ᠤᠷᠳᠤᠰ ᠬᠤᠲᠠ ᠶᠢᠨ ᠰᠤᠶᠤᠯ ᠵᠤᠭᠠᠴᠠᠯ ᠤᠨ ᠦᠢᠯᠡᠰ ᠤᠨ ᠬᠦᠭᠵᠢᠬᠦᠯᠣᠯᠳᠡ ᠶᠢᠨ ᠬᠢᠵᠠᠭᠠᠷᠲᠤ ᠺᠤᠮᠫᠠᠨᠢ  ᠶᠢᠨ ᠬᠡᠷᠡᠭ ᠮᠡᠳᠡᠭᠴᠢ ᠶᠢᠨ ᠲᠠᠷᠤᠭ᠎ᠠ ᠰᠦᠨ ᡁᠢ ᠭᠠᠩ ᠨᠠᠷ ᠮᠠᠨ ᠤ ᠬᠤᠰᠢᠭᠤᠨ ᠳᠤ ᠢᠷᠡᠵᠦ ᠰᠤᠶᠤᠯ ᠵᠤᠭᠠᠴᠠᠯ ᠤᠨ ᠠᠵᠤ ᠦᠢᠯᠡᠰ ᠲᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2018-05-21
      ᠤᠶᠢᠷ᠎ᠠ ᠶᠢᠨ ᠡᠳᠣᠷ᠂ ᠤᠷᠳᠤᠰ ᠬᠤᠲᠠ ᠶᠢᠨ ᠰᠤᠶᠤᠯ ᠵᠤᠭᠠᠴᠠᠯ ᠤᠨ ᠦᠢᠯᠡᠰ ᠤᠨ ᠬᠦᠭᠵᠢᠬᠦᠯᠣᠯᠳᠡ  ᠶᠢᠨ ᠬᠢᠵᠠᠭᠠᠷᠲᠤ ᠺᠤᠮᠫᠠᠨᠢ ᠶᠢᠨ ᠬᠡᠷᠡᠭ ᠮᠡᠳᠡᠭᠴᠢ ᠶᠢᠨ ᠲᠠᠷᠤᠭ᠎ᠠ ᠰᠦᠨ ᡁᠢ ᠭᠠᠩ ᠨᠠᠷ ᠮᠠᠨ ᠤ ᠬᠤᠰᠢᠭᠤᠨ ᠳᠤ ᠢᠷᠡᠵᠦ ᠪᠠᠶᠢᠴᠠᠭᠠᠨ ᠰᠤᠳᠤᠯᠤᠯᠲᠠ ᠬᠢᠭᠰᠡᠨ ᠤ ᠬᠠᠮᠳᠣ ᠰᠤᠶᠤᠯ ᠵᠤᠭᠠᠴᠠᠯ ᠤᠨ ᠵᠠᠬ᠎ᠠ ᠲᠡᠯᠭᠡᠭᠦᠷ ᠢ ᠨᠡᠭᠡᠭᠡᠨ ᠬᠦᠭᠵᠢᠭᠦᠯᠬᠦ ᠲᠠᠯ᠎ᠠ ᠪᠠᠷ ᠬᠠᠮᠲᠤᠷᠠᠨ ᠠᠵᠢᠯᠯᠠᠬᠤ ᠶᠠᠪᠤᠳᠠᠯ ᠢ ᠵᠦᠪᠯᠡᠨ ᠶᠠᠷᠢᠯᠴᠠᠵᠤ᠂ ᠬᠤᠰᠢᠭᠤ ᠨᠠᠮ ᠤᠨ ᠬᠤᠷᠢᠶᠠᠨ  ᠤ ᠲᠡᠳ᠋ ᠱᠦᠵᠢ ᠬᠤᠰᠢᠭᠤ ᠲᠠᠷᠤᠭ᠎ᠠ ᠴᠢᠶᠤᠤ ᠶᠦᠨ ᠯᠢ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠭᠡᠯᠲᠡᠰ ᠤᠨ ᠲᠠᠷᠤᠭ᠎ᠠ ᠹᠧᠩ ᡁᠢ ᠮᠢᠩ᠂ ᠬᠤᠰᠢᠭᠤ ᠵᠠᠰᠠᠭ ᠤᠨ ᠤᠷᠳᠤᠨ ᠤ ᠠᠯᠪᠠᠨ ᠭᠡᠷ᠂ ᠵᠤᠭᠠᠴᠠᠯ ᠤᠨ ᠦᠢᠯᠡᠰ ᠢ ᠬᠦᠭᠵᠢᠭᠦᠯᠬᠦ ᠲᠦᠪ᠂ ᠤᠯᠤᠰ ᠤᠨ ᠭᠠᠵᠠᠷ ᠰᠢᠷᠤᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠲᠤᠪᠴᠢᠶ᠎ᠠ ᠪᠤᠯᠤᠨ ᠤᠯᠠᠭᠠᠨᠲᠤᠯᠤᠭᠠᠢ ᠪᠠᠯᠭᠠᠰᠤᠨ ᠤ ᠬᠠᠮᠢᠶ᠎ᠠ ᠪᠦᠬᠦᠢ ᠬᠠᠷᠢᠭᠤᠴᠠᠯᠭᠠᠲᠠᠳ ᠪᠠᠷᠠᠳᠠᠨ ᠪᠠᠶᠢᠴᠠᠭᠠᠪᠠ᠃      ᠲᠤᠰ ᠤᠳᠠᠭᠠᠨ ᠤ ᠪᠠᠶᠢᠴᠠᠭᠠᠨ ᠰᠤᠳᠤᠯᠤᠯᠲᠠ ᠪᠠᠷ ᠰᠦᠨ ᡁᠢ ᠭᠠᠩ ᠨᠠᠷ ᠤᠩᠭᠤᠨ ᠮᠠᠩᠬ᠎ᠠ ᠤᠯᠤᠰ ᠤᠨ ᠡᠯᠡᠰᠦᠨ ᠴᠦᠯ ᠤᠨ ᠴᠡᠴᠡᠷᠯᠢᠭ᠂ ᠢᠯᠡᠯᠲᠠ ᠲᠤᠰᠬᠤᠨ ᠤ ᠠᠭᠠᠷ ᠤᠨ ᠳᠤᠤᠷᠠᠳᠤ ᠳᠠᠪᠬᠤᠷᠭ᠎ᠠ ᠪᠠᠷ ᠨᠢᠰᠤᠨ ᠵᠤᠭᠠᠴᠠᠬᠤ ᠨᠢᠰᠤᠯᠲᠡ ᠶᠢᠨ ᠰᠠᠭᠤᠷᠢᠨ ᠭᠠᠵᠠᠷ᠂ ᠠᠬᠠᠮᠠᠳ ᠳᠣᠰᠬᠤᠨ ᠤ ᠲᠠᠷᠤᠭ᠎ᠠ ᠶᠢᠨ ᠦᠯᠢᠭᠡᠷ ᠤᠨ ᠴᠤᠭᠯᠠᠭᠠᠨ ᠵᠡᠷᠭᠡ ᠭᠠᠵᠠᠷ ᠤᠳ ᠢᠶᠠᠷ ᠤᠴᠢᠨ ᠪᠤᠳᠠᠲᠤ ᠪᠠᠶᠢᠳᠠᠯ ᠢ ᠤᠶᠢᠯᠠᠭᠠᠭᠰᠠᠨ ᠤ ᠬᠠᠮᠲᠤ ᠰᠤᠶᠤᠯ ᠵᠤᠭᠠᠴᠠᠯ ᠢ ᠠᠭᠤᠰᠤᠯᠴᠠᠭᠤᠯᠤᠨ ᠬᠦᠭᠵᠢᠭᠦᠯᠭᠦ ᠲᠦᠯᠦᠪᠵᠢᠭᠦᠯᠭᠡ᠂ ᠬᠦᠮᠦᠨ ᠰᠤᠶᠤᠯ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠵᠢᠴᠢ ᠰᠢᠷᠬᠤᠰᠤ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠤᠨ ᠲᠦᠯᠦᠪᠵᠢᠭᠦᠯᠬᠡ ᠶᠢᠨ ᠪᠦᠲᠦᠭᠡᠨ ᠪᠠᠶᠢᠭᠤᠯᠤᠯᠲᠠ ᠵᠡᠷᠭᠡ ᠠᠰᠠᠭᠤᠳᠠᠯ ᠢ ᠨᠠᠷᠢᠨ ᠶᠠᠷᠢᠯᠴᠠᠵᠤ᠂ ᠲᠠᠷᠠᠭᠠᠴᠢ ᠶᠢᠨ ᠠᠯᠬᠤᠮ ᠤᠨ ᠬᠠᠮᠲᠤᠷᠠᠨ ᠠᠵᠢᠯᠯᠠᠬᠤ ᠤᠴᠢᠷ ᠤᠨ ᠲᠤᠬᠠᠢ ᠮᠠᠨ ᠤ ᠬᠤᠰᠢᠭᠤᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠢ ᠶᠠᠷᠢᠯᠴᠠᠭᠰᠠᠨ ᠪᠠᠶᠢᠨ᠎ᠠ᠃      ᠴᠢᠶᠤᠤ ᠶᠦᠨ ᠯᠢ ᠤᠷᠳᠤᠰ ᠬᠤᠲᠠ ᠶᠢᠨ ᠰᠤᠶᠤᠯ ᠵᠤᠭᠠᠴᠠᠯ ᠤᠨ ᠦᠢᠯᠡᠰ ᠤᠨ ᠬᠦᠭᠵᠢᠬᠦᠯᠣᠯᠳᠡ ᠶᠢᠨ ᠬᠢᠵᠠᠭᠠᠷᠲᠤ ᠺᠤᠮᠫᠠᠨᠢ ᠮᠠᠨ ᠤ ᠬᠤᠰᠢᠭᠤᠨ ᠳᠤ ᠮᠣᠷᠢᠯᠡᠨ ᠰᠠᠭᠠᠳᠠᠵᠣ᠂ ᠰᠤᠶᠤᠯ ᠵᠤᠭᠠᠴᠠᠯ ᠤᠨ ᠦᠢᠯᠡᠰ ᠲᠤ ᠪᠡᠯᠡ ᠤᠷᠤᠭᠤᠯᠤᠨ ᠨᠡᠭᠡᠭᠡᠨ ᠬᠦᠭᠵᠢᠬᠦᠯᠵᠦ ᠬᠠᠮᠲᠤᠪᠠᠷ ᠬᠤᠷᠰᠢᠨ ᠠᠵᠢᠯᠯᠠᠬᠤ ᠶᠢ ᠪᠠᠶᠠᠷᠯᠡᠨ ᠣᠭᠳᠣᠵᠣ ᠪᠠᠶᠢᠬᠤ ᠪᠠᠨ ᠢᠯᠡᠳᠬᠡᠬᠦ ᠶᠢᠨ ᠳᠠᠭᠠᠣ ᠵᠢᠭᠠᠬᠤ ᠳᠠᠭᠠᠨ᠂ ᠦᠥᠰᠢᠨ ᠬᠤᠰᠢᠭᠤᠨ ᠤ ᠠᠮᠢ ᠠᠬᠤᠢ ᠤᠷᠴᠢᠨ ᠲᠤᠭᠤᠷᠢᠨ᠂ ᠪᠠᠶᠢᠭᠠᠯᠢ  ᠶᠢᠨ ᠦᠩᠭᠡ ᠦᠵᠡᠮᠵᠢ ᠭᠤᠶᠢᠳᠡ ᠦᠵᠡᠰᠭᠦᠯᠡᠩ᠂ ᠦᠨᠢ ᠣᠳᠠᠭᠠᠨ ᠰᠤᠶᠤᠯ ᠢᠷᠭᠡᠨᠰᠢᠯ ᠤᠨ ᠳᠡᠣᠬᠡ ᠲᠠᠢ ᠮᠦᠷᠳᠡᠬᠡᠨ ᠵᠠᠮ ᠬᠠᠷᠢᠯᠠᠴᠠᠭ᠎ᠠ ᠳᠦᠬᠦᠮ ᠳᠦᠳᠡ ᠪᠡᠶᠢᠳᠠᠭ ᠠᠴᠠ ᠵᠤᠭᠠᠴᠠᠯ ᠤᠨ ᠦᠢᠯᠡᠰ ᠢ ᠬᠦᠭᠵᠢᠬᠦᠯᠬᠦ ᠳᠤ ᠳᠠᠪᠠᠭᠤᠯᠢᠭ ᠨᠦᠬᠦᠴᠡᠯ ᠢ ᠬᠠᠩᠭᠠᠨ ᠦᠭᠴᠡᠢ᠃ ᠬᠤᠲᠠ ᠶᠢᠨ ᠰᠤᠶᠤᠯ ᠵᠤᠭᠠᠴᠠᠯ ᠤᠨ ᠦᠢᠯᠡᠰ ᠤᠨ ᠬᠦᠭᠵᠢᠬᠦᠯᠣᠯᠳᠡ ᠶᠢᠨ ᠬᠢᠵᠠᠭᠠᠷᠲᠤ ᠺᠤᠮᠫᠠᠨᠢ ᠨᠢ ᠮᠠᠨ ᠤ ᠬᠤᠰᠢᠭᠤᠨ ᠤ ᠰᠤᠶᠤᠯ ᠵᠤᠭᠠᠴᠠᠯ ᠤᠨ ᠠᠵᠤ ᠦᠢᠯᠡᠰ ᠲᠤ ᠬᠦᠨᠵᠡᠬᠡᠢ ᠪᠡᠶᠢᠴᠠᠭᠠᠯᠳᠠ ᠬᠢᠭᠰᠡᠨ ᠤ ᠰᠠᠭᠤᠷᠢᠨ ᠳᠡᠭᠡᠷ᠎ᠡ᠂ ᠮᠠᠨ ᠤ ᠬᠤᠰᠢᠭᠤᠨ ᠤ ᠤᠨᠴᠠᠯᠢᠭᠲᠤ ᠵᠤᠭᠠᠴᠠᠯ ᠤᠨ ᠡᠬᠢ ᠪᠠᠶᠠᠯᠢᠭ ᠢ ᠨᠡᠭᠡᠭᠡᠨ ᠬᠦᠭᠵᠢᠭᠦᠯᠵᠦ᠂ ᠪᠠᠷᠢᠮᠵᠢᠶᠠᠵᠢᠨ ᠭᠡᠪᠴᠢᠶᠠᠵᠢᠭ᠍ᠰᠡᠨ ᠦᠪᠡᠷᠮᠢᠴᠡ ᠤᠨᠴᠠᠯᠢᠭ ᠲᠠᠢ ᠵᠢᠭᠤᠯᠴᠢᠯᠠᠯ ᠤᠨ ᠶᠡᠷᠦᠩᠬᠡᠶᠢᠯᠡᠭᠰᠡᠨ ᠴᠣᠭᠴᠠ ᠶᠢ ᠪᠠᠶᠢᠭᠤᠯᠣᠨ᠂ ᠦᠥᠰᠢᠨ ᠬᠤᠰᠢᠭᠤᠨ ᠤ ᠪᠦᠬᠦ ᠤᠷᠤᠨ ᠪᠦᠰᠡ  ᠶᠢᠨ ᠵᠢᠭᠤᠯᠴᠢᠯᠠᠯ ᠤᠨ ᠦᠢᠯᠡᠰ ᠢ ᠪᠦᠬᠦ ᠲᠠᠯ᠎ᠠ ᠪᠠᠷ ᠳᠦᠯᠬᠢᠨ ᠠᠬᠢᠭᠤᠯᠬᠤ ᠶᠢ ᠦᠨᠡᠨ ᠰᠡᠳᠬᠢᠯ ᠠᠴᠠ ᠬᠦᠰᠠᠵᠣ᠂ ᠦᠣᠰᠢᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠨᠢ ᠬᠤᠯᠪᠤᠭᠳᠠᠯ ᠪᠦᠬᠦᠢ ᠠᠵᠤ ᠦᠢᠯᠡᠰ ᠤᠨ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠢ ᠪᠦᠲᠦᠭᠡᠨ ᠪᠠᠶᠢᠭᠤᠯᠵᠤ ᠨᠡᠭᠡᠭᠡᠨ ᠬᠦᠭᠵᠢᠭᠦᠯᠬᠦ ᠳᠤ ᠰᠢᠯᠢᠳᠡᠭ ᠨᠦᠬᠦᠴᠡᠯ ᠢ ᠬᠠᠩᠭᠠᠨ ᠦᠭᠴᠦ᠂ ᠤᠷᠤᠨ ᠨᠤᠲᠤᠭ ᠪᠤᠯᠤᠨ ᠠᠵᠤ ᠠᠬᠤᠶᠢᠯᠠᠯ  ᠤᠨ ᠬᠠᠮᠲᠤᠷᠠᠨ ᠠᠵᠢᠯᠯᠠᠵᠤ ᠬᠠᠮᠳᠣ ᠶᠢᠨ ᠠᠰᠢᠭ ᠬᠦᠷᠲᠡᠬᠦ ᠶᠢ ᠴᠢᠷᠮᠠᠶᠢᠨ ᠪᠠᠶᠠᠯᠠᠬᠦᠯᠣᠨ᠎ᠠ ᠭᠡᠵᠡᠢ᠃      ᠤᠶᠢᠯᠠᠭᠠᠭᠰᠠᠨ ᠢᠶᠠᠷ᠂ ᠤᠷᠳᠤᠰ ᠬᠤᠲᠠ ᠶᠢᠨ ᠰᠤᠶᠤᠯ ᠵᠤᠭᠠᠴᠠᠯ ᠤᠨ ᠦᠢᠯᠡᠰ ᠤᠨ ᠬᠦᠭᠵᠢᠬᠦᠯᠣᠯᠳᠡ ᠶᠢᠨ ᠬᠢᠵᠠᠭᠠᠷᠲᠤ ᠺᠤᠮᠫᠠᠨᠢ ᠨᠢ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠪᠦᠬᠦ ᠤᠯᠤᠰ ᠤᠨ ᠪᠦᠬᠦ ᠤᠷᠤᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠬᠦᠯᠬᠦ ᠤᠷᠤᠨ ᠪᠠ ᠵᠢᠭᠤᠯᠴᠢᠯᠠᠯ ᠤᠨ ᠦᠢᠯᠡᠰ ᠤᠨ ᠦᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠳᠠᠭᠤᠷᠢᠶᠠᠯ ᠤᠷᠤᠨ ᠢ ᠡᠭᠦᠳᠦᠨ ᠪᠠᠶᠢᠭᠤᠯᠬᠤ ᠪᠠᠶᠢᠯᠳᠤᠬᠤ ᠪᠤᠳᠤᠯᠭ᠎ᠠ  ᠶᠢᠨ ᠪᠠᠶᠢᠷᠢᠯᠠᠭᠤᠯᠤᠯᠲᠠ ᠶᠢ ᠦᠨᠳᠦᠰᠦᠯᠡᠨ 2017 ᠤᠨ ᠳᠤ ᠳᠡᠭᠰᠠᠯᠠᠭᠤᠯᠣᠨ ᠪᠠᠶᠢᠭᠤᠯᠣᠭᠰᠠᠨ ᠤᠯᠤᠰ ᠤᠨ ᠦᠮᠴᠢᠯᠡᠯᠳᠣ ᠳᠣᠰᠠᠭᠠᠷ ᠡᠵᠠᠩᠨᠠᠯᠳᠠ ᠲᠠᠢ ᠺᠤᠮᠫᠠᠨᠢ ᠪᠠᠶᠢᠵᠣ ᠪᠦᠬᠦ ᠬᠤᠲᠠ ᠶᠢᠨ ᠰᠤᠶᠤᠯ ᠵᠤᠭᠠᠴᠠᠯ ᠤᠨ ᠡᠬᠢ ᠪᠠᠶᠠᠯᠢᠭ ᠢ ᠬᠠᠮᠳᠣᠷᠠᠭᠤᠯᠣᠨ ᠨᠡᠶᠢᠯᠡᠭᠦᠯᠬᠦ᠂ ᠰᠤᠶᠤᠯ ᠵᠤᠭᠠᠴᠠᠯ ᠤᠨ ᠠᠵᠤ ᠦᠢᠯᠡᠰ ᠲᠤ ᠪᠡᠯᠡ ᠤᠷᠤᠭᠤᠯᠬᠤ᠂ ᠵᠤᠭᠠᠴᠠᠯ ᠤᠨ ᠦᠢᠯᠡᠰ ᠢ ᠪᠦᠲᠦᠭᠡᠨ ᠪᠠᠶᠢᠭᠤᠯᠬᠤ ᠵᠡᠷᠭᠡ ᠡᠭᠦᠷᠭᠡ ᠬᠠᠷᠢᠭᠤᠴᠠᠯᠭ᠎ᠠ ᠲᠠᠢ᠃ ᠲᠤᠰ ᠺᠤᠮᠫᠠᠨᠢ ᠨᠢ ᠪᠠᠶᠢᠭᠤᠯᠤᠭᠳᠠᠭᠰᠠᠨ ᠠᠴᠠ ᠨᠠᠰᠢ᠂ ᠣᠬᠢ ᠰᠢᠯᠢᠳᠡᠭ ᠵᠣᠭᠠᠴᠠᠯ ᠤᠨ ᠦᠵᠡᠮᠵᠢᠲᠤ ᠤᠷᠤᠨ᠂ ᠰᠤᠶᠤᠯ ᠣᠷᠠᠯᠢᠭ ᠤᠨ ᠴᠣᠭᠯᠠᠭᠠᠨ᠂ ᠪᠠᠭᠤᠳᠠᠯ ᠤᠨ ᠬᠠᠮᠢᠶᠠᠷᠤᠯᠲᠠ᠂ ᠪᠡᠶ᠎ᠠ ᠲᠠᠮᠢᠷ ᠤᠨ ᠤᠷᠤᠯᠳᠤᠭᠠᠨ᠂ ᠵᠢᠭᠤᠯᠴᠢᠯᠠᠯ ᠤᠨ ᠣᠶᠢᠯᠡᠰ ᠢ ᠡᠷᠬᠢᠯᠡᠬᠦ ᠪᠤᠯᠤᠨ ᠵᠢᠭᠤᠯᠴᠢᠯᠠᠯ ᠤᠨ ᠲᠦᠪᠯᠡᠷᠡᠭᠦᠯᠦᠨ ᠲᠠᠷᠬᠠᠭᠠᠬᠤ ᠲᠦᠪ ᠵᠡᠷᠭᠡ ᠶᠢ ᠡᠬᠦᠳᠣᠨ ᠪᠠᠶᠢᠭᠤᠯᠬᠤ ᠳᠣᠭᠤᠷᠢᠨ ᠳᠠᠬᠢ ᠲᠤᠬᠠᠶᠢᠯᠠᠭᠰᠠᠨ ᠠᠵᠢᠯ ᠤᠳ ᠢ ᠡᠷᠬᠢᠯᠡᠨ ᠬᠢᠵᠣ᠂ ᠰᠤᠶᠤᠯ ᠵᠢᠭᠤᠯᠴᠢᠯᠠᠯ ᠪᠤᠯᠤᠨ ᠨᠢᠭᠡ᠂ ᠬᠤᠶᠠᠷ ᠂ ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠤᠨ ᠭᠦᠭᠵᠢᠬᠦᠯᠣᠨ᠂ ᠪᠦᠬᠦ ᠨᠡᠶᠢᠬᠡᠮ ᠪᠣᠯᠣᠨ ᠪᠦᠬᠦ ᠤᠷᠤᠨ ᠪᠦᠰᠡ ᠶᠢᠨ ᠵᠢᠭᠤᠯᠴᠢᠯᠠᠯ ᠤᠨ ᠬᠦᠭᠵᠢᠯᠲᠡ ᠶᠢ ᠲᠦᠯᠬᠢᠨ ᠠᠬᠢᠭᠤᠯᠵᠤ᠂ ᠭᠠᠵᠠᠷ ᠤᠷᠤᠨ ᠤ ᠠᠵᠣ ᠠᠬᠤᠢ ᠶᠢᠨ ᠬᠦᠭᠵᠢᠯᠲᠡ ᠶᠢᠨ ᠬᠦᠳᠡᠯᠭᠡᠭᠴᠢ ᠭᠦᠴᠦᠨ ᠪᠣᠯᠣᠭᠰᠠᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号