮᠦᠨᠡᠬᠢ ᠭᠤᠷᠪᠠᠨ ᠲᠠᠭᠠᠭᠠᠴᠢᠯᠠᠯᠳᠠ︾ ᠶᠢᠨ ᠬᠠᠷᠢᠭᠤᠴᠠᠯᠭ᠎ᠠ ᠶᠢᠨ ᠪᠢᠴᠢᠭ ᠲᠤᠭᠳᠠᠨ᠂ ᠲᠠᠳᠠᠨ ᠢ ᠡᠬᠦᠳᠡᠨ ᠡᠮᠦᠨᠡᠬᠢ ᠤᠷᠴᠢᠨ ᠲᠤᠭᠤᠷᠢᠨ ᠢᠶᠠᠨ ᠴᠡᠪᠡᠷ ᠠᠷᠢᠭᠤᠨ ᠪᠠᠶᠢᠯᠭᠠᠬᠤ᠂ ᠡᠬᠦᠳᠡᠨ ᠡᠮᠦᠨᠡᠬᠢ ᠠᠬᠤᠢ ᠲᠠᠯᠠᠪᠡᠢ ᠪᠠᠨ ᠡᠮᠬᠢ ᠲᠢᠭᠯᠢᠮ ᠲᠠᠢ ᠪᠠᠶᠢᠯᠭᠠᠬᠤ᠂ ᠡᠬᠦᠳᠡᠨ ᠡᠮᠦᠨᠡᠬᠢ ᠡᠪᠡᠰᠦ ᠮᠤᠳᠤ ᠶᠢ ᠬᠠᠶᠢᠷᠠᠯᠠᠨ ᠬᠠᠮᠠᠭᠠᠯᠠᠭᠰᠠᠨ ᠪᠠᠶᠢᠬᠤ ᠶᠢ ᠪᠠᠳᠤᠯᠠᠭᠰᠠᠨ ᠪᠠᠶᠢᠨ᠎ᠠ᠃ ᠲᠠᠷᠠᠭ᠎ᠠ ᠳᠤ ᠨᠢ᠂ ᠵᠡᠬᠡᠯᠢ ᠭᠤᠳᠤᠮᠵᠢ ᠶᠢᠨ ᠤᠷᠴᠢᠨ ᠲᠤᠭᠤᠷᠢᠨ ᠢ ᠵᠠᠰᠠᠨ ᠴᠡᠭᠴᠡᠯᠡᠬᠦ ᠪᠠ ᠪᠠᠷᠢᠯᠭ᠎ᠠ ᠶᠢᠨ ᠬᠦᠷᠢᠶ᠎ᠡ ᠬᠡᠷᠡᠰᠬᠡ᠂ ᠨᠡᠶᠢᠳᠡ ᠶᠢᠨ ᠠᠰᠠᠷᠠᠮᠵᠢ ᠶᠢᠨ ᠵᠠᠷ ᠮᠡᠳᠡᠬᠡᠨ ᠤ ᠲᠠᠪᠴᠠᠩ ᠢ ᠲᠤᠬᠢᠳᠠᠢ ᠪᠠᠶᠢᠷᠢᠯᠠᠭᠤᠯᠤᠭᠰᠠᠨ ᠪᠠᠶᠢᠨ᠎ᠠ᠃ ᠡᠯ᠎ᠡ ᠬᠠᠤᠯᠢ ᠬᠡᠷᠡᠭᠵᠢᠬᠦᠯᠬᠦ ᠶᠡᠭᠡ ᠠᠩᠬᠢ ᠨᠢ ᠪᠠᠷᠢᠯᠭ᠎ᠠ ᠶᠢᠨ ᠬᠤᠭ ᠨᠤᠪᠰᠢ᠂ ᠰᠠᠭᠤᠭᠠᠯᠢ ᠠᠷᠠᠳ ᠤᠨ ᠲᠤᠭᠤᠷᠢᠭ ᠤᠨ ᠠᠮᠢᠳᠤᠷᠠᠯ ᠤᠨ ᠬᠤᠭ ᠨᠤᠪᠰᠢ ᠶᠢ ᠲᠦᠪᠯᠡᠷᠡᠬᠦᠯᠦᠨ ᠰᠢᠢᠳᠪᠦᠷᠢᠯᠡᠵᠤ᠂ ᠶᠠᠪᠤᠭᠤᠯ ᠠᠷᠠᠯᠵᠢᠶᠠᠴᠢᠨ ᠪᠤᠯᠤᠨ ᠬᠠᠶᠠᠭᠳᠠᠮᠠᠯ ᠡᠳ᠋ ᠲᠦᠪᠯᠡᠷᠡᠬᠦᠯᠦᠨ ᠬᠤᠷᠢᠶᠠᠬᠤ ᠭᠠᠵᠠᠷ ᠤᠨ ᠪᠤᠵᠠᠷ ᠪᠤᠬᠢᠷ᠂ ᠡᠷᠦᠢ ᠬᠤᠷᠦᠢ ᠦᠬᠡᠢ ᠪᠠᠶᠢᠬᠤ ᠠᠰᠠᠭᠤᠳᠠᠯ ᠢ ᠵᠠᠰᠠᠨ ᠴᠡᠭᠴᠡᠯᠡᠵᠤ᠂ ᠰᠤᠷᠳᠠᠯ ᠤᠬᠠᠭᠤᠯᠭ᠎ᠠ ᠪᠠᠨ ᠴᠢᠩᠭᠠᠳᠬᠠᠨ ᠰᠠᠭᠤᠭᠠᠯᠢ ᠠᠷᠠᠳ ᠤᠨ ᠤᠷᠴᠢᠨ ᠲᠤᠭᠤᠷᠢᠨ ᠢᠶᠠᠨ ᠬᠠᠶᠢᠷᠠᠯᠠᠨ ᠬᠠᠮᠠᠭᠠᠯᠠᠬᠤ ᠦᠵᠡᠯ ᠤᠬᠠᠮᠰᠠᠷ ᠢ ᠨᠢ ᠲᠡᠭᠡᠭᠰᠢᠯᠡᠬᠦᠯᠦᠭᠰᠡᠨ ᠪᠠᠶᠢᠨ᠎ᠠ᠃ ᠲᠠᠭᠠᠤ ᠳᠤᠨᠢ ᠪᠠᠷᠢᠯᠭ᠎ᠠ ᠶᠢᠨ ᠬᠦᠷᠢᠶ᠎ᠡ ᠬᠡᠷᠡᠰᠬᠡ ᠶᠢᠨ ᠨᠠᠶᠢᠳᠡ ᠶᠢᠨ ᠠᠰᠠᠷᠠᠮᠵᠢ ᠶᠢᠨ ᠵᠠᠷ ᠮᠡᠳᠡᠭᠡ ᠶᠢ 30% ᠠᠴᠠ ᠲᠡᠭᠡᠭᠰᠢ ᠪᠠᠶᠢᠯᠭᠠᠬᠤ ᠶᠢ ᠱᠠᠭᠠᠷᠳᠠᠵᠤ᠂ ᠨᠡᠶᠢᠳᠡ ᠶᠢᠨ ᠠᠰᠠᠷᠠᠮᠵᠢ ᠶᠢᠨ ᠵᠠᠷ ᠮᠡᠳᠡᠭᠡ ᠶᠢ ᠪᠦᠬᠦ ᠪᠠᠷᠢᠯᠭ᠎ᠠ ᠶᠢᠨ ᠬᠦᠷᠢᠶ᠎ᠡ ᠬᠡᠷᠡᠰᠬᠡ ᠳᠤ ᠨᠡᠶᠢᠳᠡᠮᠵᠢᠭᠦᠯᠵᠤ᠂ ᠬᠢᠨᠠᠨ ᠵᠦᠪᠰᠢᠶᠡᠷᠡᠯᠳᠡ ᠠᠪᠤᠭᠰᠠᠨ ᠦᠬᠡᠢ ᠬᠤᠳᠠᠯᠳᠤᠭᠠᠨ ᠤ ᠵᠠᠷ ᠮᠡᠳᠡᠭᠡ ᠶᠢ ᠬᠠᠤᠯᠢ ᠶᠤᠰᠤᠭᠠᠷ ᠪᠠᠶᠢᠴᠠᠭᠠᠨ ᠴᠡᠭᠴᠡᠯᠡᠭᠰᠡᠨ ᠪᠠᠶᠢᠨ᠎ᠠ᠃ ᠭᠤᠷᠪᠠ ᠳᠤ᠂ ᠤᠷᠳᠤ ᠬᠤᠭᠤᠴᠠᠭ᠎ᠠ ᠪᠠᠷ ᠵᠠᠮ ᠤᠨ ᠬᠦᠪᠡᠭᠡ᠂ ᠵᠡᠬᠡᠯᠢ ᠭᠤᠳᠤᠮᠵᠢ ᠶᠢ ᠪᠦᠭᠯᠡᠨ ᠵᠣᠭᠰᠣᠳᠠᠭ ᠲᠡᠷᠬᠡ ᠮᠠᠰᠢᠨ ᠪᠠ ᠡᠮᠬᠢ ᠲᠢᠭᠯᠢᠮ ᠦᠬᠡᠢ ᠵᠤᠭᠰᠤᠭᠠᠭᠰᠠᠨ ᠲᠡᠷᠬᠡ ᠮᠠᠰᠢᠨ ᠳᠤ ᠴᠡᠭᠴᠡᠯᠡᠯᠳᠡ ᠬᠢᠭᠰᠡᠨ ᠪᠠᠶᠢᠨ᠎ᠠ᠃ ᠬᠠᠤᠯᠢ ᠬᠡᠷᠡᠭᠵᠢᠬᠦᠯᠬᠦ ᠠᠵᠢᠯᠳᠠᠳ ᠲᠤᠬᠠᠢ ᠶᠢᠨ ᠭᠠᠵᠠᠷ ᠲᠤᠨᠢ ᠲᠡᠷᠬᠡᠨ ᠡᠵᠡᠨ ᠢ ᠨᠢ ᠡᠷᠢᠬᠦ᠂ ᠤᠳᠠᠰᠤ ᠪᠠᠷ ᠮᠡᠳᠡᠭᠳᠡᠬᠦ ᠵᠡᠷᠬᠡ ᠠᠷᠭ᠎ᠠ ᠬᠡᠯᠪᠠᠷᠢ ᠪᠠᠷ ᠲᠡᠷᠬᠡ ᠶᠢ ᠨᠢ ᠰᠢᠯᠵᠢᠬᠦᠯᠵᠤ᠂ ᠰᠠᠨᠠᠭᠤᠯᠤᠮᠵᠢ ᠠᠪᠳᠠᠭ ᠦᠬᠡᠢ ᠵᠢᠯᠤᠭᠤᠴᠢ ᠳᠤ ᠲᠤᠷᠭᠠᠭᠤᠯᠢ ᠦᠵᠡᠬᠦᠯᠬᠦ᠂ ᠠᠯᠪᠠᠳᠠᠯᠭ᠎ᠠ ᠪᠠᠷ ᠰᠢᠯᠵᠢᠬᠦᠯᠦᠨ ᠵᠠᠶᠢᠯᠠᠭᠤᠯᠬᠤ ᠵᠡᠷᠬᠡ ᠠᠷᠭ᠎ᠠ ᠬᠡᠮᠵᠢᠶ᠎ᠡ ᠪᠠᠷ ᠵᠠᠮ ᠤᠨ ᠬᠦᠪᠡᠭᠡ ᠶᠢᠨ ᠲᠡᠷᠭᠡ ᠮᠠᠰᠢᠨ ᠤ ᠵᠤᠭᠰᠤᠭᠠᠯ ᠤᠨ ᠡᠮᠬᠢ ᠲᠢᠭᠯᠢᠮ ᠢ ᠪᠠᠳᠤᠯᠠᠭᠰᠠᠨ ᠪᠠ ᠵᠡᠬᠡᠯᠢ ᠭᠤᠳᠤᠮᠵᠢ ᠶᠢᠨ ᠲᠠᠷᠭᠡ ᠮᠠᠰᠢᠨ ᠤ ᠤᠷᠤᠵᠤ ᠭᠠᠷᠬᠤ ᠳᠤ ᠪᠡᠷᠬᠡ ᠲᠠᠢ ᠠᠰᠠᠭᠤᠳᠠᠯ ᠢ ᠰᠢᠢᠳᠪᠦᠷᠢᠯᠡᠭᠰᠡᠨ ᠪᠠᠶᠢᠨ᠎ᠠ᠃      ᠲᠤᠰ ᠤᠳᠠᠭᠠᠨ ᠤ ᠠᠵᠢᠯᠯᠠᠭ᠎ᠠ ᠪᠠᠷ ᠲᠠᠮᠵᠢᠭᠠᠳ ᠪᠠᠯᠭᠠᠰᠤᠨ ᠲᠤᠭᠤᠷᠢᠭ ᠤᠨ ᠵᠡᠬᠡᠯᠢ ᠭᠤᠳᠤᠮᠵᠢ ᠶᠢᠨ ᠠᠷᠢᠭᠤᠨ ᠴᠡᠪᠡᠷ ᠢ ᠪᠠᠳᠤᠯᠠᠨ᠂ ᠵᠡᠬᠡᠯᠢ ᠭᠤᠳᠤᠮᠵᠢ ᠶᠢᠨ ᠲᠦᠷᠢ ᠲᠦᠷᠬᠦ ᠶᠢ ᠭᠤᠶᠤᠵᠢᠭᠤᠯᠤᠭᠰᠠᠨ ᠪᠦᠬᠡᠳ ᠲᠡᠷᠭᠡ ᠮᠠᠰᠢᠨ ᠤ ᠵᠤᠭᠰᠤᠭᠠᠯ ᠳᠠᠭᠠᠨ ᠵᠤᠭᠰᠤᠭᠠᠬᠤ ᠶᠢ ᠵᠢᠷᠤᠮᠵᠢᠭᠤᠯᠵᠤ᠂ ᠪᠦᠬᠦ ᠤᠯᠤᠰ ᠤᠨ ᠰᠢᠶᠠᠨ ᠤ ᠲᠡᠰ ᠤᠨ ᠪᠤᠯᠪᠠᠰᠤᠨ ᠬᠤᠳᠠ ᠶᠢᠨ ᠴᠤᠭᠴᠠᠯᠠᠯᠳᠠ ᠳᠤ ᠦᠨᠳᠦᠰᠤᠨ ᠪᠠᠳᠤᠯᠠᠭ᠎ᠠ ᠬᠠᠩᠭᠠᠭᠰᠠᠨ ᠪᠠᠶᠢᠨ᠎ᠠ᠃
 
ᠢᠷᠡᠯᠲᠡ᠄ ︽ᠨᠤᠮᠢᠨ ᠲᠠᠩᠰᠤᠭ ᠥᠥᠰᠢᠨ︾
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号