ᠠᠯᠳᠠᠨᠳᠣᠶᠠᠭ᠎ᠠ ᠨᠠᠷ ᠦᠨᠳᠣᠰᠣᠳᠡᠨ ᠤ ᠪᠦᠯᠬᠦᠮᠳᠡᠯ ᠳᠠᠪᠰᠢᠯᠳᠡ ᠶᠢᠨ ᠡᠬᠦᠳᠦᠨ ᠪᠠᠶᠢᠭᠤᠯᠤᠯᠳᠠ ᠶᠢ ︽ᠵᠢᠷᠭᠤᠭ᠎ᠠ ᠳᠤ ᠣᠷᠣᠭᠤᠯᠬᠤ︾ ᠠᠵᠢᠯᠯᠠᠭ᠎ᠠ ᠶᠢ ᠥᠷᠨᠢᠬᠦᠯᠦᠭᠰᠡᠨ ᠪᠠᠶᠢᠳᠡᠯ ᠳᠤ ᠪᠠᠶᠢᠴᠠᠭᠠᠨ ᠵᠢᠯᠤᠭᠤᠳᠣᠯᠭ᠎ᠠ ᠬᠢᠪᠡ
ᠨᠡᠶᠢᠲᠡᠯᠡᠭᠰᠡᠨ ᠴᠠᠭ᠄
2018-05-17
     ᠣᠶᠢᠷ᠎ᠠ ᠶᠢᠨ ᠡᠳᠣᠷ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠤᠨᠲ  ᠤᠨ ᠭᠡᠯᠲᠡᠰ ᠤᠨ ᠲᠠᠷᠤᠭ᠎ᠠ ᠠᠯᠲᠠᠨᠲᠤᠶᠠᠭ᠎ᠠ ᠬᠤᠰᠢᠭᠤ ᠨᠠᠮ ᠤᠨ ᠬᠤᠷᠢᠶᠠᠨ ᠤ ᠣᠬᠠᠭᠤᠯᠬᠤ ᠭᠡᠯᠳᠡᠰ᠂ ᠨᠢᠭᠡᠳᠣᠮᠠᠯ ᠹᠷᠤᠨᠲ ᠤᠨ ᠭᠡᠯᠲᠡᠰ᠂ ᠦᠨᠳᠣᠰᠣᠳᠡᠨ ᠱᠠᠰᠢᠨ ᠰᠣᠷᠳᠠᠬᠤᠨ ᠤ ᠭᠡᠷᠡᠭ ᠡᠷᠬᠢᠯᠡᠬᠦ ᠳᠣᠪᠴᠢᠶᠠᠨ ᠤ ᠬᠠᠮᠢᠶ᠎ᠠ ᠪᠦᠬᠦᠢ ᠣᠳᠣᠷᠢᠳᠣᠯᠭ᠎ᠠ ᠶᠢ ᠳᠠᠭᠠᠭᠤᠯᠵᠤ ᠦᠨᠳᠣᠰᠣᠳᠡᠨ ᠤ ᠪᠦᠯᠬᠦᠮᠳᠡᠯ ᠳᠠᠪᠰᠢᠯᠳᠡ ᠶᠢᠨ ᠡᠬᠦᠳᠦᠨ ᠪᠠᠶᠢᠭᠤᠯᠤᠯᠳᠠ ᠶᠢ ︽ᠵᠢᠷᠭᠤᠭ᠎ᠠ ᠳᠤ ᠣᠷᠣᠭᠤᠯᠬᠤ︾ ᠠᠵᠢᠯᠯᠠᠭ᠎ᠠ ᠶᠢ ᠥᠷᠨᠢᠬᠦᠯᠦᠭᠰᠡᠨ ᠪᠠᠶᠢᠳᠡᠯ ᠳᠤ ᠪᠠᠶᠢᠴᠠᠭᠠᠨ ᠵᠢᠯᠤᠭᠤᠳᠣᠯᠭ᠎ᠠ ᠬᠢᠪᠡ᠃      ᠪᠠᠶᠢᠴᠠᠭᠠᠨ ᠰᠣᠳᠣᠯᠣᠯᠳᠠ ᠶᠢᠨ ᠲᠤᠭᠤᠶᠢᠯᠠᠩ ᠤᠨ ᠬᠢᠨ ᠤᠷᠢᠳ ᠬᠤᠵᠢᠳ ᠦᠨᠳᠣᠰᠣᠳᠡᠨ ᠤ ᠪᠦᠯᠬᠦᠮᠳᠡᠯ ᠳᠠᠪᠰᠢᠯᠳᠡ ᠶᠢᠨ ᠦᠷ᠎ᠡ ᠪᠦᠳᠣᠭᠡᠯ ᠤᠨ ᠳᠡᠯᠬᠡᠨ ᠦᠵᠡᠬᠦᠯᠣᠯᠬᠡ ᠶᠢᠨ ᠲᠢᠩᠬᠢᠮ᠂ ᠪᠠᠶᠢᠴᠠᠭᠠᠬᠤ ᠬᠤᠷᠢᠶ᠎ᠠ᠂ ᠭᠤᠷᠪᠠᠳᠤᠭᠠᠷ ᠲᠤᠷᠰᠢᠯᠲᠠ ᠶᠢᠨ ᠪᠠᠭ᠎ᠠ ᠰᠤᠷᠭᠠᠭᠤᠯᠢ᠂ ᠮᠤᠩᠭᠤᠯ ᠡᠮᠨᠡᠯᠭᠡ ᠶᠢᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠵᠡᠷᠭᠡ ᠭᠠᠵᠠᠷ ᠤᠳ ᠢᠶᠠᠷ ᠭᠦᠷᠴᠦ ᠦᠨᠳᠣᠰᠣᠳᠡᠨ ᠤ ᠪᠦᠯᠬᠦᠮᠳᠡᠯ ᠳᠠᠪᠰᠢᠯᠳᠡ ᠶᠢᠨ ᠡᠬᠦᠳᠦᠨ ᠪᠠᠶᠢᠭᠤᠯᠤᠯᠳᠠ ᠶᠢ ︽ᠵᠢᠷᠭᠤᠭ᠎ᠠ ᠳᠤ ᠣᠷᠣᠭᠤᠯᠬᠤ︾ ᠠᠵᠢᠯᠯᠠᠭ᠎ᠠ ᠶᠢ ᠥᠷᠨᠢᠬᠦᠯᠦᠭᠰᠡᠨ ᠪᠠᠶᠢᠳᠡᠯ ᠳᠤ ᠪᠠᠶᠢᠴᠠᠭᠠᠨ ᠰᠣᠳᠣᠯᠣᠯᠳᠠ ᠬᠢᠵᠣ᠂ ᠣᠳᠣᠬᠠᠨ ᠤ ᠡᠬᠦᠳᠣᠨ ᠪᠠᠶᠢᠭᠤᠯᠬᠤ ᠠᠵᠢᠯᠯᠠᠭ᠎ᠠ ᠶᠢᠨ ᠡᠯ᠎ᠡ ᠲᠠᠯ᠎ᠠ ᠶᠢᠨ ᠠᠵᠢᠯ ᠳᠤ ᠬᠦᠢᠴᠡᠳ ᠨᠣᠳᠠᠯᠠᠯᠳᠠ ᠦᠭᠬᠦᠭᠰᠡᠨ ᠤ ᠬᠠᠮᠳᠣ ᠳᠠᠷᠠᠭ᠎ᠠ ᠠᠯᠬᠤᠮ ᠤᠨ ᠠᠵᠢᠯ ᠳᠤ ᠵᠦᠪ ᠣᠨᠣᠪᠴᠢᠳᠡᠢ ᠱᠠᠭᠠᠷᠳᠠᠯᠭ᠎ᠠ ᠳᠣᠷᠠᠳᠣᠭᠰᠠᠨ ᠪᠠᠶᠢᠨ᠎ᠠ᠃      ᠠᠯᠲᠠᠨᠲᠤᠶᠠᠭ᠎ᠠ ᠱᠠᠭᠠᠷᠳᠠᠬᠤ ᠳᠤ ᠪᠠᠨ ᠡᠯ᠎ᠡ ᠬᠤᠯᠪᠤᠭᠳᠠᠯ ᠪᠦᠬᠦᠢ ᠪᠠᠶᠢᠭᠤᠯᠭ᠎ᠠ ᠨᠢᠬᠡᠴᠢ ᠨᠠᠮ ᠪᠠ ᠤᠯᠤᠰ  ᠤᠨ ᠦᠨᠳᠦᠰᠦᠲᠡᠨ ᠤ ᠤᠨᠤᠯ᠂ ᠲᠦᠷᠦ ᠶᠢᠨ ᠪᠤᠳᠤᠯᠭ᠎ᠠ᠂ ᠬᠠᠥᠯᠢ ᠴᠠᠭᠠᠵᠠ ᠳᠦᠷᠢᠮ ᠲᠤᠭᠳᠠᠭᠠᠯ ᠢ ᠣᠯᠠᠮ ᠨᠢᠬᠡ ᠠᠯᠬᠤᠮ ᠰᠣᠷᠣᠯᠴᠠᠨ ᠡᠵᠡᠮᠰᠢᠵᠤ᠂ ᠦᠨᠳᠤᠰᠦᠲᠡᠨ ᠤ ᠪᠦᠯᠬᠦᠮᠳᠡᠯ ᠲᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠰᠠᠶᠢᠲᠤᠷ ᠬᠢᠬᠦ ᠡᠬᠦᠷᠭᠡ ᠬᠠᠷᠢᠭᠤᠴᠠᠯᠭᠠᠲᠤ ᠰᠡᠳᠬᠢᠯᠭᠡ ᠶᠢ ᠳᠡᠭᠡᠭᠰᠢᠯᠡᠬᠦᠯᠣᠨ᠂ ᠦᠨᠳᠣᠰᠣᠳᠡᠨ ᠤ ᠪᠦᠯᠬᠦᠮᠳᠡᠯ ᠳᠡᠪᠰᠢᠯᠳᠡ ᠶᠢ ᠲᠤᠬᠠᠶᠢᠯᠠᠭᠰᠠᠨ ᠠᠵᠢᠯ ᠳᠣᠮᠳᠠ ᠪᠠᠨ ᠠᠭᠤᠰᠬᠠᠨ᠂ ᠨᠠᠮ ᠪᠠ ᠤᠯᠤᠰ ᠤᠷᠤᠨ ᠤ ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠬᠡᠷᠡᠭᠵᠢᠬᠦᠯᠵᠦ᠂ ᠪᠤᠳᠠᠲᠠᠢ ᠠᠰᠠᠭᠤᠳᠠᠯ ᠢ ᠪᠤᠳᠠᠲᠠᠢ  ᠪᠠᠷ ᠵᠠᠳᠠᠯᠬᠤ ᠶᠢ ᠪᠠᠷᠢᠮᠳᠠᠯᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠥᠯᠢ ᠶᠤᠰᠤᠨ ᠤ ᠡᠷᠬᠡ ᠠᠰᠢᠭ ᠢ ᠪᠠᠳᠣᠯᠠᠬᠤ ᠭᠡᠷᠡᠭᠳᠡᠢ᠃ ᠣᠯᠠᠨ ᠦᠨᠳᠣᠰᠣᠳᠡᠨ ᠲᠠᠢ ᠣᠯᠣᠰ ᠤᠨ ᠪᠠᠶᠢᠳᠡᠯ ᠪᠣᠯᠣᠨ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ᠤᠬᠠᠭᠤᠯᠭ᠎ᠠ ᠬᠦᠮᠦᠵᠢᠯ ᠤᠨ ᠠᠵᠢᠯ ᠢ ᠴᠢᠩᠭᠠᠳᠬᠠᠨ᠂ ᠦᠨᠳᠣᠰᠣᠳᠡᠨ ᠤ ᠳᠣᠬᠠᠢ ᠮᠡᠳᠡᠯᠬᠡ ᠮᠡᠳᠡᠴᠡ ᠶᠢ ᠣᠬᠠᠭᠤᠯᠣᠨ ᠳᠦᠬᠡᠮᠡᠯᠵᠢᠬᠦᠯᠵᠣ ︽ᠭᠤᠷᠪᠠᠨ ᠰᠠᠯᠵᠤ ᠴᠢᠳᠠᠰᠢ ᠦᠭᠡᠢ︾ ︽ᠲᠠᠪᠤᠨ ᠮᠡᠳᠡᠷᠡᠬᠦᠢ︾ ᠶᠢᠨ ᠦᠵᠡᠯ ᠰᠠᠨᠠᠭ᠎ᠠ ᠶᠢ ᠡᠯ᠎ᠡ ᠦᠨᠳᠦᠰᠦᠲᠡᠨ ᠤ ᠠᠷᠠᠳ ᠲᠦᠮᠡᠨ ᠤ ᠰᠡᠳᠬᠢᠯ ᠵᠢᠷᠦᠬᠡᠨ ᠳᠤ ᠬᠠᠳᠠᠩᠰᠢᠭᠤᠯᠵᠤ᠂ ᠪᠦᠬᠦ ᠬᠤᠰᠢᠭᠤᠨ ᠳᠤ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢᠨ ᠵᠢᠱᠢᠶ᠎ᠡ ᠦᠵᠡᠬᠦᠯᠬᠦ ᠬᠤᠰᠢᠭᠤ ᠶᠢ ᠡᠬᠦᠳᠦᠨ ᠪᠠᠶᠢᠭᠤᠯᠬᠤ ᠰᠠᠶᠢᠨ ᠰᠠᠶᠢᠬᠠᠨ ᠤᠷᠴᠢᠨ ᠢ ᠪᠦᠷᠢᠯᠳᠦᠬᠦᠯᠬᠦ ᠭᠡᠷᠡᠭᠳᠡᠢ᠃ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ᠵᠢᠱᠢᠶ᠎ᠡ ᠦᠵᠡᠬᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ ᠦᠪᠡᠷ ᠤᠨ ᠢᠶᠠᠨ ᠲᠤᠬᠠᠶᠢᠯᠠᠭᠰᠠᠨ ᠠᠵᠢᠯ ᠲᠠᠢ ᠴᠤᠭ ᠪᠠᠶᠢᠷᠢᠯᠠᠭᠤᠯᠣᠨ  ᠨᠠᠶᠢᠳᠠᠪᠤᠷᠢᠵᠢᠭᠤᠯᠵᠤ᠂ ᠪᠤᠳᠠᠲᠤ ᠪᠠᠶᠢᠳᠠᠯ ᠲᠠᠢ ᠪᠠᠨ ᠨᠢᠭᠲᠠ ᠤᠶᠠᠯᠳᠣᠭᠤᠯᠤᠨ᠂ ᠠᠵᠢᠯ ᠤᠨ ᠭᠤᠤᠯᠳᠠᠯᠭ᠎ᠠ ᠪᠠᠨ ᠳᠣᠪᠣᠶᠢᠯᠭᠠᠵᠤ᠂ ᠥᠪᠡᠷᠮᠢᠴᠡ ᠤᠨᠴᠠᠯᠢᠭ ᠲᠠᠢ᠂ ᠬᠢᠯᠠᠰ ᠴᠡᠭ  ᠲᠠᠢ ᠰᠢᠨ᠎ᠡ ᠶᠢ ᠡᠬᠦᠳᠴᠦ ᠦᠷᠨᠢᠬᠦᠯᠦᠨ᠂ ᠪᠦᠬᠦ ᠤᠯᠤᠰ ᠤᠨ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢᠨ ᠵᠢᠱᠢᠶ᠎ᠡ ᠦᠵᠡᠬᠦᠯᠬᠦ ᠬᠤᠰᠢᠭᠤ ᠶᠢ ᠡᠬᠦᠳᠦᠨ ᠪᠠᠶᠢᠭᠤᠯᠬᠤ ᠠᠵᠢᠯ ᠢ ᠦᠷᠬᠦᠯᠵᠢᠯᠡᠨ ᠰᠠᠶᠢᠳᠣᠷ ᠬᠢᠬᠦ ᠭᠡᠷᠡᠭᠳᠡᠢ ᠬᠡᠪᠡ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号