| 2018 ᠣᠨ ᠤ 5 ᠰᠠᠷ᠎ᠠ ᠶᠢᠨ 15 ᠤ ᠡᠳᠣᠷ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠬᠤᠰᠢᠭᠤ | ᠲᠡᠳ᠋ ᠲᠠᠷᠤᠭ᠎ᠠ᠂ ᠡᠳ᠋ ᠤᠨ ᠵᠠᠰᠠᠭ ᠤᠨ ᠲᠣᠪᠴᠢᠶᠠᠨ ᠤ ᠲᠣᠪᠴᠢᠶᠠᠨ ᠲᠠᠷᠤᠭ᠎ᠠ ᠪᠠᠶᠠᠨᠴᠡᠩᠬᠡᠯ ᠳᠤᠭ ᠪᠠᠯᠭᠠᠰᠣᠨ ᠤ | ᠰᠢᠷᠭᠠᠮᠣᠷᠢ ᠳᠣᠰᠬᠤᠨ ᠤ ᠳ᠋ᠦ᠋ ᠵᠢᠶᠠᠨ ᠫᠢᠡᠭ ᠤᠨ ᠬᠢᠨ ᠳᠤ ᠬᠦᠷᠴᠦ ᠣᠨᠣᠪᠴᠢᠳᠠᠢ ᠪᠠᠷ ᠶᠠᠳᠠᠭᠤ ᠶᠢ ᠲᠡᠳᠭᠦᠭᠦ | ᠠᠷᠭ᠎ᠠ ᠪᠠᠷᠢᠯ ᠢᠶᠠᠨ ᠪᠣᠳᠠᠳᠠᠶᠢᠵᠢᠭᠤᠯᠦᠨ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠨ ᠣᠶᠢᠯᠠᠭᠠᠭᠰᠠᠨ ᠪᠠᠶᠢᠨ᠎ᠠ᠃ | ᠲᠤᠭ ᠪᠠᠯᠭᠠᠰᠦᠨ ᠤ ᠪᠠᠯᠭᠠᠰᠦᠨ ᠲᠡᠳ᠋ ᠲᠠᠷᠤᠭ᠎ᠠ ᠰᠡᠯᠡᠩᠭᠡ ᠪᠠᠷᠠᠳᠠᠨ ᠪᠠᠶᠢᠴᠠᠭᠠᠪᠠ᠃ | ᠪᠠᠶᠠᠨᠴᠡᠩᠬᠡᠯ ᠨᠦᠭᠦᠷ ︽ᠨᠢᠭᠡ ᠡᠷᠦᠬᠡ ᠨᠢᠭᠡ ᠲᠠᠩᠰᠠ ᠡᠪᠬᠡᠮᠡᠯ︾ ᠤᠨ ᠶᠠᠳᠠᠭᠤ ᠶᠢ ᠲᠡᠳᠭᠦᠭᠦ ᠠᠷᠭ᠎ᠠ ᠪᠠᠷᠢᠯ | ᠂ ᠶᠠᠳᠠᠭᠤ ᠶᠢ ᠲᠡᠳᠭᠦᠭᠦ ᠭᠠᠷ ᠠᠪᠣᠯᠭ᠎ᠠ ᠵᠡᠷᠬᠡ ᠮᠠᠲ᠋ᠧᠷᠢᠶᠠᠯ ᠢ ᠨᠠᠷᠢᠨ ᠬᠢᠨᠠᠮᠠᠭᠠᠢ ᠪᠠᠶᠢᠴᠠᠭᠠᠨ ᠦᠵᠡᠵᠣ᠂ ᠠᠷᠭ᠎ᠠ | ᠪᠠᠷᠢᠯ ᠬᠢᠭᠡᠳ ᠪᠣᠳᠠᠳᠠᠶᠢᠵᠢᠭᠤᠯᠦᠭ᠌ᠰᠠᠨ ᠪᠠᠶᠢᠳᠠᠯ ᠢ ᠬᠠᠷᠭᠤᠭᠤᠯᠦᠨ ᠪᠠᠶᠢᠴᠠᠭᠠᠬᠤ ᠶᠢᠨ ᠬᠠᠮᠳᠣ ᠳᠡᠳᠬᠦᠨ ᠳᠠᠮᠵᠢᠵᠣ | ᠪᠠᠶᠢᠭ᠎ᠠ ᠠᠶᠢᠯ ᠤᠨ ᠬᠢᠨ ᠲᠠᠢ ᠬᠠᠯᠠᠭᠤᠨ ᠲᠣᠲᠣᠨᠣᠰᠤᠭ ᠢᠶᠠᠷ ᠶᠠᠷᠢᠯᠴᠠᠵᠣ ᠲᠡᠳᠡᠨ ᠤ ᠣᠶᠢᠷ᠎ᠠ ᠶᠢᠨ ᠬᠤᠭᠤᠴᠠᠭᠠᠨ | ᠤ ᠦᠢᠯᠡᠳᠪᠦᠷᠢᠯᠡᠯ ᠠᠮᠢᠳᠣᠷᠠᠯ ᠤᠨ ᠪᠠᠶᠢᠳᠠᠯ ᠢ ᠨᠠᠷᠢᠯᠢᠭ ᠠᠰᠠᠭᠤᠨ ᠣᠶᠢᠯᠠᠭᠠᠵᠣ᠂ ᠢᠳᠡᠬᠡᠯ ᠵᠣᠷᠢᠭ ᠢᠶᠠᠨ | ᠬᠦᠪᠴᠢᠯᠡᠨ ᠦᠢᠯᠡᠳᠪᠦᠷᠢᠯᠡᠯ ᠤᠨ ᠠᠷᠭ᠎ᠠ ᠪᠠᠷᠢᠯ ᠢᠶᠠᠨ ᠰᠢᠨᠡᠴᠢᠯᠡᠵᠣ᠂ ᠦᠪᠡᠷ ᠤᠨ ᠬᠦᠴᠣ ᠪᠠᠷ ᠢᠶᠠᠨ | ᠶᠠᠳᠠᠭᠤ ᠠᠴᠠ ᠠᠩᠬᠢᠵᠢᠷᠠᠨ ᠪᠠᠶᠠᠵᠢᠨ ᠴᠢᠨᠡᠬᠡᠯᠢᠭᠵᠢᠬᠦ ᠶᠢ ᠵᠣᠷᠢᠭᠵᠢᠭᠤᠯᠣᠭᠰᠠᠨ ᠪᠠᠶᠢᠨ᠎ᠠ᠃ | ᠳᠣᠭᠤᠷᠢᠨ ᠪᠠᠶᠢᠴᠠᠭᠠᠭᠰᠠᠨ ᠳᠠᠷᠠᠭ᠎ᠠ ᠪᠠᠶᠠᠨᠴᠡᠩᠬᠡᠯ ᠨᠦᠭᠦᠷ ᠪᠠᠯᠭᠠᠰᠦᠨ ᠤ ᠶᠠᠳᠠᠭᠤ ᠶᠢ ᠲᠡᠳᠭᠦᠭᠦ ᠠᠯᠪᠠᠨ | ᠭᠡᠷ ᠤᠨ ᠠᠵᠢᠯᠳᠠᠨ ᠪᠣᠯᠦᠨ ᠭᠠᠴᠠᠭᠠᠨ ᠳᠤ ᠰᠠᠭᠤᠭ᠎ᠠ ᠺᠠᠳ᠋ᠷᠴᠣᠳ ᠲᠠᠢ ᠶᠠᠷᠢᠯᠴᠠᠨ ᠰᠣᠳᠣᠯᠬᠤ ᠪᠠᠷ ᠲᠠᠮᠵᠢᠭᠠᠳ | ᠡᠯ᠎ᠡ ᠭᠠᠴᠠᠭ᠎ᠠ ᠲᠣᠰᠬᠤᠨ ︵ᠨᠡᠶᠢᠬᠡᠮ ᠲᠣᠭᠤᠷᠢᠭ︶ ᠤ ᠶᠠᠳᠠᠭᠤ ᠬᠦᠴᠢᠷᠳᠡᠯᠳᠡᠢ ᠡᠷᠦᠬᠡ ᠶᠢᠨ ᠦᠢᠯᠡᠳᠪᠦᠷᠢᠯᠡᠯ | ᠠᠮᠢᠳᠣᠷᠠᠯ ᠤᠨ ᠪᠠᠶᠢᠳᠠᠯ ᠢ ᠤᠯᠠᠮ ᠨᠢᠭᠡ ᠠᠯᠬᠤᠮ ᠣᠶᠢᠯᠠᠭᠠᠵᠣ᠂ ᠶᠠᠳᠠᠭᠤ ᠶᠢ ᠲᠡᠳᠭᠦᠭᠦ ᠠᠵᠢᠯ ᠤᠨ ᠪᠣᠳᠠᠳᠠᠢ | ᠠᠷᠭ᠎ᠠ ᠪᠠᠷᠢᠯ ᠢ ᠨᠠᠷᠢᠨ ᠬᠢᠨᠠᠮᠠᠭᠠᠢ ᠲᠣᠣᠱᠯᠠᠭᠤᠯᠦᠨ ᠨᠠᠶᠢᠳᠠᠪᠣᠷᠢᠵᠢᠭᠤᠯᠵᠣ᠂ ᠲᠡᠳᠡᠨ ᠢ ᠪᠦᠭᠦ ᠬᠦᠴᠦᠨ ᠢᠶᠠᠷ | ᠬᠠᠪᠰᠦᠷᠦᠨ ᠣᠷᠣᠯᠭ᠎ᠠ ᠶᠢ ᠨᠢ ᠨᠡᠮᠡᠭᠳᠡᠬᠦᠯᠬᠦ ᠰᠢᠨ᠎ᠠ ᠠᠷᠭ᠎ᠠ ᠵᠠᠮ ᠢ ᠰᠦᠪᠡᠭᠴᠢᠯᠡᠭᠰᠠᠨ ᠪᠠᠶᠢᠨ᠎ᠠ᠃ |