ᠬᠦᠳᠡᠯᠮᠤᠷᠢ ᠶᠢᠨ ᠵᠢᠱᠢᠶᠡᠴᠢᠳ ᠤᠨ ᠨᠠᠮ ᠢᠶᠠᠨ ᠳᠠᠭᠠᠵᠤ ᠠᠵᠢᠯ ᠤᠨ ᠪᠠᠶᠢᠷᠢ ᠪᠠᠨ ᠬᠦᠨᠳᠤᠳᠭᠡᠨ᠂ | ᠪᠦᠯᠬᠦᠮᠳᠡᠯ ᠲᠠᠢ ᠨᠦᠬᠦᠷᠰᠡᠭ ᠪᠠᠶᠢᠬᠤ ᠵᠤᠷᠢᠭ ᠰᠠᠨᠠᠭ᠎ᠠ ᠶᠢ ᠪᠠᠳᠠᠷᠠᠭᠤᠯᠤᠨ᠂ ᠪᠦᠬᠦ ᠬᠤᠷᠢᠶᠠᠨ ᠤ ᠺᠠᠳ᠋ᠷ ᠴᠠᠬᠳᠠᠭ᠎ᠠ | ᠨᠠᠷ ᠤᠨ ᠤᠭ ᠰᠠᠨᠠᠭ᠎ᠠ ᠪᠠᠨ ᠮᠠᠷᠳᠠᠯ ᠦᠭᠡᠢ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ ᠠᠵᠢᠯ ᠤᠨ | ᠤᠷᠮᠠᠰᠢᠯ ᠢ ᠬᠦᠢᠴᠡᠳ ᠪᠠᠳᠠᠷᠠᠭᠠᠬᠤ ᠶᠢᠨ ᠳᠤᠰᠠᠳᠠ᠂ ᠦᠤᠰᠢᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ | ᠤᠢᠢᠷ᠎ᠠ ᠳᠤ᠂ ︽ᠬᠦᠳᠡᠯᠮᠤᠷᠢ ᠶᠢᠨ ᠵᠢᠱᠢᠶᠡᠴᠢᠳ ᠤᠨ ᠵᠤᠷᠢᠭ ᠰᠠᠨᠠᠭ᠎ᠠ ᠶᠢ ᠪᠠᠳᠠᠷᠠᠭᠤᠯᠤᠨ ᠰᠡᠳᠬᠢᠯ ᠵᠢᠷᠤᠭᠡ ᠪᠠᠨ | ᠨᠠᠮ ᠲᠠᠢ ᠬᠤᠯᠪᠤᠵᠤ ᠦᠨᠳᠤᠰᠤᠳᠡᠨ ᠤ ᠪᠦᠯᠬᠦᠮᠳᠡᠯ ᠢ ᠠᠬᠢᠭᠤᠯᠬᠤ︾ ᠭᠤᠤᠯ ᠰᠡᠳᠤᠪᠳᠤ ᠤᠷᠠᠨ ᠤᠡᠭᠰᠢᠯᠭ᠎ᠠ ᠶᠢᠨ | ᠤᠷᠤᠯᠳᠤᠭᠠᠨ ᠬᠢᠪᠠ᠃ | ᠡᠨᠡ ᠤᠳᠠᠭᠠᠨ ᠤ ᠤᠷᠤᠯᠳᠤᠭᠠᠨ ᠳᠤ᠂ ᠪᠦᠬᠦ ᠬᠤᠷᠢᠶᠠᠨ ᠤ ᠺᠠᠳ᠋ᠷ ᠴᠠᠬᠳᠠᠭ᠎ᠠ ᠨᠠᠷ ᠦᠪᠡᠷ ᠦᠪᠡᠷᠰᠡᠳ ᠤᠨ | ᠠᠵᠢᠯ ᠤᠨ ᠪᠠᠶᠢᠷᠢ ᠲᠠᠢ ᠪᠠᠨ ᠤᠶᠠᠯᠳᠤᠭᠤᠯᠤᠨ᠂ ᠨᠠᠮ᠂ ᠡᠭᠡ ᠤᠯᠤᠰ ᠪᠤᠯᠤᠨ ᠪᠠᠶᠢᠴᠠᠭᠠᠬᠤ ᠠᠵᠢᠯ ᠳᠠᠬᠢ ᠬᠠᠶᠢᠷ᠎ᠠ | ᠰᠡᠳᠬᠢᠯᠭᠡ ᠪᠠᠨ ᠤᠶᠠᠩᠭᠠᠯᠠᠵᠤ᠂ ᠤᠢᠢᠯᠠᠭᠠᠯᠳᠠ ᠳᠦᠷᠦᠭᠳᠡᠯ ᠢᠶᠠᠨ ᠶᠠᠷᠢᠵᠠᠢ᠃ ᠨᠠᠷᠢᠨ ᠨᠢᠮᠪᠠᠢ ᠰᠢᠯᠭᠠᠷᠠᠭᠤᠯᠬᠤ ᠪᠠᠷ | ᠳᠠᠮᠵᠢᠨ᠂ ᠳᠡᠷᠢᠬᠦᠨ ᠱᠠᠩᠨᠠᠯ 1 ᠨᠡᠷ᠎ᠠ᠂ ᠳᠡᠳ᠋ ᠪᠠᠶᠢᠷᠢ ᠶᠢᠨ ᠱᠠᠩᠨᠠᠯ 2 ᠨᠡᠷ᠎ᠠ᠂ ᠭᠤᠷᠪᠠᠳᠤᠭᠠᠷ ᠱᠠᠩᠨᠠᠯ 3 | ᠨᠡᠷ᠎ᠠ ᠶᠢ ᠰᠢᠯᠭᠠᠷᠠᠭᠤᠯᠤᠨ ᠭᠠᠷᠭᠠᠬᠰᠠᠨ ᠪᠠᠶᠢᠨ᠎ᠠ᠃ ᠳᠤᠰ ᠤᠳᠠᠭ᠎ᠠ ᠶᠢᠨ ᠤᠷᠠᠨ ᠤᠡᠭᠰᠢᠯᠭ᠎ᠠ ᠶᠢᠨ ᠠᠵᠢᠯᠯᠠᠭ᠎ᠠ ᠨᠢ | ᠪᠦᠬᠦ ᠬᠤᠷᠢᠶᠠᠨ ᠤ ᠺᠠᠳ᠋ᠷ ᠴᠠᠬᠳᠠᠭ᠎ᠠ ᠨᠠᠷ ᠤᠨ ᠨᠠᠮ ᠳᠤ ᠪᠠᠨ ᠦᠨᠡᠨᠴᠢ ᠰᠢᠳᠤᠷᠭᠤ ᠪᠠᠶᠢᠵᠤ᠂ ᠠᠵᠢᠯ ᠤᠨ | ᠪᠠᠶᠢᠷᠢ ᠪᠠᠨ ᠬᠦᠨᠳᠤᠯᠡᠨ᠂ ᠬᠦᠳᠡᠯᠮᠤᠷᠢ ᠶᠢ ᠬᠠᠶᠢᠷᠠᠯᠠᠬᠤ ᠤᠬᠠᠮᠰᠠᠷ ᠢ ᠳᠡᠭᠡᠭᠰᠢᠯᠡᠬᠦᠯᠵᠤ ᠴᠢᠳᠠᠵᠠᠢ᠃ |