ᠮᠠᠨ ᠤ ᠬᠤᠰᠢᠭᠤᠨ ᠤ ᠠᠮᠤ ᠪᠤᠳᠠᠭᠠᠨ ᠤ ᠬᠤᠷᠢᠶᠠᠯᠳᠠ ᠶᠢᠨ ᠲᠠᠷᠠᠭᠠᠬᠢ ᠦᠢᠯᠡᠴᠢᠯᠡᠬᠡᠨ ᠤ ᠲᠦᠪ ᠰᠢᠨ᠎ᠠ ᠠᠵᠢᠯ ᠲᠦᠷᠦᠯ ᠢᠶᠠᠷ ᠮᠠᠯᠴᠢᠨ ᠲᠠᠷᠢᠶᠠᠴᠢᠳ ᠲᠤ ᠦᠢᠯᠡᠴᠢᠯᠡᠵᠤ ᠡᠬᠢᠯᠡᠯ᠎ᠠ
ᠨᠡᠶᠢᠲᠡᠯᠡᠭᠰᠡᠨ ᠴᠠᠭ᠄
2018-05-21
     ᠡᠨᠡ ᠬᠠᠪᠤᠷ ᠠᠴᠠ ᠡᠬᠢᠯᠡᠨ ᠮᠠᠨ ᠤ ᠬᠤᠰᠢᠭᠤᠨ ᠤ ᠠᠮᠤ ᠪᠤᠳᠠᠭᠠᠨ ᠤ ᠬᠤᠷᠢᠶᠠᠯᠳᠠ ᠶᠢᠨ ᠲᠠᠷᠠᠭᠠᠬᠢ ᠦᠢᠯᠡᠴᠢᠯᠡᠬᠡᠨ ᠤ ᠲᠦᠪ ᠨᠢ ᠰᠢᠨ᠎ᠠ ᠠᠵᠢᠯ ᠲᠦᠷᠦᠯ ᠢᠶᠠᠷ ᠬᠠᠪᠤᠷ ᠤᠨ ᠲᠠᠷᠢᠶᠠᠯᠠᠭ᠎ᠠ ᠳᠤ ᠦᠢᠯᠡᠴᠢᠯᠡᠵᠤ ᠮᠠᠯᠴᠢᠨ ᠲᠠᠷᠢᠶᠠᠴᠢᠳ ᠤᠨ ᠬᠦᠷᠢᠶᠠᠯᠠᠯ ᠢ ᠤᠯᠵᠤ ᠪᠠᠶᠢᠨ᠎ᠠ᠃ ᠮᠠᠯᠴᠢᠨ ᠲᠠᠷᠢᠶᠠᠴᠢᠳ ᠠᠮᠤ ᠪᠤᠳᠠᠭᠠᠨ ᠤ ᠬᠤᠷᠢᠶᠠᠯᠳᠠ ᠶᠢᠨ ᠲᠠᠷᠠᠭᠠᠬᠢ ᠦᠢᠯᠡᠴᠢᠯᠡᠬᠡᠨ ᠤ ᠲᠦᠪ ᠲᠤ ᠬᠠᠳᠠᠭᠠᠯᠠᠭᠰᠠᠨ ᠡᠷᠳᠡᠨᠢ ᠰᠢᠰᠢ ᠵᠡᠷᠬᠡ ᠪᠠᠷ ᠢᠶᠠᠨ ᠦᠷ᠎ᠡ ᠬᠦᠷᠦᠩᠬᠡ᠂ ᠬᠢᠮᠢ ᠶᠢᠨ ᠪᠤᠷᠳᠤᠭᠤᠷ᠂ ᠲᠠᠷᠢᠶᠠᠯᠠᠩ ᠤᠨ ᠮᠠᠰᠢᠨ᠂ ᠡᠳᠦᠷ ᠲᠤᠳᠤᠮ ᠤᠨ ᠬᠡᠷᠡᠭᠯᠡᠬᠡᠨ ᠤ ᠵᠦᠢᠯᠡᠰ ᠢ ᠰᠤᠯᠢᠵᠤ ᠪᠤᠯᠬᠤ ᠪᠤᠯᠵᠤ᠂ ᠠᠮᠤ ᠪᠤᠳᠠᠭ᠎ᠠ ᠳᠤ ᠨᠢ ᠦᠢᠯᠡᠴᠢᠯᠡᠬᠡᠨ ᠤ ᠲᠦᠪ ᠲᠤ ᠬᠠᠳᠠᠭᠠᠯᠠᠬᠤ ᠦᠶ᠎ᠡ ᠶᠢᠨ ᠵᠠᠬ᠎ᠠ ᠲᠡᠯᠬᠡᠬᠦᠷ  ᠤᠨ ᠦᠨ᠎ᠡ ᠥᠭᠴᠤ᠂ ᠰᠤᠯᠢᠬᠤ ᠬᠡᠷᠡᠭᠴᠡᠭᠡ ᠦᠬᠡᠢ ᠬᠠᠳᠠᠭᠠᠯᠠᠭᠴᠢᠳ ᠲᠤ ᠦᠷᠬᠦᠯᠵᠢᠯᠡᠨ ᠠᠮᠤ ᠪᠤᠳᠠᠭ᠎ᠠ ᠪᠠᠨ ᠬᠠᠳᠠᠭᠠᠯᠠᠵᠤ ᠦᠨ᠎ᠡ ᠬᠠᠩᠰᠢ ᠲᠣᠬᠢᠷᠠᠮᠵᠢᠳᠠᠢ ᠦᠶ᠎ᠡ ᠳᠤ ᠲᠤᠰ ᠦᠢᠯᠡᠴᠢᠯᠡᠬᠡᠨ ᠤ ᠲᠦᠪ ᠲᠤ ᠨᠡᠶᠢᠳᠡᠨ ᠪᠤᠷᠤᠯᠠᠭᠤᠯᠵᠤ ᠪᠣᠯᠬᠤ ᠦᠢᠯᠡᠴᠢᠯᠡᠭᠡ ᠬᠠᠩᠭᠠᠭᠰᠠᠨ ᠪᠠᠶᠢᠨ᠎ᠠ᠃      ᠮᠠᠨ ᠤ ᠬᠤᠰᠢᠭᠤᠨ ᠤ ᠰᠢᠷᠬᠤᠰᠤᠨ ᠪᠠᠯᠭᠠᠰᠤᠨ ᠤ ᠤᠷᠳᠤᠪᠡᠶ᠎ᠡ ᠲᠤᠰᠬᠤᠨ ᠳᠠᠬᠢ ᠠᠮᠤ ᠪᠤᠳᠠᠭᠠᠨ ᠤ ᠬᠤᠷᠢᠶᠠᠯᠳᠠ ᠶᠢᠨ ᠲᠠᠷᠠᠭᠠᠬᠢ ᠦᠢᠯᠡᠴᠢᠯᠡᠬᠡᠨ ᠤ ᠲᠦᠪ ᠬᠡᠳᠦᠨ ᠰᠠᠷ᠎ᠠ ᠶᠢᠨ ᠲᠤᠷᠰᠢᠨ ᠡᠵᠡᠩᠨᠡᠯᠳᠡ ᠪᠠᠷ ᠲᠠᠮᠵᠢᠭᠠᠳ ᠡᠨᠡ ᠵᠢᠯ ᠤᠨ 1 ᠰᠠᠷ᠎ᠠ ᠶᠢᠨ 30 ᠤ ᠡᠳᠥᠷ ᠵᠢᠩᠬᠢᠨᠢ ᠪᠠᠷ ᠪᠠᠶᠢᠭᠤᠯᠤᠭᠳᠠᠵᠠᠢ᠃ ᠦᠢᠯᠡᠴᠢᠯᠡᠬᠡᠨ ᠤ ᠲᠦᠪ ᠨᠢ ᠠᠮᠤ ᠪᠤᠳᠠᠭ᠎ᠠ ᠬᠠᠳᠠᠭᠠᠯᠠᠬᠤ᠂ ᠬᠠᠳᠠᠭᠠᠬᠤ᠂ ᠪᠤᠯᠪᠠᠰᠤᠷᠠᠭᠤᠯᠬᠤ᠂ ᠰᠤᠯᠢᠯᠴᠠᠭ᠎ᠠ ᠬᠢᠬᠦ᠂ ᠲᠠᠷᠢᠶᠠᠯᠠᠩ ᠤᠨ ᠮᠠᠰᠢᠨ ᠤ ᠦᠢᠯᠡᠴᠢᠯᠡᠭᠡ ᠬᠠᠩᠭᠠᠬᠤ ᠵᠡᠷᠬᠡ ᠤᠯᠠᠨ ᠲᠦᠷᠦᠯ ᠤᠨ ᠦᠢᠯᠡᠴᠢᠯᠡᠭᠡ ᠬᠠᠩᠭᠠᠬᠤ ᠪᠠᠷ ᠪᠠᠷᠠᠬᠤ ᠦᠬᠡᠢ ᠮᠠᠯᠴᠢᠨ ᠲᠠᠷᠢᠶᠠᠴᠢᠳ ᠤᠨ ᠠᠮᠤ ᠪᠤᠳᠠᠭ᠎ᠠ ᠪᠠᠨ ᠪᠤᠷᠤᠯᠠᠭᠤᠯᠬᠤ ᠳᠤ ᠬᠦᠴᠢᠷ ᠵᠡᠷᠬᠡ ᠠᠰᠠᠭᠤᠳᠠᠯ ᠢ ᠰᠢᠢᠳᠪᠥᠷᠢᠯᠡᠵᠤ ᠮᠠᠯᠴᠢᠨ ᠲᠠᠷᠢᠶᠠᠴᠢᠳ ᠤᠨ ᠬᠦᠷᠢᠶᠠᠯᠠᠯ ᠢ ᠶᠡᠭᠡᠪᠡᠷ ᠤᠯᠵᠤ ᠪᠤᠢ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号