ᠨᠠᠪᠴᠢ ᠴᠡᠴᠡᠭ ᠳᠡᠯᠭᠡᠷᠡᠭᠰᠡᠨ ᠵᠤᠨ ᠤ ᠰᠠᠶᠢᠬᠠᠨ ᠤᠯᠠᠷᠢᠯ ᠢᠶᠠᠷ᠂ ︽ᠤᠷᠳᠤᠰ ᠤᠨ ᠡᠳᠤᠷ ᠤᠨ ᠰᠤᠨᠢᠨ︾ | ᠤ ᠬᠤᠷᠢᠶ᠎ᠠ ᠶᠢᠨ ᠬᠠᠷᠢᠭᠤᠴᠠᠯᠭᠠᠳᠠᠳ ᠮᠠᠨ ᠤ ᠬᠤᠰᠢᠭᠤᠨ ᠳᠤ ᠢᠷᠡᠵᠤ᠂ ᠳᠠᠭᠠᠭᠠᠴᠢᠯᠠᠵᠤ ᠪᠠᠶᠢᠭ᠎ᠠ ᠤᠨᠢᠨ | ᠳᠡᠭᠡᠷ᠎ᠠ ᠨᠢ ᠶᠠᠳᠠᠭᠤ ᠶᠢ ᠲᠡᠳᠭᠦᠭᠦ ᠴᠡᠭ ᠪᠤᠯᠬᠤ ᠤᠯᠠᠭᠠᠨᠳᠤᠯᠤᠭᠠᠢ ᠪᠠᠯᠭᠠᠰᠤᠨ ᠤ ᠪᠠᠶᠠᠨᠭᠤᠤᠯ ᠭᠠᠴᠠᠭ᠎ᠠ ᠪᠠᠷ | ᠬᠦᠨᠵᠡᠭᠡᠶᠢᠷᠡᠨ᠂ ᠮᠠᠯᠴᠢᠨ ᠲᠠᠷᠢᠶᠠᠴᠢᠳ ᠤᠨ ᠦᠢᠯᠡᠳᠪᠤᠷᠢᠯᠡᠯ ᠠᠮᠢᠳᠤᠷᠠᠯ ᠤᠨ ᠪᠠᠶᠢᠳᠠᠯ᠂ ᠲᠤᠰ ᠭᠠᠵᠠᠷ ᠤᠨ ᠡᠬᠢ | ᠪᠠᠶᠠᠯᠢᠭ ᠤᠨ ᠤᠷᠴᠢᠨ᠂ ᠰᠠᠭᠤᠷᠢ ᠲᠦᠭᠦᠭᠡᠷᠤᠮᠵᠢ ᠶᠢᠨ ᠨᠦᠬᠦᠴᠡᠯ ᠵᠡᠷᠭᠡ ᠶᠢ ᠦᠢᠯᠠᠭᠠᠭᠰᠠᠨ ᠪᠠᠶᠢᠨ᠎ᠠ᠃ | ᠲᠡᠳᠡ᠂ ᠪᠠᠶᠠᠨᠭᠤᠤᠯ ᠭᠠᠴᠠᠭᠠᠨ ᠤ ᠪᠠᠷᠠᠭᠤᠨ ᠰᠢᠪᠡᠷ ᠬᠤᠷᠰᠢᠶ᠎ᠠ ᠶᠢᠨ ᠶᠠᠳᠠᠭᠤ ᠬᠦᠴᠢᠷᠳᠡᠯᠳᠠᠢ ᠡᠷᠤᠭᠡ | ᠲᠠᠪᠰᠢᠯᠳᠤ ᠪᠠ ᠰᠤᠶᠤᠯᠳᠤ ᠶᠢᠨ ᠬᠢᠨ ᠤ ᠳᠤ ᠬᠦᠷᠭᠦ ᠳᠤ ᠪᠠᠨ᠂ ᠲᠡᠳᠡᠨ ᠤ ᠦᠢᠯᠡᠳᠪᠤᠷᠢᠯᠡᠯ ᠠᠮᠢᠳᠤᠷᠠᠯ᠂ | ᠬᠦᠳᠡᠯᠮᠤᠷᠢ ᠬᠦᠴᠤᠨ᠂ ᠪᠤᠳᠠᠳᠤ ᠬᠦᠴᠢᠷᠳᠠᠯ ᠵᠡᠷᠭᠡ ᠨᠠᠷᠢᠨ ᠪᠠᠶᠢᠳᠠᠯ ᠢ ᠦᠢᠯᠠᠭᠠᠵᠤ᠂ ᠡᠪᠡᠳᠴᠢᠨ ᠦᠵᠡᠭᠦᠯᠵᠤ | ᠲᠠᠩᠰᠠᠨ ᠠᠴᠠ ᠲᠠᠶᠢᠯᠬᠤ᠂ ᠤᠳᠤᠬᠠᠨ ᠤ ᠤᠨᠢᠨ ᠳᠡᠭᠡᠷ᠎ᠠ ᠨᠢ ᠶᠠᠳᠠᠭᠤ ᠶᠢ ᠲᠡᠳᠭᠦᠭᠦ ᠲᠦᠷᠤ ᠶᠢᠨ ᠪᠤᠳᠤᠯᠭ᠎ᠠ ᠶᠢᠨ | ᠲᠤᠬᠠᠢ ᠨᠠᠷᠢᠨ ᠲᠠᠶᠢᠯᠪᠤᠷᠢ ᠬᠢᠵᠤ᠂ ᠦᠪᠡᠷ ᠤᠨ ᠬᠦᠴᠤᠨ ᠳᠤ ᠪᠠᠨ ᠲᠦᠰᠢᠭᠯᠡᠵᠤ ᠶᠠᠳᠠᠭᠤ ᠬᠤᠴᠤᠷᠤᠩᠭᠤᠢ | ᠪᠠᠶᠢᠳᠠᠯ ᠢᠶᠠᠨ ᠬᠤᠪᠢᠷᠠᠭᠤᠯᠬᠤ ᠶᠢ ᠵᠤᠷᠢᠭᠵᠢᠭᠤᠯᠵᠤ᠂ ᠡᠷᠳᠡ ᠨᠢᠭᠡᠨ ᠡᠳᠤᠷ ᠶᠠᠳᠠᠭᠤ ᠠᠴᠠ ᠠᠩᠬᠢᠵᠢᠷᠠᠨ | ᠴᠢᠨᠡᠭᠡᠯᠢᠭᠵᠢᠯ ᠤᠨ ᠵᠠᠮ ᠢᠶᠠᠷ ᠵᠠᠮᠨᠠᠬᠤ ᠢᠳᠡᠭᠡᠯ ᠢ ᠤᠯᠭᠤᠭᠰᠠᠨ ᠪᠠᠶᠢᠨ᠎ᠠ᠃ | ᠮᠠᠯᠴᠢᠨ ᠲᠠᠪᠰᠢᠯᠳᠤ ᠶᠢᠨ ᠬᠢᠨ 2017 ᠤᠨ ᠳᠤ ᠤᠯᠤᠰ ᠤᠨ ᠲᠡᠰ ᠤᠨ ᠶᠠᠳᠠᠭᠤ ᠬᠦᠴᠢᠷᠳᠠᠯᠳᠠᠢ | ᠡᠷᠤᠭᠡ ᠠᠴᠠ ᠠᠩᠬᠢᠵᠢᠷᠠᠭᠰᠠᠨ ᠶᠤᠮ᠃ ︽ᠡᠮᠤᠨ᠎ᠠ ᠭᠡᠳᠤᠨ ᠵᠢᠯ ᠮᠢᠨᠤ ᠠᠮᠢᠳᠤᠷᠠᠯ ᠦᠨᠡᠨ ᠬᠦᠴᠢᠷᠳᠠᠢ ᠪᠠᠶᠢᠭᠰᠠᠨ᠃ | ᠪᠢ ᠭᠡᠤᠭᠡᠨ ᠲᠠᠢ ᠬᠤᠶᠠᠭᠤᠯᠠ ᠪᠠᠨ ᠴᠤᠭ ᠠᠮᠢᠳᠤᠷᠠᠵᠤ ᠪᠤᠢ᠃ ᠭᠡᠤᠭᠡᠨ ᠢᠶᠠᠨ ᠪᠠᠰᠠ ᠰᠤᠷᠭᠠᠭᠤᠯᠢ ᠳᠤ | ᠰᠠᠭᠤᠯᠭᠠᠵᠤ ᠪᠠᠶᠢᠭᠰᠠᠨ ᠶᠤᠮ᠃ ᠮᠠᠨ ᠤ ᠭᠡᠷ ᠤᠨ ᠤᠷᠤᠯᠭ᠎ᠠ ᠶᠢᠨ ᠢᠷᠡᠯᠳᠡ ᠳ᠋ᠠᠩ ᠴᠤᠯᠭᠤᠢ᠂ ᠬᠤᠶᠠᠷ ᠭᠤᠷᠪᠠᠨ | ᠵᠠᠭᠤᠭᠠᠳ ᠮᠤ᠋ ᠪᠡᠯᠴᠢᠭᠡᠷ ᠲᠡᠭᠡᠷ᠎ᠠ ᠪᠠᠨ ᠭᠤᠴᠢ ᠭᠠᠷᠤᠢ ᠮᠠᠯ ᠮᠠᠯᠵᠢᠵᠤ ᠪᠠᠶᠢᠨ᠎ᠠ᠃ ᠡᠯ᠎ᠠ ᠱᠠᠳᠤᠨ ᠤ ᠬᠠᠪᠰᠤᠷᠤᠯᠭ᠎ᠠ | ᠲᠡᠮᠵᠢᠯᠭᠡ᠂ ᠵᠢᠭᠠᠨ ᠵᠢᠯᠤᠭᠤᠳᠤᠯᠭ᠎ᠠ ᠳᠤᠤᠷ᠎ᠠ ᠮᠠᠨ ᠤ ᠬᠢᠨ ᠤᠷᠤᠯᠭ᠎ᠠ ᠶᠢᠨ ᠢᠷᠡᠯᠳᠡ ᠪᠠᠨ ᠦᠷᠭᠡᠳᠬᠡᠵᠤ | ᠵᠠᠷᠤᠯᠭ᠎ᠠ ᠪᠠᠨ ᠪᠠᠭᠠᠰᠬᠠᠭᠰᠠᠨ ᠢᠶᠠᠷ ᠠᠮᠢᠳᠤᠷᠠᠯ ᠳᠤ ᠮᠢᠨᠢ ᠬᠤᠪᠢᠷᠠᠯᠳᠠ ᠭᠠᠷᠴᠤ᠂ ᠡᠳᠤᠷ ᠠᠴᠠ ᠡᠳᠤᠷ ᠦᠭᠡᠳᠡᠯᠡᠵᠤ | ᠪᠠᠶᠢᠨ᠎ᠠ︾ ᠭᠡᠵᠤ ᠲᠡᠪᠰᠢᠯᠳᠤ ᠰᠤᠷᠪᠤᠯᠵᠢᠯᠠᠭᠴᠢ ᠳᠤ ᠭᠡᠯᠡᠨ᠎ᠠ᠃ | ︽ᠤᠷᠳᠤᠰ ᠤᠨ ᠡᠳᠤᠷ ᠤᠨ ᠰᠤᠨᠢᠨ︾ ᠤ ᠬᠤᠷᠢᠶ᠎ᠠ ᠶᠢᠨ ᠬᠢᠨ ᠶᠠᠳᠠᠭᠤ ᠠᠴᠠ ᠠᠩᠬᠢᠵᠢᠷᠠᠬᠤ ᠳᠤ ᠲᠠᠷᠢᠬᠢ | ᠲᠤᠯᠤᠭᠠᠢ ᠶᠢ ᠨᠢ ᠵᠡᠪᠰᠡᠭᠯᠡᠭᠦ ᠵᠠᠷᠴᠢᠮ ᠶᠤᠰᠤᠭᠠᠷ᠂ ᠮᠠᠯᠴᠢᠨ ᠲᠠᠷᠢᠶᠠᠴᠢᠳ ᠲᠤ ᠪᠤᠯᠪᠠᠰᠤᠷᠠᠯ ᠬᠦᠷᠳᠡᠭᠡᠭᠦ | ᠬᠦᠴᠤᠯᠠᠴᠡ ᠪᠠᠨ ᠴᠢᠩᠭᠠᠳᠬᠠᠪᠠ᠃ ᠲᠡᠳᠡ ᠪᠠᠶᠠᠨᠭᠤᠤᠯ ᠭᠠᠴᠠᠭᠠᠨ ᠤ ᠨᠠᠮ ᠤᠨ ᠭᠡᠰᠢᠭᠦᠳ᠂ ᠶᠠᠳᠠᠭᠤ | ᠬᠦᠴᠢᠷᠳᠠᠯᠳᠠᠢ ᠡᠷᠤᠭᠡ ᠳᠤ ᠰᠤᠩᠭᠤᠭᠤᠯᠢ ᠬᠢᠭᠦ᠂ ᠮᠡᠳᠡᠭᠡ ᠮᠡᠳᠡᠭᠡᠯᠡᠯ ᠪᠢᠴᠢᠭᠦ᠂ ᠶᠠᠳᠠᠭᠤ ᠠᠴᠠ ᠠᠩᠬᠢᠵᠢᠷᠠᠭᠤᠯᠬᠤ | ᠲᠤᠬᠠᠢ ᠲᠤᠰᠬᠠᠢ ᠰᠡᠳᠤᠪᠳᠤ ᠲᠠᠶᠢᠯᠤᠮᠵᠢ ᠬᠢᠵᠤ᠂ ᠮᠦᠨ ᠴᠤ ᠰᠤᠨᠢᠨ ᠰᠡᠳᠭᠦᠯ᠂ ᠨᠤᠮ ᠲᠡᠪᠳᠡᠷ ᠢᠯᠡᠭᠦᠭᠡᠨ | ᠦᠵᠡᠵᠤ ᠲᠦᠷᠤ ᠶᠢᠨ ᠪᠤᠳᠤᠯᠭ᠎ᠠ᠂ ᠬᠠᠤᠯᠢ ᠴᠠᠭᠠᠵᠠ ᠶᠢᠨ ᠲᠤᠬᠠᠢ ᠮᠡᠳᠡᠯᠭᠡ ᠪᠠᠨ ᠨᠡᠮᠡᠭᠳᠡᠭᠦᠯᠤᠨ᠂ ᠦᠢᠯᠡᠳᠪᠤᠷᠢᠯᠡᠯ | ᠠᠮᠢᠳᠤᠷᠠᠯ ᠤᠨ ᠲᠤᠮᠳᠠ ᠪᠠᠨ ᠭᠡᠷᠡᠭᠵᠢᠭᠦᠯᠭᠦ ᠶᠢ ᠤᠬᠠᠭᠤᠯᠤᠭᠰᠠᠨ ᠪᠠᠶᠢᠨ᠎ᠠ᠃ ᠢᠢᠨ ᠭᠦ ᠢᠳᠡᠭᠡᠯ ᠵᠤᠷᠢᠭ ᠪᠠ | ᠤᠶᠤᠨ ᠤᠬᠠᠭᠠᠨ ᠢ ᠲᠡᠳᠭᠦᠭᠦ ᠲᠠᠢ ᠤᠶᠠᠯᠳᠤᠭᠤᠯᠬᠤ ᠶᠢ ᠴᠢᠬᠤᠯᠠᠴᠢᠯᠠᠵᠤ᠂ ᠶᠠᠳᠠᠭᠤ ᠠᠴᠠ ᠦᠨᠡᠨ ᠭᠦ | ᠠᠩᠬᠢᠵᠢᠷᠠᠭᠤᠯᠬᠤ ︽ᠪᠤᠭᠤᠮᠢ︾ ᠶᠢᠨ ᠠᠰᠠᠭᠤᠳᠠᠯ ᠢ ᠰᠢᠢᠳᠪᠤᠷᠢᠯᠡᠭᠦ ᠪᠠᠷ ᠴᠢᠷᠮᠠᠶᠢᠵᠤ ᠪᠤᠢ᠃ |