5 ᠰᠠᠷ᠎ᠠ ᠶᠢᠨ 14 ᠤ ᠡᠳᠦᠷ᠂ ᠤᠷᠳᠣᠰ ᠬᠤᠳᠠ ᠶᠢᠨ ᠶᠢᠨ ᠴᠧᠩ ᠲᠠᠢ ᠬᠢᠮᠢ ᠶᠢᠨ ᠠᠵᠤ ᠦᠢᠯᠡᠳᠪᠦᠷᠢ | ᠶᠢᠨ ᠬᠢᠵᠠᠭᠠᠷᠳᠣ ᠬᠠᠷᠢᠭᠤᠴᠠᠯᠭᠠᠳᠣ ᠺᠤᠮᠫᠠᠨᠢ ᠵᠢᠯ ᠤᠨ ᠭᠠᠷᠤᠯᠳᠠ ᠨᠢ 30 ᠲᠥᠮᠡᠨ ᠳᠣᠨ ᠤ ᠡᠲ᠋ᠠ ᠬᠤᠶᠠᠷᠴᠢ | ᠡᠯᠡᠺᠤᠤᠯ ᠤᠨ ᠲᠥᠷᠥᠯ ᠵᠦᠢᠯ ᠤᠨ ᠠᠵᠢᠯ ᠡᠬᠢᠯᠡᠬᠦ ᠶᠤᠰᠤᠯᠠᠯ ᠢ ᠬᠢᠭᠰᠡᠨ ᠪᠠᠶᠢᠨ᠎ᠠ᠃ ᠬᠤᠳᠠ ᠶᠢᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠴᠢ᠊ ᠪᠢᠰᠢᠷᠡᠯᠳᠦ ᠶᠤᠰᠤᠯᠠᠯ ᠳᠤ | ᠤᠷᠤᠯᠴᠠᠬᠤ ᠶᠢᠨ ᠬᠠᠮᠳᠣ ᠲᠥᠷᠥᠯ ᠵᠦᠢᠯ ᠠᠵᠢᠯ ᠡᠬᠢᠯᠡᠭᠰᠡᠨ ᠢ ᠵᠠᠷᠯᠠᠵᠤ᠂ ᠬᠤᠳᠠ ᠶᠢᠨ ᠤᠯᠤᠰ ᠲᠦᠷᠦ ᠶᠢᠨ | ᠵᠦᠪᠯᠡᠯᠭᠡᠨ ᠤ ᠳᠡᠳ᠋ ᠳᠡᠷᠢᠬᠦᠯᠡᠭᠴᠢ᠂ ᠬᠤᠰᠢᠭᠤ ᠨᠠᠮ ᠤᠨ ᠬᠤᠷᠢᠶᠠᠨ ᠤ ᠱᠦᠵᠢ ᠵᠢᠷᠭᠠᠯᠳᠣ ᠶᠠᠷᠢᠶ᠎ᠠ ᠳᠠᠯᠪᠢᠨ᠂ | ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠴᠢᠶᠤᠤ ᠶᠦᠨ ᠯᠢ | ᠶᠤᠰᠤᠯᠠᠯ ᠢ ᠡᠷᠬᠢᠯᠡᠪᠡ᠃ | ᠬᠤᠳᠠ ᠶᠢᠨ ᠬᠦᠭᠵᠢᠬᠦᠯᠦᠯᠳᠡ ᠥᠭᠡᠷᠡᠴᠢᠯᠡᠯᠳᠡ ᠶᠢᠨ ᠵᠦᠪᠯᠡᠯ ᠤᠨ ᠳᠡᠳ᠋ ᠡᠷᠬᠢᠯᠡᠭᠴᠢ ᠴᠧᠨ ᠶᠥᠩ᠂ | ᠬᠤᠳᠠ ᠶᠢᠨ ᠠᠵᠤ ᠠᠬᠤᠢ ᠪᠠ ᠴᠢᠮᠡᠭᠡ ᠵᠠᠩᠬᠢᠴᠢᠯᠠᠯᠳᠠ ᠶᠢᠨ ᠵᠦᠪᠯᠡᠯ ᠤᠨ ᠳᠡᠳ᠋ ᠪᠠᠶᠢᠴᠠᠭᠠᠨ ᠰᠣᠳᠣᠯᠣᠭᠴᠢ ᠵᠠᠩ | ᠵᠢᠶᠠᠨ ᠫᠢᠩ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠡᠷᠬᠢᠯᠡᠭᠴᠢ ᠪᠤᠶᠠᠨᠮᠠᠨᠳᠣᠬᠤ᠂ ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠳᠡᠷᠢᠬᠦᠯᠡᠭᠴᠢ ᠬᠤᠤ ᠸᠧᠢ᠂ ᠬᠤᠰᠢᠭᠤ | ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠬᠤᠰᠢᠭᠤ ᠳᠡᠳ᠋ ᠳᠠᠷᠤᠭ᠎ᠠ ᠴᠢᠶᠤᠤ ᠠᠢ ᠫᠢᠩ᠂ ᠵᠠᠩ ᡁᠢ | ᠰᠢᠥ᠋ᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠤᠬᠠᠭᠤᠯᠬᠤ ᠭᠡᠯᠳᠡᠰ ᠤᠨ ᠳᠠᠷᠤᠭ᠎ᠠ | ᠹᠧᠩ ᡁᠢ ᠮᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠠᠯᠪᠠᠨ ᠭᠡᠷ ᠤᠨ ᠡᠷᠬᠢᠯᠡᠭᠴᠢ ᠵᠤᠤ | ᠶᠥᠩ ᠹᠧᠩ᠂ ᠬᠤᠰᠢᠭᠤ ᠤᠳᠤᠷᠢᠳᠤᠯᠭ᠎ᠠ ᠯᠢ ᠰᠢᠦ ᠹᠧᠩ᠂ ᠵᠧᠦ ᠱᠤᠸᠠᠢ᠂ ᠼᠣᠣ ᠶᠢᠨ ᠱᠠᠨ᠂ ᠳ᠋ᠧᠦ ᡁᠢ ᠴᠢᠶᠠᠩ | ᠂ ᠰᠢᠶᠤᠤ ᡁᠢ ᠺᠤᠸᠠᠨ ᠶᠤᠰᠤᠯᠠᠯ ᠳᠤ ᠰᠠᠭᠠᠳᠠᠪᠠ᠃ ᠠᠵᠤ ᠠᠬᠤᠶᠢᠯᠠᠯ ᠵᠢᠴᠢ ᠬᠤᠰᠢᠭᠤ ᠬᠦᠭᠵᠢᠬᠦᠯᠦᠯᠳᠡ | ᠥᠭᠡᠷᠡᠴᠢᠯᠡᠯᠳᠡ᠂ ᠠᠵᠤ ᠠᠬᠤᠢ ᠪᠠ ᠴᠢᠮᠡᠭᠡ ᠵᠠᠩᠬᠢᠴᠢᠯᠠᠯᠳᠠ᠂ ᠤᠯᠤᠰ ᠤᠨ ᠭᠠᠵᠠᠷ ᠰᠢᠷᠤᠢ᠂ ᠠᠮᠤᠷ ᠲᠥᠪᠰᠢᠨ ᠤ | ᠬᠢᠨᠠᠯᠳᠠ ᠬᠠᠮᠢᠶᠠᠷᠤᠯᠳᠠ᠂ ᠤᠷᠴᠢᠨ ᠲᠤᠭᠤᠷᠢᠨ ᠤ ᠬᠠᠮᠠᠭᠠᠯᠠᠯᠳᠠ᠂ ᠵᠠᠰᠠᠭ ᠤᠨ ᠤᠷᠳᠣᠨ ᠤ ᠠᠯᠪᠠᠨ ᠭᠡᠷ ᠵᠡᠷᠭᠡ | ᠰᠠᠯᠠᠭ᠎ᠠ ᠮᠦᠴᠢᠷ ᠬᠢᠭᠡᠳ ᠳᠤᠭ ᠪᠠᠯᠭᠠᠰᠣ᠂ ᠳᠤᠭ ᠤᠨ ᠠᠵᠤ ᠦᠢᠯᠡᠳᠪᠦᠷᠢ ᠶᠢᠨ ᠲᠦᠷᠥᠯ ᠵᠦᠢᠯ ᠤᠨ ᠳᠣᠭᠤᠷᠢᠭ | ᠤᠨ ᠬᠠᠷᠢᠭᠤᠴᠠᠯᠭᠠᠳᠠᠨ ᠠᠵᠢᠯ ᠡᠬᠢᠯᠡᠬᠦ ᠶᠤᠰᠤᠯᠠᠯ ᠳᠤ ᠤᠷᠤᠯᠴᠠᠪᠠ᠃ | ᠬᠤᠳᠠ ᠶᠢᠨ ᠤᠯᠤᠰ ᠲᠦᠷᠦ ᠶᠢᠨ ᠵᠦᠪᠯᠡᠯᠭᠡᠨ ᠤ ᠳᠡᠳ᠋ ᠳᠡᠷᠢᠬᠦᠯᠡᠭᠴᠢ᠂ ᠬᠤᠰᠢᠭᠤ ᠨᠠᠮ ᠤᠨ ᠬᠤᠷᠢᠶᠠᠨ ᠤ | ᠱᠦᠵᠢ ᠵᠢᠷᠭᠠᠯᠳᠣ ᠶᠠᠷᠢᠶ᠎ᠠ ᠳᠠᠯᠪᠢᠵᠤ ᠵᠢᠭᠠᠵᠤ ᠭᠠᠷᠭᠠᠭᠰᠠᠨ ᠨᠢ᠂ ᠤᠶᠢᠷ᠎ᠠ ᠶᠢᠨ ᠵᠢᠯ ᠳᠤ᠂ ᠬᠤᠳᠠ ᠶᠢᠨ ᠨᠠᠮ ᠤᠨ | ᠬᠤᠷᠢᠶ᠎ᠠ᠂ ᠵᠠᠰᠠᠭ ᠤᠨ ᠤᠷᠳᠣᠨ ᠤ ᠡᠷᠡᠰ ᠴᠢᠩᠭ᠎ᠠ ᠤᠳᠤᠷᠢᠳᠣᠯᠭ᠎ᠠ ᠳᠣᠣᠷ᠎ᠠ᠂ ᠮᠠᠨ ᠤ ᠬᠤᠰᠢᠭᠤᠨ ᠤ ᠨᠡᠬᠦᠷᠡᠰᠦᠨ | ᠤ ᠡᠬᠢ ᠪᠠᠶᠠᠯᠢᠭ ᠤᠨ ᠨᠡᠭᠡᠭᠡᠯᠳᠡ ᠶᠢᠨ ᠴᠢᠨᠠᠷ ᠪᠦᠳᠦᠮᠵᠢ ᠳᠠᠰᠣᠷᠠᠯᠳᠠ ᠦᠬᠡᠢ ᠳᠡᠭᠡᠭᠰᠢᠯᠡᠵᠦ᠂ ᠨᠢᠬᠡ ᠪᠦᠯᠦᠭ | ᠴᠢᠬᠤᠯᠠ ᠶᠡᠭᠡ ᠲᠥᠷᠥᠯ ᠵᠦᠢᠯ ᠠᠰᠢᠭᠯᠠᠯᠳᠠ ᠳᠤ ᠣᠷᠣᠨ᠂ ᠭᠠᠵᠠᠷ ᠤᠷᠤᠨ ᠤ ᠠᠵᠤ ᠠᠬᠤᠢ ᠨᠡᠶᠢᠬᠡᠮ ᠥᠷᠨᠢᠨ | ᠬᠦᠭᠵᠢᠭᠰᠡᠨ ᠰᠠᠶᠢᠨ ᠰᠠᠶᠢᠬᠠᠨ ᠪᠠᠶᠢᠳᠠᠯ ᠢᠯᠡᠷᠡᠭᠰᠡᠨ ᠪᠠᠶᠢᠨ᠎ᠠ᠃ ᠤᠷᠳᠣᠰ ᠬᠤᠳᠠ ᠶᠢᠨ ᠶᠢᠨ ᠴᠧᠩ ᠲᠠᠢ ᠬᠢᠮᠢ | ᠶᠢᠨ ᠠᠵᠤ ᠦᠢᠯᠡᠳᠪᠦᠷᠢ ᠶᠢᠨ ᠬᠢᠵᠠᠭᠠᠷᠳᠣ ᠬᠠᠷᠢᠭᠤᠴᠠᠯᠭᠠᠳᠣ ᠺᠤᠮᠫᠠᠨᠢ ᠨᠢ ᠦᠦᠰᠢᠨ ᠬᠤᠰᠢᠭᠤᠨ ᠳᠤ ᠨᠡᠯᠢᠶᠡᠳ | ᠡᠷᠳᠡ ᠪᠡᠯᠡ ᠤᠷᠤᠭᠤᠯᠵᠤ ᠦᠢᠯᠡᠰ ᠢᠶᠠᠨ ᠬᠦᠭᠵᠢᠬᠦᠯᠦᠭᠰᠡᠨ ᠠᠵᠤ ᠠᠬᠤᠶᠢᠯᠠᠯ ᠪᠤᠯᠤᠭᠰᠠᠨ ᠤ ᠬᠤᠪᠢ ᠳᠤ᠂ ᠤᠯᠠᠨ | ᠵᠢᠯ ᠤᠨ ᠳᠣᠷᠰᠢ ᠬᠤᠪᠢ ᠪᠡᠶ᠎ᠡ ᠶᠢᠨ ᠬᠦᠭᠵᠢᠯᠳᠡ ᠪᠠᠨ ᠳᠣᠬᠠᠢ ᠶᠢᠨ ᠭᠠᠵᠠᠷ ᠤᠨ ᠬᠦᠭᠵᠢᠯᠳᠡ ᠲᠠᠢ | ᠤᠶᠠᠯᠳᠣᠭᠤᠯᠬᠤ ᠶᠢ ᠪᠠᠷᠢᠮᠳᠠᠯᠠᠵᠤ᠂ ᠨᠡᠶᠢᠬᠡᠮ ᠤᠨ ᠬᠠᠷᠢᠭᠤᠴᠠᠯᠭ᠎ᠠ ᠶᠢ ᠢᠳᠡᠪᠬᠢᠳᠡᠢ ᠬᠦᠢᠴᠡᠳᠬᠡᠨ᠂ ᠭᠠᠵᠠᠷ ᠤᠷᠤᠨ | ᠤ ᠠᠵᠤ ᠠᠬᠤᠢ ᠨᠡᠶᠢᠬᠡᠮ ᠤᠨ ᠭᠦᠭᠵᠢᠯᠳᠡ ᠳᠤ ᠴᠢᠬᠤᠯᠠ ᠬᠤᠪᠢ ᠨᠡᠮᠡᠷᠢ ᠦᠵᠡᠬᠦᠯᠦᠭᠰᠡᠨ ᠪᠠᠶᠢᠨ᠎ᠠ᠃ ᠳᠣᠰ | ᠤᠳᠠᠭᠠᠨ ᠤ ᠵᠢᠯ ᠤᠨ ᠭᠠᠷᠤᠯᠳᠠ ᠨᠢ 30 ᠲᠥᠮᠡᠨ ᠳᠣᠨ ᠤ ᠡᠲ᠋ᠠ ᠬᠤᠶᠠᠷᠴᠢ ᠡᠯᠡᠺᠤᠤᠯ ᠤᠨ ᠲᠥᠷᠥᠯ ᠵᠦᠢᠯ ᠢ | ᠡᠬᠢᠯᠡᠬᠦᠯᠵᠦ ᠪᠦᠳᠦᠭᠡᠨ ᠪᠠᠶᠢᠭᠤᠯᠤᠭᠰᠠᠨ ᠨᠢ ᠠᠵᠤ ᠠᠬᠤᠢ ᠶᠢᠨ ᠠᠵᠤ ᠦᠢᠯᠡᠰ ᠤᠨ ᠬᠡᠯᠬᠢᠶᠡᠵᠢᠯ ᠢ ᠳᠠᠭᠠᠯᠳᠠ | ᠠᠵᠤ ᠦᠢᠯᠡᠰ ᠤᠷᠤᠭᠤ ᠣᠷᠳᠣᠳᠬᠠᠵᠤ᠂ ᠦᠨ᠎ᠡ ᠦᠷᠳᠡᠭ ᠤᠨ ᠬᠡᠯᠬᠢᠶᠡᠵᠢᠯ ᠢ ᠳᠣᠮᠳᠠᠳᠣ ᠳᠡᠭᠡᠳᠦ ᠳᠡᠰ ᠤᠷᠤᠭᠤ | ᠳᠡᠪᠰᠢᠬᠦᠯᠬᠦ ᠶᠢ ᠠᠬᠢᠭᠤᠯᠬᠤ᠂ ᠮᠠᠨ ᠤ ᠬᠤᠰᠢᠭᠤᠨ ᠤ ᠤᠯᠠᠨ ᠡᠰᠢᠳᠦ ᠬᠦᠭᠵᠢᠯᠳᠡ᠂ ᠤᠯᠠᠨ ᠱᠠᠳᠣ ᠪᠠᠷ | ᠳᠣᠯᠭᠠᠭᠤᠷᠢᠯᠠᠭᠤᠯᠤᠭᠰᠠᠨ ᠤᠳᠤ ᠦᠶ᠎ᠡ ᠶᠢᠨ ᠠᠵᠤ ᠦᠢᠯᠡᠰ ᠤᠨ ᠰᠢᠨ᠎ᠡ ᠳᠣᠭᠳᠠᠯᠴᠠᠭ᠎ᠠ ᠶᠢ ᠪᠠᠶᠢᠭᠤᠯᠬᠤ ᠶᠢ | ᠲᠦᠷᠭᠡᠳᠬᠡᠬᠦ᠂ ᠳᠡᠭᠡᠳᠦ ᠴᠢᠨᠠᠷ ᠪᠦᠬᠦᠢ ᠬᠦᠭᠵᠢᠯᠳᠡ ᠶᠢ ᠲᠦᠯᠬᠢᠨ ᠠᠬᠢᠭᠤᠯᠬᠤ ᠳᠤ ᠳᠦᠢᠯ ᠤᠨ ᠴᠢᠬᠤᠯᠠ ᠠᠴᠢ | ᠬᠤᠯᠪᠤᠭᠳᠠᠯ ᠲᠠᠢ ᠬᠡᠪᠡ᠃ ᠲᠡᠷᠡ ᠴᠢᠬᠤᠯᠠᠴᠢᠯᠠᠬᠤ ᠳᠤ ᠪᠠᠨ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ | ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷ ᠲᠠᠢ ᠦᠬᠡᠷᠡᠴᠢᠯᠡᠯᠳᠡ ᠪᠠᠷ ᠭᠤᠤᠯ ᠱᠣᠭᠤᠮ ᠢᠶᠠᠨ ᠪᠤᠯᠭᠠᠬᠤ | ᠶᠢ ᠪᠠᠷᠢᠮᠳᠠᠯᠠᠵᠤ᠂ ᠬᠦᠭᠵᠢᠯᠳᠡ ᠶᠢᠨ ᠤᠷᠴᠢᠨ ᠢ ᠤᠯᠠᠮ ᠨᠢᠬᠡ ᠠᠯᠬᠤᠮ ᠰᠢᠯᠢᠳᠡᠭᠵᠢᠬᠦᠯᠦᠨ᠂ ᠦᠢᠯᠡᠴᠢᠯᠡᠭᠡᠨ ᠤ | ᠪᠠᠳᠣᠯᠠᠭ᠎ᠠ ᠶᠢ ᠴᠢᠩᠭᠠᠳᠬᠠᠵᠤ᠂ ︽ᠨᠢᠬᠡ ᠠᠵᠤ ᠠᠬᠤᠶᠢᠯᠠᠯ ᠨᠢᠬᠡ ᠪᠤᠳᠤᠯᠭ᠎ᠠ︾᠂ ︽ᠬᠠᠮᠤᠭ ᠤᠯᠠᠨ ᠳᠤ ᠪᠠᠨ | ᠨᠢᠬᠡ ᠤᠳᠠᠭ᠎ᠠ ᠬᠦᠶᠦᠬᠦ︾ ᠵᠡᠷᠭᠡ ᠲᠦᠷᠦ ᠶᠢᠨ ᠪᠤᠳᠤᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠲᠦᠷᠥᠯ ᠵᠦᠢᠯ | ᠤᠨ ᠪᠦᠳᠦᠭᠡᠨ ᠪᠠᠶᠢᠭᠤᠯᠤᠯᠳᠠ ᠪᠠ ᠠᠵᠤ ᠠᠬᠤᠶᠢᠯᠠᠯ ᠤᠨ ᠬᠦᠭᠵᠢᠯᠳᠡ ᠳᠤ ᠨᠡᠩ ᠰᠢᠯᠢᠳᠡᠭ ᠦᠢᠯᠡᠴᠢᠯᠡᠭᠡ | ᠬᠠᠩᠭᠠᠵᠤ᠂ ᠲᠦᠷᠥᠯ ᠵᠦᠢᠯ ᠤᠨ ᠤᠷᠤᠭᠰᠢᠳᠠᠢ ᠭᠡᠷᠡᠭᠵᠢᠬᠦᠯᠦᠭᠳᠡᠬᠦ ᠶᠢ ᠪᠠᠳᠣᠯᠠᠨ᠂ ᠡᠷᠳᠡ ᠨᠢᠬᠡᠨ ᠡᠳᠦᠷ | ᠠᠰᠢᠭᠯᠠᠯᠳᠠ ᠳᠤ ᠣᠷᠣᠵᠣ ᠦᠷ᠎ᠡ ᠠᠰᠢᠭ ᠤᠯᠬᠤ ᠶᠢ ᠪᠠᠳᠣᠯᠠᠬᠤ ᠭᠡᠷᠡᠭᠳᠡᠢ᠃ ᠲᠥᠷᠥᠯ ᠵᠦᠢᠯ ᠤᠨ ᠡᠵᠡᠨ ᠪᠠ | ᠡᠯ᠎ᠡ ᠪᠦᠳᠦᠭᠡᠨ ᠪᠠᠶᠢᠭᠤᠯᠤᠯᠳᠠ ᠳᠤ ᠤᠷᠤᠯᠴᠠᠭᠰᠠᠳ ᠨᠠᠷᠢᠨ ᠨᠢᠮᠪᠡᠢ ᠵᠤᠬᠢᠶᠠᠨ ᠪᠠᠶᠢᠭᠤᠯᠵᠤ᠂ ᠰᠢᠨᠵᠢᠯᠡᠬᠦ | ᠤᠬᠠᠭᠠᠨᠴᠢ ᠪᠠᠷ ᠬᠠᠮᠢᠶᠠᠷᠤᠨ᠂ ᠠᠮᠤᠷ ᠲᠦᠪᠰᠢᠨ᠂ ᠦᠨᠳᠦᠷ ᠪᠦᠳᠦᠮᠵᠢ ᠲᠠᠢ ᠪᠠᠷ ᠪᠦᠳᠦᠬᠡᠨ ᠪᠠᠶᠢᠭᠤᠯᠬᠤ ᠡᠬᠦᠷᠭᠡ | ᠪᠠᠨ ᠪᠡᠶᠡᠯᠡᠬᠦᠯᠬᠦ ᠶᠢ ᠪᠠᠳᠤᠯᠠᠵᠤ᠂ ᠳᠣᠭᠳᠠᠭᠰᠠᠨ ᠴᠠᠭ ᠲᠤ ᠪᠠᠨ ᠪᠠᠶᠢᠭᠤᠯᠵᠤ ᠳᠠᠭᠤᠰᠬᠠᠭᠠᠳ ᠠᠰᠢᠭᠯᠠᠯᠳᠠ ᠳᠤ | ᠤᠷᠤᠭᠤᠯᠬᠤ ᠭᠡᠷᠡᠭᠳᠡᠢ ᠬᠡᠪᠡ᠃ | ᠠᠵᠢᠯ ᠡᠬᠢᠯᠡᠬᠦ ᠶᠤᠰᠤᠯᠠᠯ ᠳᠡᠭᠡᠷ᠎ᠡ᠂ ᠤᠷᠳᠣᠰ ᠬᠤᠳᠠ ᠶᠢᠨ ᠶᠢᠨ ᠴᠧᠩ ᠲᠠᠢ ᠬᠢᠮᠢ ᠶᠢᠨ ᠠᠵᠤ | ᠦᠢᠯᠡᠳᠪᠦᠷᠢ ᠶᠢᠨ ᠬᠢᠵᠠᠭᠠᠷᠳᠣ ᠬᠠᠷᠢᠭᠤᠴᠠᠯᠭᠠᠳᠣ ᠺᠤᠮᠫᠠᠨᠢ ᠶᠢᠨ ᠭᠡᠷᠡᠭ ᠮᠡᠳᠡᠭᠴᠢᠳ ᠤᠨ ᠳᠠᠷᠤᠭ᠎ᠠ ᠭᠤᠣ ᠰᠢᠦᠸᠠᠢ | ᠹᠧᠩ ᠲᠥᠷᠥᠯ ᠵᠦᠢᠯ ᠤᠨ ᠪᠠᠶᠢᠳᠠᠯ ᠢ ᠳᠠᠨᠢᠯᠴᠠᠭᠤᠯᠵᠤ᠂ ᠳᠣᠮᠳᠠᠳᠣ ᠤᠯᠤᠰ ᠤᠨ ᠬᠢᠮᠢ ᠶᠢᠨ ᠠᠵᠤ ᠦᠢᠯᠡᠳᠪᠦᠷᠢ | ᠶᠢᠨ ᠲᠦᠷᠪᠡᠳᠣᠭᠡᠷ ᠪᠦᠳᠦᠭᠡᠨ ᠪᠠᠶᠢᠭᠤᠯᠬᠤ ᠬᠢᠵᠠᠭᠠᠷᠳᠣ ᠺᠤᠮᠫᠠᠨᠢ ᠶᠢᠨ ᠳᠡᠳ᠋ ᠶᠡᠷᠥᠩᠭᠡᠢ ᠳᠠᠭᠠᠭᠠᠮᠠᠯ ᠯᠢᠦ ᠴᠠᠩ | ᠰᠢᠦᠢ ᠲᠥᠷᠥᠯ ᠵᠦᠢᠯ ᠤᠨ ᠪᠠᠷᠢᠯᠭ᠎ᠠ ᠶᠢᠨ ᠲᠠᠯ᠎ᠠ ᠶᠢ ᠲᠥᠯᠦᠭᠡᠯᠡᠵᠦ ᠤᠪᠤᠷ ᠢᠶᠠᠨ ᠢᠯᠡᠳᠬᠡᠬᠦ ᠶᠠᠷᠢᠶ᠎ᠠ ᠳᠠᠯᠪᠢᠪᠠ᠃ | ᠤᠷᠳᠣᠰ ᠬᠤᠳᠠ ᠶᠢᠨ ᠶᠢᠨ ᠴᠧᠩ ᠲᠠᠢ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠳᠣ | ᠬᠠᠷᠢᠭᠤᠴᠠᠯᠭᠠᠳᠣ ᠺᠤᠮᠫᠠᠨᠢ ᠶᠢᠨ ᠵᠢᠯ ᠤᠨ ᠭᠠᠷᠤᠯᠳᠠ ᠨᠢ 30 ᠲᠥᠮᠡᠨ ᠳᠣᠨ ᠤ ᠡᠲ᠋ᠠ ᠬᠤᠶᠠᠷᠴᠢ ᠡᠯᠡᠺᠤᠤᠯ ᠤᠨ | ᠲᠥᠷᠥᠯ ᠵᠦᠢᠯ ᠨᠢ ᠰᠣᠪᠤᠷᠭ᠎ᠠ ᠠᠵᠤ ᠠᠬᠤᠢ ᠶᠢᠨ ᠨᠡᠭᠡᠭᠡᠯᠳᠡ ᠶᠢᠨ ᠳᠤᠭᠤᠷᠢᠭ ᠤᠨ ᠳᠤᠭ ᠠᠵᠤ ᠦᠢᠯᠡᠳᠪᠦᠷᠢ | ᠶᠢᠨ ᠲᠥᠷᠥᠯ ᠵᠦᠢᠯ ᠤᠨ ᠲᠤᠭᠤᠷᠢᠭ ᠲᠤ ᠪᠠᠶᠢᠷᠢᠰᠢᠵᠤ᠂ ᠲᠥᠷᠥᠯ ᠵᠦᠢᠯ ᠤᠨ ᠶᠡᠷᠥᠩᠭᠡᠢ ᠪᠡᠯᠡ ᠤᠷᠤᠭᠤᠯᠤᠯᠳᠠ | ᠨᠢ 32 ᠳ᠋ᠥᠩᠰᠢᠭᠤᠷ ᠲᠦᠬᠦᠷᠢᠭ ᠪᠠᠶᠢᠵᠤ᠂ ᠮᠠᠨ ᠤ ᠬᠤᠰᠢᠭᠤᠨ ᠤ ᠠᠩᠬᠠᠳᠣᠭᠠᠷ ᠨᠡᠬᠦᠷᠡᠰᠦ ᠪᠠᠷ ᠡᠲ᠋ᠠ ᠬᠤᠶᠠᠷᠴᠢ | ᠡᠯᠡᠺᠤᠤᠯ ᠡᠬᠦᠰᠬᠡᠬᠦ ᠲᠥᠷᠥᠯ ᠵᠦᠢᠯ ᠪᠠᠶᠢᠵᠤ᠂ 2020 ᠤᠨ ᠤ ᠰᠡᠬᠦᠯᠴᠢ ᠪᠠᠷ ᠠᠰᠢᠭᠯᠠᠯᠳᠠ ᠳᠤ ᠤᠷᠤᠭᠤᠯᠬᠤ | ᠪᠠᠷ ᠲᠥᠯᠥᠪᠯᠡᠵᠦ ᠪᠤᠢ᠃ ᠳᠣᠰ ᠲᠥᠷᠥᠯ ᠵᠦᠢᠯ ᠨᠢ ᠤᠯᠤᠰ ᠠᠴᠠ ᠵᠤᠷᠢᠭᠵᠢᠭᠤᠯᠵᠤ ᠪᠠᠶᠢᠭ᠎ᠠ ᠰᠢᠨ᠎ᠡ ᠬᠡᠯᠪᠡᠷᠢ ᠶᠢᠨ | ᠨᠡᠬᠦᠷᠡᠰᠦ ᠬᠢᠮᠢ ᠶᠢᠨ ᠠᠵᠤ ᠦᠢᠯᠡᠳᠪᠦᠷᠢ ᠶᠢᠨ ᠵᠠᠩᠬᠢᠯᠠᠭ᠎ᠠ ᠶᠢᠨ ᠮᠡᠷᠭᠡᠵᠢᠯ ᠤᠨ ᠰᠢᠨ᠎ᠡ ᠶᠢ ᠡᠬᠦᠳᠬᠦ ᠲᠦᠷᠥᠯ | ᠵᠦᠢᠯ ᠪᠠᠶᠢᠵᠤ᠂ ᠳᠣᠨᠣᠭᠯᠠᠯ ᠤᠨ ᠬᠡᠪᠴᠢᠶᠡᠵᠢᠯ᠂ ᠦᠢᠯᠡᠳᠪᠦᠷᠢᠯᠡᠬᠦ ᠴᠢᠳᠠᠪᠤᠷᠢ ᠨᠢ ᠤᠯᠤᠰ ᠤᠨ ᠲᠦᠷᠦ ᠶᠢᠨ | ᠪᠤᠳᠣᠯᠭ᠎ᠠ ᠶᠢᠨ ᠱᠠᠭᠠᠷᠳᠠᠯᠭ᠎ᠠ ᠳᠤ ᠨᠡᠶᠢᠴᠡᠨ᠎ᠡ᠃ ᠲᠥᠷᠥᠯ ᠵᠦᠢᠯ ᠤᠨ ᠭᠡᠷᠡᠭᠵᠢᠬᠦᠯᠦᠯᠳᠡ ᠨᠢ ᠮᠠᠨ ᠤ ᠬᠤᠰᠢᠭᠤᠨ ᠤ | ᠳᠣᠰ ᠬᠡᠯᠪᠡᠷᠢ ᠶᠢᠨ ᠨᠡᠬᠦᠷᠡᠰᠦ ᠬᠢᠮᠢ ᠶᠢᠨ ᠠᠵᠤ ᠦᠢᠯᠡᠳᠪᠦᠷᠢ ᠶᠢᠨ ᠦᠢᠯᠡᠳᠬᠦᠨ ᠤ ᠬᠤᠭᠤᠰᠤᠨ ᠢ ᠪᠦᠭᠯᠡᠬᠦ ᠶᠢᠨ | ᠬᠠᠮᠳᠣ ᠮᠠᠨ ᠤ ᠬᠤᠰᠢᠭᠤᠨ ᠤ ᠨᠡᠬᠦᠷᠡᠰᠦ ᠶᠢ ᠨᠠᠷᠢᠯᠢᠭ ᠪᠤᠯᠪᠠᠰᠣᠷᠠᠭᠤᠯᠬᠤ ᠠᠵᠢᠯ ᠨᠡᠩ ᠪᠠᠳᠣ ᠪᠠᠬᠢ ᠠᠯᠬᠤᠮ ᠢ | ᠠᠯᠬᠤᠭᠰᠠᠨ ᠢ ᠬᠠᠷᠠᠭᠤᠯᠵᠤ᠂ ᠳᠠᠭᠠᠯᠳᠠ ᠠᠵᠤ ᠦᠢᠯᠡᠰ ᠤᠨ ᠦᠢᠯᠡᠳᠬᠦᠨ ᠢ ᠪᠠᠶᠠᠯᠢᠭᠵᠢᠭᠤᠯᠬᠤ᠂ ᠠᠵᠤ ᠦᠢᠯᠡᠰ | ᠤᠨ ᠰᠦᠷᠦᠭᠵᠢᠯ ᠢ ᠪᠤᠢ ᠪᠤᠯᠠᠭᠠᠬᠤ᠂ ᠬᠦᠭᠵᠢᠯᠳᠡ ᠶᠢᠨ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠶᠢ | ᠠᠬᠢᠭᠤᠯᠬᠤ᠂ ᠨᠡᠬᠦᠷᠡᠰᠦᠨ ᠤ ᠡᠬᠢ ᠪᠠᠶᠠᠯᠢᠭ ᠤᠨ ᠳᠠᠪᠠᠭᠤᠯᠢᠭ ᠠᠴᠠ ᠠᠵᠤ ᠠᠬᠤᠢ ᠶᠢᠨ ᠦᠷ᠎ᠡ ᠠᠰᠢᠭ ᠤᠨ | ᠳᠠᠪᠠᠭᠤᠯᠢᠭ ᠪᠤᠯᠤᠨ ᠬᠤᠪᠢᠷᠠᠬᠤ ᠶᠢ ᠪᠡᠶᠡᠯᠡᠬᠦᠯᠬᠦ ᠳᠤ ᠴᠢᠬᠤᠯᠠ ᠠᠴᠢ ᠬᠤᠯᠪᠤᠭᠳᠠᠯ ᠲᠠᠢ ᠶᠤᠮ᠃ | | | | | | | | | | | | | | | | | | | | | | | | | | | | | | |