ᠤᠶᠢᠷ᠎ᠠ ᠶᠢᠨ ᠡᠳᠣᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠲᠠᠷᠤᠭ᠎ᠠ ᠴᠢᠶᠤᠤ ᠶᠦᠨ | ᠯᠢ ᠪᠦᠬᠦ ᠬᠤᠰᠢᠭᠤᠨ ᠤ ᠭᠠᠵᠠᠷ ᠰᠢᠷᠣᠢ ᠨᠤᠲᠤᠭ ᠪᠡᠯᠴᠢᠭᠡᠷ ᠤᠨ ᠡᠵᠡᠩᠨᠡᠯᠳᠡ ᠶᠢᠨ ᠡᠷᠬᠡ ᠶᠢ ᠲᠤᠭᠳᠠᠭᠠᠬᠤ ᠠᠵᠢᠯ | ᠢ ᠳᠣᠬᠢᠷᠠᠭᠤᠯᠣᠨ ᠠᠬᠢᠭᠤᠯᠬᠤ ᠳᠣᠰᠬᠠᠢ ᠰᠡᠳᠣᠪᠳᠣ ᠬᠤᠰᠢᠭᠤ ᠳᠠᠷᠤᠭ᠎ᠠ ᠶᠢᠨ ᠠᠯᠪᠠᠯᠠᠬᠤ ᠬᠤᠷᠠᠯ ᠢ | ᠬᠤᠷᠠᠯᠳᠣᠭᠤᠯᠵᠣ᠂ ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ᠂ ᠤᠯᠤᠰ ᠲᠦᠷᠦ ᠬᠠᠥᠯᠢ ᠴᠠᠭᠠᠵᠠ ᠶᠢᠨ | ᠬᠤᠷᠢᠶᠠᠨ ᠤ ᠱᠦᠵᠢ ᠰᠤᠷᠭᠠᠯᠲᠤ᠂ ᠬᠤᠰᠢᠭᠤ ᠲᠡᠳ᠋ ᠲᠠᠷᠤᠭ᠎ᠠ᠂ ᠡᠳ᠋ ᠤᠨ ᠵᠠᠰᠠᠭ ᠤᠨ ᠲᠣᠪᠴᠢᠶᠠᠨ ᠳᠠᠷᠤᠭ᠎ᠠ | ᠪᠠᠶᠠᠨᠴᠡᠩᠬᠡᠯ ᠪᠤᠯᠤᠨ ᠬᠤᠰᠢᠭᠤ ᠵᠠᠰᠠᠭ ᠤᠨ ᠤᠷᠳᠤᠨ ᠤ ᠠᠯᠪᠠᠨ ᠭᠡᠷ᠂ ᠲᠠᠷᠢᠶᠠᠯᠠᠩ ᠮᠠᠯ ᠠᠵᠤ ᠠᠬᠤᠢ ᠶᠢᠨ | ᠳᠣᠪᠴᠢᠶᠠᠨ ᠤ ᠬᠠᠷᠢᠭᠤᠴᠠᠯᠭᠠᠳᠠᠨ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠬᠤᠰᠢᠭᠤ ᠲᠠᠷᠢᠶᠠᠯᠠᠩ ᠮᠠᠯ ᠠᠵᠤ ᠠᠬᠤᠢ ᠶᠢᠨ ᠳᠣᠪᠴᠢᠶᠠᠨ ᠤ ᠬᠠᠷᠢᠭᠤᠴᠠᠯᠭᠠᠲᠠᠨ ᠠᠴᠠ | ᠪᠦᠬᠦ ᠬᠤᠰᠢᠭᠤᠨ ᠤ ᠭᠠᠵᠠᠷ ᠰᠢᠷᠣᠢ ᠨᠤᠲᠤᠭ ᠪᠡᠯᠴᠢᠭᠡᠷ ᠤᠨ ᠡᠵᠡᠩᠨᠡᠯᠳᠡ ᠶᠢᠨ ᠡᠷᠬᠡ ᠶᠢ ᠲᠣᠭᠳᠠᠭᠠᠬᠤ ᠠᠵᠢᠯ ᠤᠨ | ᠠᠬᠢᠴᠠ ᠶᠢᠨ ᠪᠠᠶᠢᠳᠠᠯ ᠪᠤᠯᠤᠨ ᠤᠷᠤᠰᠢᠵᠤ ᠪᠠᠶᠢᠭ᠎ᠠ ᠠᠰᠠᠭᠤᠳᠠᠯ ᠤᠨ ᠲᠤᠬᠠᠢ ᠬᠠᠷᠢᠭᠤ ᠮᠡᠳᠡᠭᠦᠯᠦᠯᠲᠡ ᠬᠢᠭᠰᠡᠨ | ᠪᠠᠶᠢᠨ᠎ᠠ᠃ | ᠬᠠᠷᠢᠭᠤ ᠮᠡᠳᠡᠭᠦᠯᠦᠯᠲᠡ ᠶᠢ ᠰᠣᠨᠣᠰᠣᠭᠰᠠᠨ ᠤ ᠲᠡᠷᠠᠭ᠎ᠠ ᠴᠢᠶᠤᠤ ᠶᠦᠨ ᠯᠢ ᠴᠢᠬᠤᠯᠠᠴᠢᠯᠠᠬᠤ ᠳᠠᠭᠠᠨ᠂ | ᠭᠠᠵᠠᠷ ᠰᠢᠷᠣᠢ ᠨᠤᠲᠤᠭ ᠪᠡᠯᠴᠢᠭᠡᠷ ᠤᠨ ᠡᠵᠡᠩᠨᠡᠯᠳᠡ ᠶᠢᠨ ᠡᠷᠬᠡ ᠶᠢ ᠪᠠᠳᠤᠯᠠᠬᠤ ᠮᠠᠯᠵᠢᠬᠤ ᠲᠠᠷᠢᠶᠠᠯᠠᠬᠤ ᠣᠷᠣᠨ | ᠪᠣᠯᠣᠨ ᠮᠠᠯᠴᠢᠨ ᠲᠠᠷᠢᠶᠠᠴᠢᠳ ᠲᠠᠢ ᠬᠠᠷᠢᠴᠠᠭ᠎ᠠ ᠪᠠᠨ ᠬᠦᠭᠵᠢᠭᠦᠯᠬᠦ ᠪᠤᠯ ᠴᠢᠬᠤᠯᠠ ᠠᠵᠢᠯ ᠪᠣᠯᠣᠨ᠎ᠠ᠃ ᠡᠯ᠎ᠡ ᠰᠤᠮᠤ | ᠪᠠᠯᠭᠠᠰᠤ ᠪᠤᠯᠤᠨ ᠲᠠᠷᠢᠶᠠᠯᠠᠩ ᠮᠠᠯ ᠠᠵᠤ ᠠᠬᠤᠢ ᠵᠡᠷᠭᠡ ᠬᠤᠯᠪᠤᠭᠳᠠᠯ ᠪᠦᠬᠦᠢ ᠪᠠᠶᠢᠭᠤᠯᠭ᠎ᠠ ᠨᠢᠭᠡᠴᠢ ᠤᠯᠤᠰ ᠲᠦᠷᠦ | ᠶᠢᠨ ᠵᠤᠭᠰᠤᠴᠠ ᠪᠠᠨ ᠤᠯᠠᠮ ᠨᠢᠭᠡ ᠠᠯᠬᠤᠮ ᠲᠡᠭᠡᠭᠰᠢᠯᠡᠭᠦᠯᠦᠨ᠂ ᠭᠠᠵᠠᠷ ᠰᠢᠷᠣᠢ ᠨᠤᠲᠤᠭ ᠪᠡᠯᠴᠢᠭᠡᠷ ᠤᠨ | ᠡᠵᠡᠩᠨᠡᠯᠳᠡ ᠶᠢᠨ ᠡᠷᠬᠡ ᠶᠢ ᠲᠤᠭᠳᠠᠭᠠᠬᠤ ᠠᠵᠢᠯ ᠢ ᠭᠤᠣᠯᠳᠠᠯᠭ᠎ᠠ ᠪᠠᠨ ᠪᠤᠯᠭᠠᠵᠤ᠂ ᠨᠣᠳᠤᠭ ᠪᠡᠯᠴᠢᠬᠡᠷ ᠤᠨ | ᠡᠵᠡᠩᠨᠡᠯᠳᠡ ᠶᠢᠨ ᠡᠷᠬᠡ ᠶᠢ ᠲᠣᠭᠳᠠᠭᠠᠬᠤ ᠠᠵᠢᠯ ᠪᠣᠯᠣᠨ ︽ᠭᠤᠷᠪᠠᠨ ᠶᠡᠭᠡ ᠪᠤᠭᠤᠮᠲᠠ ᠰᠢᠪᠲᠤᠯᠬᠤ ᠲᠠᠶᠢᠯᠠᠯᠳᠤᠭᠠᠨ | ︾ ᠵᠡᠷᠭᠡ ᠭᠤᠣᠯᠳᠠᠯᠭ᠎ᠠ ᠲᠠᠢ ᠠᠵᠢᠯ ᠢ ᠵᠡᠷᠭᠡᠪᠡᠷ ᠠᠬᠢᠭᠤᠯᠬᠤ ᠬᠡᠷᠡᠭᠳᠡᠢ᠃ ᠭᠠᠵᠠᠷ ᠰᠢᠷᠤᠢ ᠨᠤᠲᠤᠭ ᠪᠡᠯᠴᠢᠭᠡᠷ ᠤᠨ | ᠡᠵᠡᠩᠨᠡᠯᠳᠡ ᠶᠢᠨ ᠡᠷᠬᠡ ᠶᠢ ᠲᠣᠭᠳᠠᠭᠠᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠵᠤ᠂ ᠠᠵᠢᠯ ᠤᠨ ᠭᠦᠴᠦᠨ | ᠢᠶᠠᠨ ᠳᠦᠪᠯᠡᠷᠡᠬᠦᠯᠣᠨ᠂ ᠰᠢᠨ᠎ᠠ ᠶᠢ ᠡᠭᠦᠳᠬᠦ ᠠᠵᠢᠯ ᠤᠨ ᠠᠷᠭ᠎ᠠ ᠪᠠᠷᠢᠯ ᠢ ᠰᠦᠪᠡᠭᠴᠢᠯᠡᠨ᠂ ᠵᠦᠪ ᠤᠨᠤᠪᠴᠢᠲᠠᠢ | ᠪᠠᠷ ᠤᠷᠤᠨ ᠪᠦᠰᠡ ᠬᠤᠪᠢᠶᠠᠨ᠂ ᠠᠵᠢᠯ ᠤᠨ ᠬᠤᠭᠤᠴᠠᠭ᠎ᠠ ᠪᠠᠨ ᠡᠭᠡᠯᠵᠢᠯᠡᠭᠦᠯᠦᠨ ᠲᠤᠬᠢᠷᠠᠭᠤᠯᠵᠤ᠂ | ᠭᠤᠣᠯᠳᠠᠯᠭᠠᠳᠤ ᠠᠵᠢᠯ ᠢ ᠰᠠᠶᠢᠲᠤᠷ ᠠᠳᠬᠤᠨ ᠨᠠᠶᠢᠳᠠᠪᠤᠷᠢᠵᠢᠭᠤᠯᠬᠤ ᠬᠡᠷᠡᠭᠲᠡᠢ᠃ ᠬᠤᠯᠪᠣᠭᠳᠠᠯ ᠪᠦᠬᠦᠢ ᠬᠤᠰᠢᠭᠤᠨ | ᠤ ᠳᠠᠰ ᠤᠨ ᠤᠳᠤᠷᠢᠳᠤᠯᠭ᠎ᠠ ᠳᠠᠶᠢᠴᠢᠯᠡᠨ ᠳᠠᠭᠠᠭᠤᠯᠵᠣ ᠡᠯ᠎ᠡ ᠰᠤᠮᠤ ᠪᠠᠯᠭᠠᠰᠣᠨ ᠤ ᠭᠠᠵᠠᠷ ᠰᠢᠷᠣᠢ ᠨᠣᠳᠤᠭ | ᠪᠠᠯᠴᠢᠭᠡᠷ ᠤᠨ ᠡᠵᠡᠩᠨᠡᠯᠳᠡ ᠶᠢᠨ ᠡᠷᠬᠡ ᠶᠢ ᠲᠣᠭᠳᠠᠭᠠᠬᠤ ᠠᠵᠢᠯ ᠳᠤ ᠪᠠᠶᠢᠴᠠᠭᠠᠨ ᠰᠣᠳᠣᠯᠣᠯᠳᠠ ᠵᠢᠭᠠᠨ | ᠵᠢᠯᠣᠭᠤᠳᠣᠯᠭ᠎ᠠ ᠬᠢᠵᠣ᠂ ᠠᠵᠢᠯ ᠤᠨ ᠶᠠᠰᠤ ᠴᠢᠨᠠᠷ ᠢ ᠳᠡᠭᠡᠭᠰᠢᠯᠡᠬᠦᠯᠬᠦ ᠬᠡᠷᠡᠭᠲᠡᠢ ᠭᠡᠵᠡᠢ᠃ |