ᠣᠶᠢᠷ᠎ᠠ ᠶᠢᠨ ᠡᠳᠣᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠲᠠᠷᠤᠭ᠎ᠠ ᠴᠢᠶᠤᠤ ᠶᠦᠨ | ᠯᠢ ᠬᠤᠰᠢᠭᠤ ᠲᠠᠷᠤᠭ᠎ᠠ ᠶᠢᠨ ᠠᠯᠪᠠᠯᠠᠬᠤ ᠬᠤᠷᠠᠯ ᠢ ᠡᠷᠬᠢᠯᠡᠨ ᠬᠤᠷᠠᠯᠳᠣᠭᠤᠯᠵᠣ ᠤᠨᠤᠪᠴᠢᠳᠠᠢ ᠪᠠᠷ ᠶᠠᠳᠠᠭᠤ ᠶᠢ | ᠳᠡᠳᠬᠦᠨ ᠪᠣᠭᠤᠮᠲᠠ ᠰᠢᠪᠳᠤᠯᠬᠤ ᠠᠵᠢᠯ ᠤᠨ ᠶᠡᠭᠡ ᠪᠠᠶᠢᠴᠠᠭᠠᠯᠳᠠ ᠶᠡᠭᠡ ᠴᠡᠭᠴᠡᠯᠡᠯᠳᠡ ᠶᠢᠨ ᠲᠤᠮᠳᠠ | ᠢᠯᠡᠷᠡᠬᠦᠯᠦᠭᠰᠡᠨ ᠠᠰᠠᠭᠤᠳᠠᠯ ᠢ ᠦᠬᠡᠷᠡᠴᠢᠯᠡᠨ ᠵᠠᠰᠠᠬᠤ ᠠᠵᠢᠯ ᠳᠤ ᠲᠤᠰᠬᠠᠢ ᠰᠤᠳᠤᠯᠤᠯᠳᠠ ᠬᠢᠪᠡ᠃ ᠬᠤᠰᠢᠭᠤ | ᠨᠠᠮ ᠤᠨ ᠬᠤᠷᠢᠶᠠᠨ ᠤ ᠳᠡᠳ᠋ ᠱᠦᠵᠢ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠰᠤᠷᠭᠠᠯᠲᠤ᠂ | ᠬᠤᠰᠢᠭᠤ ᠳᠡᠳ᠋ ᠲᠠᠷᠤᠭ᠎ᠠ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ ᠪᠠᠶᠠᠠᠴᠡᠩᠬᠡᠯ ᠵᠢᠴᠢ ᠬᠤᠰᠢᠭᠤ ᠵᠠᠰᠠᠭ | ᠤᠨ ᠤᠷᠳᠤᠨ ᠤ ᠠᠯᠪᠠᠨ ᠭᠡᠷ᠂ ᠶᠠᠳᠠᠭᠤ ᠶᠢ ᠳᠡᠳᠬᠦᠨ ᠨᠡᠭᠡᠭᠡᠯᠳᠡ ᠬᠢᠬᠦ ᠶᠡᠷᠦᠩᠬᠡᠶᠢᠯᠡᠭᠰᠡᠨ ᠦᠢᠯᠡᠴᠢᠯᠡᠭᠡᠨ ᠤ ᠲᠦᠪ | ᠤᠨ ᠬᠠᠷᠢᠭᠤᠴᠠᠯᠭᠠᠳᠠᠨ ᠬᠤᠷᠠᠯ ᠳᠤ ᠤᠷᠤᠯᠴᠠᠪᠠ᠃ | ᠬᠤᠷᠠᠯ ᠳᠡᠭᠡᠷ᠎ᠡ ᠬᠤᠰᠢᠭᠤ ᠶᠠᠳᠠᠭᠤ ᠶᠢ ᠳᠡᠳᠬᠦᠨ ᠨᠡᠭᠡᠭᠡᠯᠳᠡ ᠬᠢᠬᠦ ᠶᠡᠷᠦᠩᠬᠡᠶᠢᠯᠡᠭᠰᠡᠨ ᠦᠢᠯᠡᠴᠢᠯᠡᠭᠡᠨ ᠤ | ᠲᠦᠪ ᠤᠨ ᠬᠠᠷᠢᠭᠤᠴᠠᠯᠭᠠᠳᠠᠨ ᠡᠯ᠎ᠡ ᠰᠤᠮᠤ ᠪᠠᠯᠭᠠᠰᠤᠨ ᠤ ᠶᠠᠳᠠᠭᠤ ᠶᠢ ᠳᠡᠳᠬᠦᠨ ᠪᠣᠭᠤᠮᠲᠠ ᠰᠢᠪᠳᠤᠯᠬᠤ ᠠᠵᠢᠯ | ᠲᠤᠮᠳᠠᠬᠢ ᠢᠯᠡᠷᠡᠬᠦᠯᠦᠭᠰᠡᠨ ᠠᠰᠠᠭᠤᠳᠠᠯ ᠪᠣᠯᠣᠨ ᠲᠠᠷᠠᠭᠠᠴᠢ ᠶᠢᠨ ᠠᠯᠬᠤᠮ ᠤᠨ ᠦᠬᠡᠷᠡᠴᠢᠯᠡᠨ ᠵᠠᠰᠠᠬᠤ ᠠᠷᠭ᠎ᠠ | ᠪᠠᠷᠢᠯ ᠵᠡᠷᠭᠡ ᠪᠠᠶᠢᠳᠠᠯ ᠳᠤ ᠬᠠᠷᠢᠭᠤ ᠮᠡᠳᠡᠬᠦᠯᠦᠯᠳᠡ ᠬᠢᠪᠡ᠃ | ᠬᠠᠷᠢᠭᠤ ᠮᠡᠳᠡᠬᠦᠯᠦᠯᠳᠡ ᠶᠢ ᠰᠤᠨᠤᠰᠤᠭᠰᠠᠨ ᠤ ᠲᠠᠷᠠᠭ᠎ᠠ ᠴᠢᠶᠤᠤ ᠶᠦᠨ ᠯᠢ ᠵᠢᠭᠠᠵᠤ ᠭᠠᠷᠭᠠᠬᠤ ᠳᠤ ᠪᠠᠨ᠂ | ᠶᠠᠳᠠᠭᠤ ᠶᠢ ᠳᠡᠳᠬᠦᠨ ᠪᠣᠭᠤᠮᠲᠠ ᠰᠢᠪᠳᠤᠯᠬᠤ ᠠᠵᠢᠯ ᠤᠨ ᠶᠡᠭᠡ ᠪᠠᠶᠢᠴᠠᠭᠠᠯᠳᠠ ᠶᠡᠭᠡ ᠴᠡᠭᠴᠡᠯᠡᠯᠳᠡ ᠬᠢᠬᠦ ᠲᠤᠰᠬᠠᠢ | ᠠᠵᠢᠯᠯᠠᠭ᠎ᠠ ᠨᠢ ᠰᠢ ᠶᠢᠨ ᠫᠢᠩ ᠤᠨ ᠶᠠᠳᠠᠭᠤ ᠶᠢ ᠳᠡᠳᠬᠦᠬᠦ ᠦᠵᠡᠯ ᠰᠠᠨᠠᠭ᠎ᠠ ᠶᠢ ᠲᠣᠣᠱᠯᠠᠭᠤᠯᠤᠨ | ᠨᠠᠶᠢᠳᠠᠪᠤᠷᠢᠵᠢᠭᠤᠯᠬᠤ ᠪᠤᠳᠠᠲᠤ ᠠᠷᠭ᠎ᠠ ᠪᠠᠷᠢᠯ ᠪᠤᠯᠬᠤ ᠮᠦᠷᠳᠡᠭᠡᠨ ᠤᠳᠤᠬᠠᠨ ᠤ ᠨᠢᠬᠡ ᠲᠦᠷᠦᠯ ᠤᠨ ᠴᠢᠬᠤᠯᠠ | ᠤᠯᠤᠰ ᠲᠦᠷᠦ ᠶᠢᠨ ᠡᠬᠦᠷᠭᠡ ᠪᠤᠯᠬᠤ ᠶᠤᠮ᠂ ᠬᠤᠰᠢᠭᠤ ᠨᠠᠮ ᠤᠨ ᠬᠤᠷᠢᠶ᠎ᠠ ᠵᠠᠰᠠᠭ ᠤᠨ ᠤᠷᠳᠤᠨ ᠨᠢ ᠡᠨᠡᠬᠦ | ᠲᠦᠷᠦᠯ ᠤᠨ ᠠᠵᠢᠯ ᠢ ᠪᠠᠶᠢᠷᠢᠯᠠᠭᠤᠯᠣᠨ ᠦᠷᠨᠢᠬᠦᠯᠦᠭᠰᠡᠨ ᠠᠴᠠ ᠨᠠᠰᠢ᠂ ᠡᠯ᠎ᠡ ᠰᠤᠮᠤ ᠪᠠᠯᠭᠠᠰᠤ᠂ ᠭᠠᠴᠠᠭ᠎ᠠ | ᠲᠤᠰᠬᠤᠨ ᠪᠣᠯᠣᠨ ᠬᠤᠰᠢᠭᠤ ᠶᠠᠳᠠᠭᠤ ᠶᠢ ᠳᠡᠳᠬᠦᠬᠦ ᠰᠠᠯᠠᠭ᠎ᠠ ᠮᠦᠴᠢᠷ ᠨᠢ ᠤᠨᠤᠪᠴᠢᠲᠠᠢ ᠪᠠᠷ ᠢᠯᠭᠠᠨ ᠲᠠᠨᠢᠬᠤ᠂ | ᠳᠣᠰᠠᠯᠠᠨ ᠳᠡᠳᠬᠦᠬᠦ ᠠᠷᠭ᠎ᠠ ᠪᠠᠷᠢᠯ ᠢᠶᠠᠨ ᠨᠠᠶᠢᠳᠡᠪᠣᠷᠢᠵᠢᠭᠤᠯᠬᠤ᠂ ᠳᠡᠳᠬᠦᠨ ᠳᠡᠮᠵᠢᠯᠲᠡ ᠪᠠᠨ ᠪᠠᠬᠢᠵᠢᠬᠦᠯᠬᠦ᠂ | ᠲᠠᠩᠰᠠ ᠡᠪᠬᠡᠮᠡᠯ ᠪᠠᠶᠢᠭᠤᠯᠬᠤ᠂ ᠤᠯᠠᠨ ᠲᠦᠮᠡᠨ ᠤ ᠵᠦᠪᠰᠢᠶᠡᠷᠡᠯ ᠤᠨ ᠪᠠᠶᠢᠳᠠᠯ ᠵᠡᠷᠭᠡ ᠲᠠᠯ᠎ᠠ ᠶᠢᠨ ᠳᠣᠭᠤᠷᠢᠨ ᠳᠤ | ᠯᠠᠪᠳᠠᠭᠤᠨ ᠪᠠᠳᠤᠳᠠᠢ ᠨᠠᠷᠢᠨ ᠬᠢᠨᠡᠮᠡᠭᠠᠢ ᠪᠠᠷ ᠨᠠᠶᠢᠳᠡᠮ ᠪᠠᠶᠢᠴᠠᠭᠠᠯᠳᠠ ᠦᠷᠨᠢᠬᠦᠯᠵᠦ ᠣᠳᠣᠬᠠᠨ ᠤ ᠠᠵᠢᠯ ᠤᠨ | ᠳᠣᠮᠳᠠ ᠣᠷᠣᠰᠢᠵᠣ ᠪᠠᠶᠢᠭ᠎ᠠ ᠬᠦᠷᠦᠯᠴᠡᠬᠦ ᠦᠬᠡᠢ ᠲᠠᠯ᠎ᠠ ᠪᠠᠨ ᠪᠦᠲᠦᠮᠵᠢᠲᠡᠢ ᠪᠠᠷ ᠢᠯᠡᠷᠡᠭᠦᠯᠦᠭᠰᠡᠨ ᠪᠠᠶᠢᠨ᠎ᠠ᠃ | ᠴᠢᠶᠤᠤ ᠶᠦᠨ ᠯᠢ ᠴᠢᠬᠤᠯᠠᠴᠢᠯᠠᠬᠤ ᠳᠤ ᠪᠠᠨ᠂ ᠡᠯ᠎ᠡ ᠰᠤᠮᠤ ᠪᠠᠯᠭᠠᠰᠤ᠂ ᠬᠤᠰᠢᠭᠤ ᠶᠠᠳᠠᠭᠤ ᠶᠢ ᠳᠡᠳᠬᠦᠬᠦ | ᠵᠡᠷᠭᠡ ᠬᠤᠯᠪᠤᠭᠳᠠᠯ ᠪᠦᠬᠦᠢ ᠰᠠᠯᠠᠭ᠎ᠠ ᠮᠦᠴᠢᠷ ᠠᠰᠠᠭᠤᠳᠠᠯ ᠤᠨ ᠤᠳᠤᠷᠢᠳᠤᠮᠵᠢ ᠶᠢ ᠪᠠᠷᠢᠮᠳᠠᠯᠠᠵᠤ ᠢᠯᠡᠷᠡᠬᠦᠯᠦᠭᠰᠡᠨ | ᠠᠰᠠᠭᠤᠳᠠᠯ ᠳᠤ ᠪᠠᠨ ᠴᠢᠭᠯᠡᠬᠦᠯᠦᠨ ᠠᠬᠢᠨ ᠲᠠᠬᠢᠨ ᠪᠠᠶᠢᠴᠠᠭᠠᠯᠳᠠ ᠬᠢᠵᠦ ᠠᠰᠠᠭᠤᠳᠠᠯ ᠢ ᠵᠦᠪ ᠪᠤᠳᠠᠳᠠᠢ ᠪᠠᠶᠢᠬᠤ ᠶᠢ | ᠪᠠᠳᠤᠯᠠᠬᠤ ᠬᠡᠷᠡᠭᠲᠠᠢ᠃ ᠶᠠᠳᠠᠭᠤ ᠶᠢ ᠳᠡᠳᠬᠦᠬᠦ ᠠᠷᠭ᠎ᠠ ᠪᠠᠷᠢᠯ ᠤᠨᠤᠪᠴᠢ ᠦᠬᠡᠢ᠂ ᠠᠷᠭ᠎ᠠ ᠪᠠᠷᠢᠯ | ᠨᠠᠶᠢᠳᠠᠪᠤᠷᠢᠵᠢᠭᠤᠯᠤᠭᠳᠠᠵᠤ ᠦᠬᠡᠢ᠂ ᠬᠡᠬᠡᠵᠦ ᠤᠷᠬᠢᠭᠰᠡᠨ᠂ ᠪᠤᠷᠤᠭᠤ ᠲᠠᠨᠢᠭᠰᠠᠨ᠂ ᠲᠠᠩᠰᠠ ᠪᠠᠶᠢᠭᠤᠯᠬᠤ | ᠴᠢᠬᠤᠯᠠᠳᠠᠢ ᠶᠠᠳᠠᠭᠤ ᠡᠷᠦᠬᠡ ᠶᠢ ᠳᠡᠰ ᠲᠠᠷᠠᠭᠠᠯᠠᠯ ᠲᠠᠢ ᠨᠠᠷᠢᠯᠢᠭ ᠤᠨᠤᠪᠴᠢᠳᠠᠢ ᠢᠯᠭᠠᠨ ᠲᠠᠨᠢᠵᠤ᠂ ᠤᠨᠢᠨ ᠳᠡᠭᠡᠷ᠎ᠡ | ᠨᠢ ᠶᠠᠳᠠᠭᠤ ᠠᠴᠠ ᠠᠩᠬᠢᠵᠢᠷᠠᠭᠤᠯᠤᠨ ᠶᠠᠭᠤ ᠲᠤᠳᠠᠪᠠᠯ ᠶᠠᠭᠤ ᠶᠢ ᠨᠢ ᠨᠦᠬᠦᠬᠦ ᠵᠠᠷᠴᠢᠮ ᠢᠶᠠᠷ ᠠᠰᠠᠭᠤᠳᠠᠯ ᠢ ᠵᠠᠰᠠᠨ | ᠴᠡᠭᠴᠡᠯᠡᠬᠦ ᠬᠡᠷᠡᠭᠲᠠᠢ᠃ ᠠᠵᠢᠯ ᠤᠨ ᠪᠠᠶᠢᠴᠠᠭᠠᠯᠳᠠ ᠪᠠᠨ ᠴᠢᠩᠭᠠᠳᠬᠠᠨ ᠡᠷᠦᠬᠡ ᠳᠤ ᠤᠷᠤᠨ ᠪᠠᠶᠢᠴᠠᠭᠠᠯᠳᠠ ᠬᠢᠵᠦ | ᠶᠠᠳᠠᠭᠤ ᠶᠢ ᠳᠡᠳᠬᠦᠨ ᠪᠣᠭᠤᠮᠲᠠ ᠰᠢᠪᠳᠤᠯᠬᠤ ᠠᠵᠢᠯ ᠤᠨ ᠡᠯ᠎ᠡ ᠲᠦᠷᠦᠯ ᠤᠨ ᠠᠵᠢᠯ ᠢ ᠪᠤᠳᠠᠲᠤ ᠭᠠᠵᠠᠷ ᠲᠤ ᠨᠢ | ᠨᠠᠶᠢᠳᠠᠪᠤᠷᠢᠵᠢᠭᠤᠯᠵᠤ ᠪᠣᠳᠠᠳᠣ ᠦᠷ᠎ᠡ ᠪᠦᠲᠦᠮᠵᠢ ᠤᠯᠬᠤ ᠬᠡᠷᠡᠭᠲᠠᠢ ᠬᠡᠵᠡᠢ᠃ | |