ᠮᠠᠨ ᠤ ᠬᠤᠰᠢᠭᠤ ᠨᠣᠳᠤᠭ ᠪᠠᠯᠴᠢᠭᠡᠷ ᠤᠨ ᠬᠦᠨᠦᠭᠡᠯᠲᠦ ᠬᠤᠷᠤᠬᠠᠢ ᠶᠢ ᠤᠰᠠᠳᠬᠠᠬᠤ ᠠᠵᠢᠯ ᠢ ᠰᠠᠶᠢᠲᠤᠷ ᠬᠢᠵᠦ ᠪᠠᠶᠢᠨ᠎ᠠ
ᠨᠡᠶᠢᠲᠡᠯᠡᠭᠰᠡᠨ ᠴᠠᠭ᠄
2018-05-18
     ᠣᠶᠢᠷ᠎ᠠ ᠶᠢᠨ ᠡᠳᠦᠷ ᠤᠨ ᠠᠭᠠᠷ ᠤᠨ ᠳᠤᠯᠠᠭᠠᠨ ᠤ ᠳᠡᠭᠡᠭᠰᠢᠯᠡᠬᠦ ᠶᠢ ᠳᠠᠭᠠᠯᠳᠣᠨ ᠭᠠᠩ ᠬᠠᠭᠤᠷᠠᠢ ᠠᠭᠤᠷ ᠠᠮᠢᠰᠬᠤᠯ ᠦᠷᠭᠦᠯᠵᠢᠯᠡᠭᠰᠡᠨ ᠠᠴᠠ ᠮᠠᠨ ᠤ ᠬᠤᠰᠢᠭᠤᠨ ᠤ ᠬᠡᠰᠡᠭ ᠭᠠᠵᠠᠷ ᠤᠨ ᠨᠣᠳᠤᠭ ᠪᠠᠯᠴᠢᠭᠡᠷ ᠨᠢ ᠬᠦᠨᠦᠭᠡᠯᠲᠦ ᠬᠤᠷᠤᠬᠠᠢ ᠶᠢᠨ ᠭᠠᠮᠰᠢᠭ ᠲᠤ ᠬᠦᠨᠳᠣ ᠨᠣᠴᠢᠳᠡᠢ ᠳᠠᠭᠠᠷᠢᠭᠳᠠᠵᠤ᠂ ᠡᠨᠡᠬᠦ ᠪᠠᠶᠢᠳᠠᠯ ᠳᠤ ᠴᠢᠭᠯᠡᠭᠦᠯᠦᠨ ᠮᠠᠨ ᠤ ᠬᠤᠰᠢᠭᠤᠨ ᠤ ᠬᠠᠮᠢᠶ᠎ᠠ ᠪᠦᠬᠦᠢ ᠪᠠᠶᠢᠭᠤᠯᠭ᠎ᠠ ᠴᠠᠭ ᠲᠤᠬᠠᠢ ᠳᠤᠨᠢ ᠵᠣᠬᠢᠰᠳᠡᠢ ᠠᠷᠭ᠎ᠠ ᠬᠡᠮᠵᠢᠶ᠎ᠡ ᠠᠪᠴᠤ ᠬᠦᠨᠦᠭᠡᠯᠲᠦ ᠬᠤᠷᠤᠬᠠᠢ ᠶᠢ ᠤᠰᠠᠳᠬᠠᠬᠤ ᠠᠵᠢᠯ ᠢ ᠰᠠᠶᠢᠲᠤᠷ ᠬᠢᠵᠦ ᠪᠠᠶᠢᠨ᠎ᠠ᠃      4 ᠰᠠᠷ᠎ᠠ ᠶᠢᠨ ᠰᠡᠭᠦᠯᠴᠢ 5 ᠰᠠᠷ᠎ᠠ ᠶᠢᠨ ᠡᠬᠢᠨ ᠪᠣᠯ ᠲᠥᠭᠡᠴᠢ ᠬᠤᠷᠤᠬᠠᠢ ᠶᠢᠨ ᠬᠦᠨᠦᠭᠡᠯ ᠤᠨ ᠤᠷᠭᠢᠯ ᠤᠨ ᠬᠤᠭᠤᠴᠠᠭ᠎ᠠ ᠪᠠᠶᠢᠵᠤ ᠪᠤᠷᠭᠠᠰᠤ ᠬᠠᠷᠭᠠᠨ᠎ᠠ ᠵᠡᠷᠭᠡ ᠤᠷᠭᠤᠮᠠᠯ ᠳᠤ ᠪᠠᠭᠤᠨ᠂ ᠬᠠᠷᠭᠠᠨ᠎ᠠ ᠶᠢᠨ ᠨᠠᠪᠴᠢ ᠪᠣᠯᠣᠨ ᠴᠡᠴᠡᠭ  ᠢ ᠢᠳᠡᠵᠦ ᠲᠠᠬᠢᠨ ᠴᠡᠴᠡᠭ ᠳᠡᠯᠭᠡᠷᠡᠬᠦ ᠦᠭᠡᠢ ᠪᠣᠯᠭᠠᠴᠢᠬᠠᠳᠠᠭ ᠮᠦᠷᠲᠡᠭᠡᠨ ᠨᠢᠭᠡ ᠠᠴᠠ ᠬᠤᠶᠠᠷ ᠵᠢᠯ ᠤᠨ ᠬᠤᠭᠤᠴᠠᠭ᠎ᠠ ᠲᠠᠢ ᠰᠠᠭᠤᠳᠠᠭ ᠠᠴᠠ ᠬᠠᠷᠭᠠᠨ᠎ᠠ ᠨᠢ ᠤᠷᠭᠤᠬᠤ ᠪᠠᠨ ᠪᠠᠶᠢᠴᠢᠬᠠᠳᠠᠭ᠃ ᠬᠡᠷᠪᠡ ᠣᠬᠤᠷᠬᠠᠨ ᠬᠤᠭᠤᠴᠠᠭᠠᠨ ᠳᠤ ᠠᠷᠢᠯᠭᠠᠬᠤ ᠦᠭᠡᠢ ᠪᠣᠯ ᠡᠪᠡᠰᠦ ᠪᠡᠯᠴᠢᠭᠡᠷ ᠤᠨ ᠤᠷᠭᠤᠯᠲᠠ ᠶᠢ ᠶᠡᠭᠡ ᠪᠠᠷ ᠨᠦᠯᠦᠭᠡᠯᠡᠵᠦ ᠮᠠᠯᠵᠢᠬᠤ ᠦᠢᠯᠡᠳᠪᠦᠷᠢᠯᠡᠯ ᠳᠤ ᠬᠤᠣᠷ ᠬᠦᠨᠦᠭᠡᠯ ᠲᠤᠶᠢᠯ ᠤᠨ ᠶᠡᠭᠡ ᠪᠠᠶᠢᠳᠠᠭ᠃ ᠡᠨᠡᠬᠦ ᠪᠣᠳᠠᠳᠡᠢ ᠪᠠᠶᠢᠳᠡᠯ ᠢ ᠮᠡᠳᠡᠭᠰᠡᠨ ᠤ ᠳᠡᠷᠠᠭ᠎ᠠ᠂ ᠬᠤᠰᠢᠭᠤ ᠲᠠᠷᠢᠶᠠᠯᠠᠩ ᠮᠠᠯ ᠠᠵᠣ ᠠᠬᠤᠢ ᠶᠢᠨ ᠲᠣᠪᠴᠢᠶ᠎ᠠ ᠪᠣᠯᠤᠨ ᠤᠢ ᠰᠢᠭᠤᠢ ᠶᠢᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ ᠬᠠᠮᠳᠣᠷᠠᠨ ᠴᠠᠭ ᠲᠤᠬᠠᠢ ᠳᠤᠨᠢ ᠵᠦᠢ ᠵᠣᠬᠢᠰᠳᠡᠢ ᠠᠷᠭ᠎ᠠ ᠬᠡᠮᠵᠢᠶ᠎ᠡ ᠠᠪᠴᠣ᠂ ᠲᠡᠯᠡᠪᠡᠢ ᠨᠢ ᠶᠡᠭᠡ ᠭᠠᠵᠠᠷ ᠲᠤ ᠭᠤᠣᠯᠳᠠᠭᠤ ᠨᠢᠰᠬᠡᠯ ᠢᠶᠠᠷ ᠡᠮ ᠰᠠᠴᠤᠬᠤ ᠪᠠ ᠳᠤᠰᠬᠠᠢ ᠠᠵᠢᠯᠲᠠᠨ ᠲᠤᠮᠢᠯᠠᠨ ᠡᠮ ᠰᠦᠷᠴᠢᠬᠦ ᠶᠢ ᠤᠶᠠᠯᠳᠤᠭᠤᠯᠤᠨ ᠬᠦᠨᠦᠭᠡᠯᠲᠦ ᠬᠤᠷᠤᠬᠠᠢ ᠶᠢ ᠤᠰᠠᠳᠬᠠᠬᠤ ᠠᠵᠢᠯ ᠢ ᠥᠷᠨᠢᠭᠦᠯᠵᠦ᠂ ᠲᠠᠪᠤᠨ ᠰᠠᠷ᠎ᠠ ᠶᠢᠨ ᠰᠡᠭᠦᠯᠴᠢ ᠠᠴᠠ ᠡᠮᠦᠨ᠎ᠡ ᠳᠠᠭᠤᠰᠬᠠᠬᠤ ᠪᠠᠷ ᠴᠢᠷᠮᠠᠶᠢᠵᠤ ᠪᠠᠶᠢᠨ᠎ᠠ᠃     ᠡᠨ᠋ᠨ ᠣᠳᠠᠭᠠᠨ ᠤ ᠨᠣᠳᠤᠭ ᠪᠠᠯᠴᠢᠬᠡᠷ ᠤᠨ ᠬᠤᠷᠣᠬᠠᠢ ᠶᠢᠨ ᠭᠠᠮᠰᠢᠭ ᠨᠢ ᠦᠤᠰᠢᠨᠵᠤᠤ᠂ ᠳᠤᠭ᠂ ᠣᠯᠠᠭᠠᠨᠳᠣᠯᠣᠭᠠᠢ ᠪᠣᠯᠣᠨ ᠰᠢᠷᠬᠤᠰᠣᠨ ᠪᠠᠯᠭᠠᠰᠤ ᠶᠢᠨ 120 ᠳᠦᠮᠡ ᠭᠠᠷᠣᠢ ᠮᠦ ᠨᠣᠳᠤᠭ ᠪᠡᠯᠴᠢᠭᠡᠷ ᠢ ᠬᠦᠨᠦᠭᠡᠵᠦ ᠂ 60 ᠲᠦᠮᠡᠨ ᠮᠣ᠋ ᠨᠣᠳᠤᠭ ᠪᠡᠯᠴᠢᠭᠡᠷ ᠳᠡᠭᠡᠷᠡᠬᠢ ᠪᠤᠷᠭᠠᠰᠤ᠂ ᠤᠳᠠ ᠮᠤᠳᠤ᠂ ᠬᠠᠷᠭᠠᠨ᠎ᠠ ᠵᠡᠷᠭᠡ ᠪᠣᠳᠠᠯᠢᠭ ᠣᠷᠭᠤᠮᠠᠯ ᠨᠢ ᠬᠦᠨᠳᠣ ᠨᠣᠴᠢᠳᠡᠢ ᠬᠦᠨᠦᠭᠡᠯᠲᠦ ᠬᠤᠷᠤᠬᠠᠢ ᠶᠢᠨ ᠭᠠᠮᠰᠢᠭ ᠲᠤ ᠳᠠᠭᠠᠷᠢᠭᠳᠠᠵᠤ᠂ ᠡᠳᠦᠭᠡ ᠬᠦᠨᠦᠭᠡᠯᠲᠦ ᠬᠤᠷᠤᠬᠠᠢ ᠶᠢ ᠡᠮ ᠰᠠᠴᠤᠨ ᠤᠰᠠᠳᠬᠠᠬᠤ ᠠᠵᠢᠯ ᠢ ᠶᠠᠭ ᠰᠠᠶᠢᠬᠠᠨ ᠬᠢᠵᠦ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号