ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠲᠠᠷᠤᠭ᠎ᠠ ᠴᠢᠶᠤᠤ ᠶᠦᠨ ᠯᠢ ᠨᠠᠷ ᠭᠠᠯᠠᠭᠤᠲᠤ ᠪᠠᠯᠭᠠᠰᠤᠨ ᠳᠤ ᠬᠦᠷᠴᠦ ᠤᠨᠤᠪᠴᠢᠳᠠᠢ ᠪᠠᠷ ᠶᠠᠳᠠᠭᠤ ᠶᠢ ᠳᠡᠳᠬᠦᠨ ᠪᠤᠭᠤᠮᠲᠠ ᠰᠢᠪᠳᠤᠯᠬᠤ ᠠᠵᠢᠯ ᠳᠤ ᠪᠠᠶᠢᠴᠠᠭᠠᠨ ᠰᠤᠳᠤᠯᠤᠯᠳᠠ ᠬᠢᠪᠡ
ᠨᠡᠶᠢᠲᠡᠯᠡᠭᠰᠡᠨ ᠴᠠᠭ᠄
2018-05-18
     ᠣᠶᠢᠷ᠎ᠠ ᠶᠢᠨ ᠡᠳᠣᠷ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠲᠠᠷᠤᠭ᠎ᠠ ᠴᠢᠶᠤᠤ ᠶᠦᠨ ᠯᠢ ᠭᠠᠯᠠᠭᠤᠲᠤ ᠪᠠᠯᠭᠠᠰᠤᠨ ᠤ ᠬᠡᠰᠡᠭ ᠶᠠᠳᠠᠭᠤ ᠡᠷᠦᠭᠡ ᠳᠤ ᠬᠦᠷᠴᠦ ᠶᠠᠳᠠᠭᠤ ᠠᠴᠠ ᠠᠩᠬᠢᠵᠢᠷᠠᠭᠤᠯᠬᠤ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠭᠳᠠᠵᠤ ᠪᠠᠶᠢᠭ᠎ᠠ ᠪᠠᠶᠢᠳᠠᠯ᠂ ᠪᠠᠬᠢᠵᠢᠬᠦᠯᠦᠭᠳᠡᠵᠦ ᠪᠠᠶᠢᠭ᠎ᠠ ᠦᠷ᠎ᠡ ᠪᠦᠲᠦᠮᠵᠢ᠂ ᠤᠳᠤᠬᠠᠨ ᠤ ᠦᠢᠯᠡᠳᠪᠦᠷᠢᠯᠡᠯ ᠪᠦᠲᠦᠬᠡᠨ ᠪᠠᠶᠢᠭᠤᠯᠤᠯᠳᠠ ᠲᠤᠮᠳᠠᠬᠢ ᠪᠤᠳᠠᠲᠤ ᠱᠠᠭᠠᠷᠳᠠᠯᠭ᠎ᠠ ᠶᠢ ᠤᠶᠢᠯᠠᠭᠠᠭᠰᠠᠨ ᠪᠠᠶᠢᠨ᠎ᠠ᠃ ᠬᠤᠰᠢᠭᠤ ᠵᠠᠰᠠᠭ ᠤᠨ ᠤᠷᠳᠤᠨ ᠤ ᠠᠯᠪᠠᠨ ᠭᠡᠷ᠂ ᠶᠠᠳᠠᠭᠤ ᠶᠢ ᠳᠡᠳᠬᠦᠨ ᠨᠡᠬᠡᠬᠡᠯᠳᠡ ᠬᠢᠬᠦ ᠶᠡᠷᠦᠩᠬᠡᠶᠢᠯᠡᠭᠰᠡᠨ ᠦᠢᠯᠡᠴᠢᠯᠡᠭᠡᠨ ᠤ ᠲᠦᠪ ᠤᠨ ᠬᠠᠷᠢᠭᠤᠴᠠᠯᠭᠠᠳᠠᠨ ᠪᠠᠷᠠᠳᠠᠨ ᠪᠠᠶᠢᠴᠠᠭᠠᠪᠠ᠃
     ᠴᠢᠶᠤᠤ ᠶᠦᠨ ᠯᠢ ᠨᠠᠷ ᠤᠷᠢᠳ ᠬᠤᠵᠢᠳ ᠭᠠᠯᠠᠭᠤᠲᠤ ᠪᠠᠯᠭᠠᠰᠤᠨ ᠤ ᠰᠡᠪᠬᠦᠯ ᠭᠠᠴᠠᠭ᠎ᠠ᠂ ᠮᠤᠳᠤᠨᠴᠠᠶᠢᠳᠠᠮ ᠲᠤᠰᠬᠤᠨ ᠤ 3 ᠶᠠᠳᠠᠭᠤ ᠡᠷᠦᠬᠡ ᠳᠤ ᠬᠦᠷᠴᠦ ᠳᠡᠳᠡᠨ ᠤ ᠤᠷᠤᠨ ᠭᠡᠷ᠂ ᠦᠢᠯᠡᠳᠪᠦᠷᠢᠯᠡᠯ ᠠᠮᠢᠳᠤᠷᠠᠯ᠂ ᠦᠷ᠎ᠡ ᠬᠡᠤᠭᠡᠳ ᠤᠨ ᠰᠤᠷᠭᠠᠭᠤᠯᠢ ᠳᠤ ᠰᠤᠷᠤᠯᠴᠠᠵᠤ ᠪᠠᠶᠢᠭ᠎ᠠ ᠪᠠᠶᠢᠳᠠᠯ᠂ ᠪᠡᠶ᠎ᠡ ᠮᠠᠬᠠᠪᠤᠳ ᠤᠨ ᠡᠷᠡᠬᠦᠯ ᠴᠢᠬᠢᠷᠠᠭ ᠤᠨ ᠪᠠᠶᠢᠳᠠᠯ᠂ ᠤᠷᠤᠯᠭ᠎ᠠ ᠶᠢᠨ ᠪᠠᠶᠢᠳᠠᠯ᠂ ᠲᠡᠳᠬᠦᠨ ᠲᠡᠮᠵᠢᠵᠤ ᠪᠠᠶᠢᠭ᠎ᠠ ᠺᠠᠳ᠋ᠷ᠂ ᠶᠠᠳᠠᠭᠤ ᠶᠢ ᠳᠡᠳᠬᠦᠬᠦ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠭᠳᠠᠵᠤ ᠪᠠᠶᠢᠭ᠎ᠠ ᠵᠡᠷᠭᠡ ᠪᠠᠶᠢᠳᠠᠯ ᠢ ᠤᠶᠢᠯᠠᠭᠠᠬᠤ ᠶᠢᠨ ᠬᠠᠮᠲᠤ ᠲᠡᠵᠢᠬᠡᠪᠦᠷᠢ ᠶᠢᠨ ᠰᠠᠷᠠᠪᠴᠢ᠂ ᠤᠷᠤᠨ ᠰᠠᠭᠤᠴᠠ ᠵᠡᠷᠭᠡ ᠰᠠᠭᠤᠷᠢ ᠲᠤᠨᠤᠭ ᠲᠦᠬᠦᠬᠡᠷᠦᠮᠵᠢ ᠶᠢ ᠪᠠᠶᠢᠴᠠᠭᠠᠨ ᠦᠵᠡᠪᠡ᠃ ᠴᠢᠶᠤᠤ ᠶᠦᠨ ᠯᠢ ᠳᠡᠳᠡᠨ ᠢ ᠢᠳᠡᠭᠡᠯ ᠵᠤᠷᠢᠭ ᠢᠶᠠᠨ ᠪᠠᠳᠤᠳᠬᠠᠵᠤ ᠨᠠᠮ ᠵᠠᠰᠠᠭ ᠤᠨ ᠲᠡᠮᠵᠢᠯᠬᠡ ᠲᠤᠤᠷ᠎ᠠ ᠦᠪᠡᠷᠳᠡᠭᠡᠨ ᠴᠢᠷᠮᠠᠶᠢᠨ ᠠᠵᠢᠯᠯᠠᠵᠤ ᠠᠮᠢᠳᠤᠷᠠᠯ ᠢᠶᠠᠨ ᠴᠢᠨᠡᠭᠡᠯᠢᠭᠵᠢᠬᠦᠯᠬᠦ ᠶᠢ ᠵᠤᠷᠢᠭᠵᠢᠭᠤᠯᠵᠠᠢ᠃      ᠴᠢᠶᠤᠤ ᠶᠦᠨ ᠯᠢ ᠵᠢᠭᠠᠵᠤ ᠭᠠᠷᠭᠠᠬᠤ ᠳᠤ ᠪᠠᠨ᠂ ᠰᠢ ᠶᠢᠨ ᠫᠢᠩ ᠶᠡᠷᠦᠩᠬᠡᠢ ᠱᠦᠵᠢ ᠴᠢᠬᠤᠯᠠᠴᠢᠯᠠᠬᠤ ᠳᠤ  ᠪᠠᠨ 2020 ᠤᠨ ᠳᠤ ᠪᠦᠬᠦ ᠲᠠᠯ᠎ᠠ ᠪᠠᠷ ᠴᠢᠨᠡᠬᠡᠯᠢᠭ ᠨᠡᠶᠢᠬᠡᠮ ᠢ ᠪᠠᠶᠢᠭᠤᠯᠬᠤ ᠳᠤ ᠢᠳᠡᠵᠦ ᠡᠮᠦᠰᠬᠦ ᠲᠤᠳᠠᠬᠤ ᠦᠬᠡᠢ ᠪᠠᠶᠢᠳᠠᠯ ᠲᠤᠤᠷ᠎ᠠ ᠶᠠᠳᠠᠭᠤ ᠭᠦᠴᠢᠷᠳᠡᠯᠲᠠᠢ ᠤᠯᠠᠨ ᠲᠦᠮᠡᠨ ᠤ ᠠᠯᠪᠠᠨ ᠵᠢᠷᠤᠮ ᠤᠨ ᠰᠤᠷᠭᠠᠨ ᠬᠦᠮᠦᠵᠢᠯ᠂ ᠦᠨᠳᠦᠰᠦᠨ ᠡᠮ ᠡᠮᠨᠡᠯᠭᠡ᠂ ᠤᠷᠤᠨ ᠰᠠᠭᠤᠴᠠ ᠶᠢᠨ ᠠᠮᠤᠷ ᠲᠦᠪᠰᠢᠨ ᠢ ᠪᠠᠳᠤᠯᠠᠬᠤ ᠬᠡᠷᠡᠭᠲᠠᠢ ᠬᠡᠵᠡᠢ᠂ ᠪᠦᠬᠦ ᠬᠤᠰᠢᠭᠤ ᠪᠠᠷ ᠪᠠᠨ ᠰᠢ ᠶᠢᠨ ᠫᠢᠩ ᠤᠨ ᠶᠠᠳᠠᠭᠤ ᠶᠢ ᠳᠡᠳᠬᠦᠬᠦ ᠦᠵᠡᠯ ᠰᠠᠨᠠᠭ᠎ᠠ ᠶᠢ ᠰᠠᠶᠢᠳᠤᠷ ᠰᠤᠷᠤᠯᠴᠠᠨ ᠲᠤᠤᠱᠯᠠᠭᠤᠯᠵᠤ᠂ ᠶᠠᠳᠠᠭᠤ ᠶᠢ ᠳᠡᠳᠬᠦᠨ ᠪᠤᠭᠤᠮᠲᠠ ᠰᠢᠪᠳᠤᠯᠬᠤ ᠠᠵᠢᠯ ᠢ ᠤᠳᠤᠬᠠᠨ ᠤ ᠬᠠᠮᠤᠭ ᠴᠢᠬᠤᠯᠠ ᠤᠯᠤᠰ ᠲᠦᠷᠦ ᠶᠢᠨ ᠡᠬᠦᠷᠭᠡ ᠪᠤᠯᠭᠠᠨ᠂ ᠤᠨᠤᠪᠴᠢᠳᠠᠢ ᠪᠠᠷ ᠶᠠᠳᠠᠭᠤ ᠶᠢ ᠳᠡᠳᠬᠦᠬᠦ ᠬᠢᠬᠡᠳ ᠲᠦᠷᠦᠯ ᠬᠤᠪᠢᠶᠠᠨ ᠬᠡᠷᠡᠭᠵᠢᠬᠦᠯᠬᠦ ᠶᠢ ᠲᠦᠯᠬᠢᠨ ᠠᠬᠢᠭᠤᠯᠵᠤ᠂ ᠠᠵᠤ ᠦᠢᠯᠡᠰ ᠢᠶᠠᠷ ᠶᠠᠳᠠᠭᠤ ᠶᠢ ᠳᠡᠳᠬᠦᠬᠦ ᠪᠤᠯᠤᠨ ᠡᠷᠡᠬᠦᠯ ᠮᠡᠨᠳᠦ ᠪᠠᠷ ᠶᠠᠳᠠᠭᠤ ᠶᠢ ᠳᠡᠳᠬᠦᠬᠦ ᠶᠢ ᠰᠠᠶᠢᠳᠤᠷ ᠠᠳᠬᠤᠨ ᠰᠢᠨᠵᠢᠯᠡᠬᠦ ᠤᠬᠠᠭᠠᠨᠴᠢ ᠬᠦᠭᠵᠢᠯᠳᠡ ᠶᠢᠨ ᠵᠠᠮ ᠢ ᠡᠷᠢᠯᠬᠢᠯᠡᠵᠦ ᠶᠠᠳᠠᠭᠤ ᠡᠷᠦᠬᠡ ᠶᠢᠨ ᠤᠷᠤᠯᠭ᠎ᠠ ᠶᠢ ᠨᠡᠮᠡᠭᠳᠡᠬᠦᠯᠵᠦ ᠨᠢᠬᠡ ᠶᠢ ᠴᠦ ᠤᠷᠬᠢᠭᠳᠠᠭᠤᠯᠤᠯ ᠦᠭᠡᠢ ᠪᠠᠷ ᠶᠠᠳᠠᠭᠤ ᠶᠢ ᠳᠡᠳᠬᠦᠨ ᠪᠤᠭᠤᠮᠲᠠ ᠰᠢᠪᠳᠤᠯᠬᠤ ᠠᠵᠢᠯ ᠢ ᠰᠠᠶᠢᠲᠤᠷ ᠬᠢᠬᠦ ᠬᠡᠷᠡᠭᠲᠠᠢ ᠬᠡᠵᠡᠢ᠃
           ᠴᠢᠶᠤᠤ ᠶᠦᠨ ᠯᠢ ᠴᠢᠬᠤᠯᠠᠴᠢᠯᠠᠬᠤ ᠳᠤ ᠪᠠᠨ᠂ ᠡᠯ᠎ᠡ ᠰᠤᠮᠤ ᠪᠠᠯᠭᠠᠰᠤ᠂ ᠭᠠᠴᠠᠭ᠎ᠠ ᠲᠤᠰᠬᠤᠨ᠂ ᠬᠤᠰᠢᠭᠤ ᠶᠠᠳᠠᠭᠤ ᠶᠢ ᠳᠡᠳᠬᠦᠬᠦ ᠰᠠᠯᠠᠭ᠎ᠠ ᠮᠦᠴᠢᠷ ᠶᠡᠭᠡ ᠪᠠᠶᠢᠴᠠᠭᠠᠯᠳᠠ ᠶᠡᠭᠡ ᠴᠡᠭᠴᠡᠯᠡᠯᠳᠡ ᠶᠢ ᠦᠷᠨᠢᠬᠦᠯᠦᠨ ᠡᠷᠦᠬᠡ ᠳᠤ ᠤᠷᠤᠨ ᠪᠠᠶᠢᠴᠠᠭᠠᠬᠤ ᠠᠵᠢᠯ ᠢ ᠰᠠᠶᠢᠳᠤᠷ ᠬᠢᠵᠦ ᠮᠠᠯᠴᠢᠨ ᠲᠠᠷᠢᠶᠠᠴᠢᠳ ᠢ ᠬᠠᠪᠰᠤᠷᠤᠨ ᠨᠠᠷᠢᠨ ᠲᠠᠩᠰᠠ ᠪᠣᠳᠣᠨ ᠥᠭᠴᠦ ᠶᠠᠳᠠᠭᠤ ᠶᠢ ᠲᠡᠳᠬᠦᠬᠦ ᠠᠵᠢᠯ ᠳᠤ ᠬᠢ ᠪᠠᠶᠢᠴᠠᠭᠠᠯᠳᠠ ᠪᠠᠨ ᠴᠢᠩᠭᠠᠳᠬᠠᠨ ᠶᠠᠳᠠᠭᠤ ᠶᠢ ᠳᠡᠳᠬᠦᠬᠦ ᠠᠵᠢᠯ ᠤᠨ ᠦᠷ᠎ᠡ ᠪᠦᠲᠦᠮᠵᠢ᠂ ᠴᠢᠨᠠᠷ ᠴᠢᠨᠰᠠᠭ᠎ᠠ ᠶᠢ ᠪᠠᠳᠤᠯᠠᠬᠤ ᠬᠡᠷᠡᠭᠲᠠᠢ ᠬᠡᠵᠡᠢ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号