5 ᠰᠠᠷ᠎ᠠ ᠶᠢᠨ 10 ᠤ ᠡᠳᠦᠷ ᠠᠴᠠ 11 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠰᠤᠷᠲᠠᠯ | ᠴᠢᠬᠡᠴᠢ ᠵᠠᠰᠠᠭ ᠤᠨ ᠪᠠᠶᠢᠭᠤᠯᠤᠯᠲᠠ ᠶᠢᠨ ︽ᠬᠤᠶᠠᠷ ᠬᠠᠷᠢᠭᠤᠴᠠᠯᠭ᠎ᠠ︾ ᠶᠢ ᠬᠢᠨᠠᠨ ᠵᠢᠯᠣᠭᠤᠳᠬᠤ ᠨᠢᠭᠡᠳᠦᠭᠡᠷ | ᠳᠤᠭᠤᠶᠢᠯᠠᠩ ᠤᠨ ᠳᠡᠳ᠋ ᠳᠠᠷᠤᠭ᠎ᠠ ᠯᠢ ᠪᠢᠨ ᠬᠢᠨᠠᠨ ᠵᠢᠯᠣᠭᠤᠳᠬᠤ ᠪᠦᠯᠬᠦᠮ ᠤᠨ ᠬᠢᠨ ᠢ ᠳᠠᠭᠠᠭᠤᠯᠤᠨ ᠮᠠᠨ ᠤ | ᠬᠤᠰᠢᠭᠤᠨ ᠳᠤ ᠢᠷᠡᠵᠦ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠭᠤᠣᠯ ᠴᠣᠭᠴᠠ ᠶᠢᠨ | ᠬᠠᠷᠢᠭᠤᠴᠠᠯᠭ᠎ᠠ ᠪᠣᠯᠣᠨ ᠬᠢᠨᠠᠯᠲᠠ ᠲᠠᠯᠪᠢᠬᠤ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠭᠳᠠᠭᠰᠠᠨ ᠪᠠᠶᠢᠳᠠᠯ ᠳᠤ | ᠬᠢᠨᠠᠨ ᠵᠢᠯᠣᠭᠤᠳᠤᠯᠭ᠎ᠠ ᠬᠢᠵᠦ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠬᠤᠰᠢᠭᠤ | ᠨᠠᠮ ᠤᠨ ᠬᠤᠷᠢᠶᠠᠨ ᠤ ᠱᠦᠵᠢ ᠵᠢᠷᠭᠠᠯᠲᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ | ᠴᠢᠶᠣᠣ ᠶᠦᠨ ᠯᠢ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠰᠠᠬᠢᠯᠭ᠎ᠠ ᠪᠠᠲᠤ ᠪᠠᠶᠢᠴᠠᠭᠠᠬᠤ | ᠬᠤᠷᠢᠶᠠᠨ ᠤ ᠱᠦᠵᠢ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠠᠨ ᠲᠢᠶᠠᠨ᠂ ᠬᠤᠰᠢᠭᠤ ᠨᠠᠮ ᠤᠨ ᠬᠤᠷᠢᠶᠠᠨ | ᠤ ᠪᠠᠶᠢᠩᠭᠤ ᠶᠢᠨ ᠭᠡᠰᠢᠭᠦᠨ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠵᠣᠣ ᠶᠦᠩ ᠹᠧᠩ ᠪᠠᠷᠠᠳᠠᠨ | ᠬᠢᠨᠠᠨ ᠵᠢᠯᠣᠭᠤᠳᠤᠯᠭ᠎ᠠ ᠬᠢᠪᠡ᠃ ᠲᠤᠰ ᠤᠳᠠᠭᠠᠨ ᠤ ᠬᠢᠨᠠᠨ ᠵᠢᠯᠣᠭᠤᠳᠤᠯᠭ᠎ᠠ ᠨᠢ ᠬᠠᠷᠢᠭᠤ ᠮᠡᠳᠡᠭᠦᠯᠦᠯᠲᠡ ᠶᠢ | ᠰᠣᠨᠣᠰᠬᠤ᠂ ᠮᠠᠲ᠋ᠧᠷᠢᠶᠠᠯ ᠪᠠᠶᠢᠴᠠᠭᠠᠬᠤ᠂ ᠶᠠᠷᠢᠯᠴᠠᠭ᠎ᠠ ᠥᠷᠨᠢᠭᠦᠯᠬᠦ᠂ ᠲᠤᠬᠠᠢ ᠶᠢᠨ ᠲᠠᠯᠠᠪᠠᠢ ᠶᠢᠨ ᠪᠠᠶᠢᠴᠠᠭᠠᠯᠲᠠ ᠬᠢᠬᠦ | ᠵᠡᠷᠭᠡ ᠬᠡᠯᠪᠡᠷᠢ ᠪᠠᠷ ᠶᠠᠪᠤᠭᠳᠠᠪᠠ᠃ | 5 ᠰᠠᠷ᠎ᠠ ᠶᠢᠨ 10 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ | ᠤ ᠳᠡᠳ᠋ ᠲᠡᠷᠢᠭᠦᠯᠡᠭᠴᠢ ᠬᠤᠰᠢᠭᠤ ᠨᠠᠮ ᠤᠨ ᠬᠤᠷᠢᠶᠠᠨ ᠤ ᠱᠦᠵᠢ ᠵᠢᠷᠭᠠᠯᠲᠤ ᠬᠠᠷᠢᠭᠤ ᠮᠡᠳᠡᠭᠦᠯᠦᠯᠲᠡ ᠶᠢᠨ | ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ | ᠴᠢᠶᠣᠣ ᠶᠦᠨ ᠯᠢ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠡᠷᠬᠢᠯᠡᠭᠴᠢ ᠪᠤᠶᠠᠨᠮᠠᠨᠳᠤᠬᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠤᠣ ᠸᠧᠢ᠂ ᠬᠤᠰᠢᠭᠤ | ᠨᠠᠮ ᠤᠨ ᠬᠤᠷᠢᠶᠠᠨ ᠤ ᠳᠡᠳ᠋ ᠱᠦᠵᠢ ᠣᠯᠣᠰ ᠳᠦᠷᠣ ᠬᠠᠣᠯᠢ ᠴᠠᠭᠠᠵᠠ ᠶᠢᠨ ᠬᠤᠷᠢᠶᠠᠨ ᠤ ᠱᠦᠵᠢ ᠰᠤᠷᠭᠠᠯᠲᠤ᠂ | ᠬᠤᠰᠢᠭᠤ ᠨᠠᠮ ᠤᠨ ᠬᠤᠷᠢᠶᠠᠨ ᠤ ᠪᠠᠶᠢᠡᠭᠭᠤ ᠶᠢᠨ ᠭᠡᠰᠢᠬᠦᠨ ᠬᠤᠰᠢᠭᠤ ᠳᠡᠳ᠋ ᠳᠠᠷᠤᠭ᠎ᠠ ᠴᠢᠶᠣᠣ ᠠᠢ ᠫᠢᠩ᠂ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ | ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠠᠨ ᠲᠢᠶᠠᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ ᠬᠤᠰᠢᠭᠤ ᠳᠡᠳ᠋ ᠳᠠᠷᠤᠭ᠎ᠠ ᠵᠠᠩ ᡁᠢ ᠰᠢᠥ᠋ᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ ᠤᠬᠠᠭᠤᠯᠬᠤ ᠬᠡᠯᠲᠡᠰ ᠤᠨ ᠳᠠᠷᠤᠭ᠎ᠠ ᠹᠧᠩ ᡁᠢ ᠮᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠵᠣᠣ ᠶᠦᠩ ᠹᠧᠩ᠂ ᠬᠤᠰᠢᠭᠤ ᠨᠠᠮ ᠤᠨ ᠬᠤᠷᠢᠶᠠᠨ | ᠤ ᠪᠠᠶᠢᠩᠭᠤ ᠶᠢᠨ ᠭᠡᠰᠢᠭᠦᠨ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠠᠯᠲᠠᠨᠲᠤᠶᠠᠭ᠎ᠠ᠂ ᠬᠤᠰᠢᠭᠤ | ᠤᠳᠤᠷᠢᠳᠤᠯᠭ᠎ᠠ ᠭᠤᠣ ᠬᠤ᠋᠂ ᠬᠤᠰᠢᠭᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ | ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | ᠯᠢ ᠪᠢᠨ ᠲᠤᠰ ᠤᠳᠠᠭᠠᠨ ᠤ ᠬᠢᠨᠠᠨ ᠵᠢᠯᠣᠭᠤᠳᠤᠯᠭ᠎ᠠ ᠶᠢᠨ ᠠᠵᠢᠯ ᠳᠤ ᠲᠣᠳᠣᠷᠬᠠᠶᠢᠯᠠᠯᠲᠠ ᠬᠢᠭᠰᠡᠨ ᠤ | ᠬᠠᠮᠲᠤ᠂ ᠬᠤᠯᠪᠣᠭᠳᠠᠯ ᠪᠦᠬᠦᠢ ᠠᠵᠢᠯ ᠳᠤ ᠪᠣᠳᠠᠲᠠᠢ ᠱᠠᠭᠠᠷᠳᠠᠯᠭ᠎ᠠ ᠳᠤᠷᠠᠳᠪᠠ᠃ ᠲᠡᠷᠡ ᠵᠢᠭᠠᠬᠤ ᠳᠠᠭᠠᠨ᠂ ︽ | ᠬᠤᠶᠠᠷ ᠬᠠᠷᠢᠭᠤᠴᠠᠯᠭ᠎ᠠ︾ ᠶᠢᠨ ᠬᠢᠨᠠᠨ ᠵᠢᠯᠣᠭᠤᠳᠤᠯᠭ᠎ᠠ ᠶᠢ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠢ | ᠭᠦᠢᠴᠡᠳ ᠲᠠᠨᠢᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠭᠤᠣᠯ ᠴᠣᠭᠴᠠ ᠶᠢᠨ | ᠬᠠᠷᠢᠭᠤᠴᠠᠯᠭ᠎ᠠ ᠪᠣᠯᠣᠨ ᠬᠢᠨᠠᠯᠲᠠ ᠲᠠᠯᠪᠢᠬᠤ ᠬᠠᠷᠢᠭᠤᠴᠠᠯᠭ᠎ᠠ ᠶᠢᠨ ᠳᠠᠮᠵᠢᠭᠤᠯᠬᠤ ᠲᠣᠭᠲᠠᠯᠴᠠᠭ᠎ᠠ ᠶᠢ ᠴᠢᠩᠭᠠᠳᠬᠠᠵᠤ | ᠂ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠭᠳᠠᠬᠤ ᠶᠢ ᠪᠠᠲᠤᠯᠠᠬᠤ ᠬᠡᠷᠡᠭᠲᠡᠢ᠃ | ᠬᠢᠨᠠᠨ ᠵᠢᠯᠣᠭᠤᠳᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠠᠰᠠᠭᠤᠳᠠᠯ ᠤᠨ ᠴᠡᠭᠴᠡᠯᠡᠨ ᠰᠠᠶᠢᠵᠢᠷᠠᠭᠤᠯᠤᠯᠲᠠ ᠶᠢ | ᠴᠢᠩᠭ᠎ᠠ ᠠᠳᠬᠤᠵᠤ᠂ ︽ᠬᠤᠶᠠᠷ ᠬᠠᠷᠢᠭᠤᠴᠠᠯᠭ᠎ᠠ︾ ᠶᠢᠨ ᠠᠵᠢᠯ ᠤᠨ ᠲᠣᠭᠲᠠᠯᠴᠠᠭ᠎ᠠ ᠶᠢ ᠪᠦᠲᠦᠭᠡᠨ ᠪᠠᠶᠢᠭᠤᠯᠤᠨ | ᠪᠦᠷᠢᠨᠰᠢᠭᠦᠯᠵᠦ᠂ ᠤᠯᠤᠰ ᠲᠥᠷᠥ ᠶᠢᠨ ᠣᠷᠴᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠬᠡᠷᠡᠭᠲᠡᠢ ᠭᠡᠪᠡ᠃ | ᠵᠢᠷᠭᠠᠯᠲᠤ ᠢᠯᠡᠷᠬᠡᠶᠢᠯᠡᠬᠦ ᠳᠡᠭᠡᠨ᠂ ᠦᠦᠰᠢᠨ ᠬᠤᠰᠢᠭᠤᠨ ᠤ ᠨᠠᠮ ᠤᠨ ᠬᠤᠷᠢᠶ᠎ᠠ ᠨᠢ ᠲᠤᠰ ᠤᠳᠠᠭᠠᠨ ᠤ | ᠬᠤᠷᠠᠯ ᠤᠨ ᠵᠣᠷᠢᠭ ᠰᠠᠨᠠᠭ᠎ᠠ ᠶᠣᠰᠣᠭᠠᠷ᠂ ᠢᠳᠡᠪᠬᠢᠲᠡᠢ ᠤᠬᠠᠮᠰᠠᠷ ᠲᠠᠢ ᠪᠠᠷ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠵᠦ᠂ ᠡᠯ᠎ᠡ ᠲᠥᠷᠥᠯ ᠤᠨ ᠠᠵᠢᠯ ᠢ ᠯᠠᠪᠳᠠᠭᠤᠨ ᠪᠠᠲᠤᠲᠠᠢ ᠠᠬᠢᠭᠤᠯᠤᠨ᠂ ︽ᠬᠤᠶᠠᠷ ᠬᠠᠷᠢᠭᠤᠴᠠᠯᠭ᠎ᠠ︾ | ᠶᠢᠨ ᠪᠣᠳᠠᠲᠠᠢ ᠭᠠᠵᠠᠷ ᠲᠤ ᠨᠢ ᠨᠠᠶᠢᠳᠠᠪᠤᠷᠢᠵᠢᠭᠤᠯᠤᠭᠳᠠᠬᠤ ᠶᠢ ᠪᠠᠲᠤᠯᠠᠵᠤ᠂ ᠨᠠᠮ ᠤᠨ ᠰᠤᠷᠲᠠᠯ ᠴᠢᠬᠡᠴᠢ | ᠵᠠᠰᠠᠭ ᠤᠨ ᠪᠠᠶᠢᠭᠤᠯᠤᠯᠲᠠ ᠪᠣᠯᠣᠨ ᠢᠯᠵᠢᠷᠡᠮᠡᠯ ᠢ ᠡᠰᠡᠷᠭᠦᠴᠡᠬᠦ ᠠᠵᠢᠯ ᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ | ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠦᠨᠳᠦᠷ ᠴᠢᠨᠰᠠᠭᠠᠲᠤ ᠬᠥᠭᠵᠢᠯᠲᠡ ᠳᠤ ᠠᠷᠢᠭᠤᠨ ᠴᠢᠬᠡᠴᠢ ᠲᠥᠪ | ᠭᠤᠣᠯᠴᠢ ᠣᠷᠴᠢᠨ ᠢ ᠴᠢᠷᠮᠠᠶᠢᠨ ᠪᠦᠷᠢᠯᠳᠦᠬᠦᠯᠦᠨ᠎ᠡ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢ ᠬᠢᠨᠠᠨ | ᠵᠢᠯᠣᠭᠤᠳᠬᠤ ᠱᠠᠭᠠᠷᠳᠠᠯᠭ᠎ᠠ ᠶᠣᠰᠣᠭᠠᠷ᠂ ᠢᠳᠡᠪᠬᠢᠲᠡᠢ ᠬᠠᠮᠵᠢᠯᠴᠠᠨ᠂ ᠬᠠᠮᠢᠶ᠎ᠠ ᠪᠦᠬᠦᠢ ᠮᠠᠲ᠋ᠧᠷᠢᠶᠠᠯ ᠢ ᠨᠠᠷᠢᠨ | ᠬᠢᠨᠠᠮᠠᠭᠠᠢ ᠪᠡᠯᠡᠳᠬᠡᠵᠦ᠂ ᠰᠠᠨᠠᠭᠠᠴᠢᠯᠠᠭ᠎ᠠ ᠲᠠᠢ ᠪᠠᠷ ᠬᠠᠷᠢᠯᠴᠠᠨ᠂ ᠬᠢᠨᠠᠨ ᠵᠢᠯᠣᠭᠤᠳᠬᠤ ᠳᠤᠭᠤᠶᠢᠯᠠᠩ ᠤᠨ ᠪᠠᠶᠢᠳᠠᠯ ᠢ | ᠪᠦᠬᠦ ᠲᠠᠯ᠎ᠠ ᠪᠠᠷ ᠣᠶᠢᠯᠠᠭᠠᠨ᠂ ᠠᠵᠢᠯ ᠢᠶᠠᠨ ᠡᠮᠬᠢ ᠴᠡᠭᠴᠡ ᠲᠠᠢ ᠥᠷᠨᠢᠭᠦᠯᠬᠦ ᠳᠤ ᠳᠥᠭᠦᠮ ᠲᠦᠳᠡ ᠦᠢᠯᠡᠴᠢᠯᠡᠭᠡ | ᠬᠠᠩᠭᠠᠬᠤ ᠬᠡᠷᠡᠭᠲᠡᠢ ᠭᠡᠵᠡᠢ᠃ | ᠯᠠᠨ ᠲᠢᠶᠠᠨ ᠢᠯᠡᠷᠬᠡᠶᠢᠯᠡᠬᠦ ᠳᠡᠭᠡᠨ᠂ ᠦᠦᠰᠢᠨ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ | ᠬᠢᠨᠠᠨ ᠪᠠᠶᠢᠴᠠᠭᠠᠬᠤ ᠵᠥᠪᠯᠡᠯ ᠨᠢ ᠲᠤᠰ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ | ᠲᠤᠤᠱᠯᠠᠭᠤᠯᠤᠨ᠂ ᠬᠢᠨᠠᠨ ᠵᠢᠯᠣᠭᠤᠳᠬᠤ ᠳᠤᠭᠤᠶᠢᠯᠠᠩ ᠤᠨ ᠠᠵᠢᠯ ᠤᠨ ᠱᠠᠭᠠᠷᠳᠠᠯᠭ᠎ᠠ ᠶᠣᠰᠣᠭᠠᠷ᠂ ᠡᠯ᠎ᠡ ᠱᠠᠲᠤᠨ ᠤ | ᠰᠠᠬᠢᠯᠭ᠎ᠠ ᠪᠠᠲᠤ ᠪᠠᠶᠢᠴᠠᠭᠠᠬᠤ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠨᠠᠮ ᠤᠨ ᠰᠤᠷᠲᠠᠯ | ᠴᠢᠬᠡᠴᠢ ᠵᠠᠰᠠᠭ ᠤᠨ ᠪᠠᠶᠢᠭᠤᠯᠤᠯᠲᠠ ᠶᠢᠨ ︽ᠬᠤᠶᠠᠷ ᠬᠠᠷᠢᠭᠤᠴᠠᠯᠭ᠎ᠠ︾ ᠶᠢ ᠤᠯᠠᠮ ᠨᠢᠭᠡ ᠠᠯᠬᠤᠮ | ᠪᠣᠳᠠᠲᠠᠶᠢᠵᠢᠭᠤᠯᠵᠤ᠂ ︽3+5︾ ᠲᠤᠰᠬᠠᠢ ᠲᠥᠷᠥᠯ ᠤᠨ ᠴᠡᠭᠴᠡᠯᠡᠯᠲᠡ ᠶᠢᠨ ᠠᠵᠢᠯ ᠢ ᠴᠢᠩᠭ᠎ᠠ ᠠᠳᠬᠤᠵᠤ᠂ | ᠺᠠᠳ᠋ᠷ ᠠᠵᠢᠯᠲᠠᠨ ᠤ ᠡᠩᠨᠡᠭᠡᠨ ᠤ ᠪᠦᠲᠦᠭᠡᠨ ᠪᠠᠶᠢᠭᠤᠯᠤᠯᠲᠠ ᠶᠢᠨ ᠵᠢᠯ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠬᠦᠴᠦᠯᠡᠴᠡ ᠪᠠᠨ ᠨᠡᠮᠡᠭᠳᠡᠭᠦᠯᠵᠦ᠂ ᠪᠦᠬᠦ | ᠬᠤᠰᠢᠭᠤᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠠ ᠢᠯᠵᠢᠷᠡᠮᠡᠯ ᠢ ᠡᠰᠡᠷᠭᠦᠴᠡᠬᠦ ᠠᠵᠢᠯ ᠢ | ᠭᠦᠨᠵᠡᠭᠡᠢ ᠥᠷᠨᠢᠭᠦᠯᠬᠦ ᠶᠢ ᠲᠠᠰᠤᠷᠠᠯᠲᠠ ᠦᠭᠡᠢ ᠲᠦᠯᠬᠢᠨ ᠠᠬᠢᠭᠤᠯᠤᠨ᠎ᠠ ᠭᠡᠪᠡ᠃ | 5 ᠰᠠᠷ᠎ᠠ ᠶᠢᠨ 11 ᠤ ᠡᠳᠦᠷ ᠬᠢᠨᠠᠨ ᠵᠢᠯᠣᠭᠤᠳᠬᠤ ᠳᠤᠭᠤᠶᠢᠯᠠᠩ ᠤᠨ ᠬᠢᠨ ᠬᠤᠰᠢᠭᠤ ᠳᠥᠷᠪᠡᠨ ᠶᠡᠭᠡ | ᠤᠳᠤᠷᠢᠳᠬᠤ ᠪᠠᠭ ᠤᠨ ᠤᠳᠤᠷᠢᠳᠤᠯᠭ᠎ᠠ ᠲᠠᠢ ᠶᠠᠷᠢᠯᠴᠠᠭ᠎ᠠ ᠬᠢᠵᠦ᠂ ᠨᠠᠮ ᠤᠨ ᠰᠤᠷᠲᠠᠯ ᠴᠢᠬᠡᠴᠢ ᠵᠠᠰᠠᠭ ᠤᠨ | ᠪᠠᠶᠢᠭᠤᠯᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠪᠣᠯᠣᠨ ᠬᠢᠨᠠᠯᠲᠠ ᠲᠠᠯᠪᠢᠬᠤ ᠬᠠᠷᠢᠭᠤᠴᠠᠯᠭ᠎ᠠ ᠶᠢᠨ | ᠬᠠᠮᠢᠶ᠎ᠠ ᠪᠦᠬᠦᠢ ᠮᠠᠲ᠋ᠧᠷᠢᠶᠠᠯ ᠢ ᠪᠠᠶᠢᠴᠠᠭᠠᠨ ᠦᠵᠡᠭᠰᠡᠨ ᠪᠠᠶᠢᠨ᠎ᠠ᠃ ᠳᠠᠷᠠᠭ᠎ᠠ ᠨᠢ᠂ ᠬᠤᠰᠢᠭᠤ ᠴᠢᠬᠡᠴᠢ ᠵᠠᠰᠠᠭ ᠤᠨ | ᠬᠥᠮᠥᠵᠢᠯ ᠤᠨ ᠬᠠᠮᠢᠶᠠᠷᠤᠯᠲᠠ ᠶᠢᠨ ᠲᠥᠪ ᠢᠶᠠᠷ ᠲᠣᠭᠤᠷᠢᠨ ᠦᠵᠡᠭᠰᠡᠨ ᠤ ᠬᠠᠮᠲᠤ ᠭᠠᠯᠠᠭᠤᠲᠤ ᠪᠠᠯᠭᠠᠰᠤ᠂ | ᠰᠢᠷᠬᠤᠰᠤᠨ ᠪᠠᠯᠭᠠᠰᠤ ᠪᠠᠷ ᠬᠦᠷᠴᠦ ᠲᠤᠬᠠᠢ ᠶᠢᠨ ᠲᠠᠯᠠᠪᠠᠢ ᠶᠢᠨ ᠬᠢᠨᠡᠨ ᠵᠢᠯᠣᠭᠤᠳᠤᠯᠭ᠎ᠠ ᠬᠢᠭᠰᠡᠨ ᠪᠠᠶᠢᠨ᠎ᠠ᠃ |