| | | ᠪᠠᠶᠠᠠᠭᠤᠤᠯ ᠭᠠᠴᠠᠭᠠᠨ ᠤ ᠤᠶᠢᠷ᠎ᠠ ᠶᠢᠨ ᠵᠢᠯ ᠤᠨ ᠬᠦᠭᠵᠢᠯᠲᠡ ᠶᠢᠨ ᠦᠷ᠎ᠡ ᠪᠦᠲᠦᠭᠡᠯ ᠢ ᠲᠡᠯᠭᠡᠨ | ᠦᠵᠡᠬᠦᠯᠵᠤ᠂ ᠬᠦᠳᠡᠭᠡ ᠨᠤᠲᠤᠭ ᠤᠨ ᠵᠤᠭᠠᠴᠠᠯ ᠤᠨ ᠬᠦᠭᠵᠢᠯᠲᠡ ᠶᠢᠨ ᠬᠦᠴᠦᠨ ᠢ ᠨᠡᠮᠡᠭᠳᠡᠬᠦᠯᠦᠨ᠂ ᠰᠤᠶᠤᠯ | ᠵᠤᠭᠠᠴᠠᠯ ᠤᠨ ᠠᠵᠤ ᠦᠢᠯᠡᠰ ᠢᠶᠠᠨ ᠪᠤᠵᠠᠭᠠᠶᠢᠷᠠᠭᠤᠯᠤᠨ ᠬᠦᠭᠵᠢᠬᠦᠯᠬᠦ ᠶᠢᠨ ᠲᠦᠯᠦᠭᠡ 5 ᠰᠠᠷ᠎ᠠ ᠶᠢᠨ 20 ᠤ | ᠡᠳᠦᠷ ᠤᠯᠠᠭᠠᠨᠳᠤᠯᠤᠭᠠᠢ ᠪᠠᠯᠭᠠᠰᠤᠨ ᠤ ᠪᠠᠶᠠᠠᠭᠤᠤᠯ ᠭᠠᠴᠠᠭ᠎ᠠ ᠠᠩᠬᠠᠳᠤᠭᠠᠷ ᠬᠤᠭᠤᠴᠠᠭᠠᠨ ᠤ ᠴᠠᠬᠢᠷᠮ᠎ᠠ ᠴᠡᠴᠡᠭ | ᠤᠨ ᠵᠤᠭᠠᠴᠠᠯ ᠰᠤᠶᠤᠯ ᠤᠨ ᠨᠠᠶᠢᠷ ᠢᠶᠠᠨ ᠪᠠᠶᠠᠠᠭᠤᠤᠯ ᠭᠠᠴᠠᠭᠠᠨ ᠤ ᠰᠤᠶᠤᠯ ᠤᠨ ᠠᠭᠤᠳᠠᠮ ᠲᠠᠯᠠᠪᠠᠢ ᠳᠤ ᠡᠷᠬᠢᠯᠡᠨ | ᠶᠠᠪᠤᠭᠳᠠᠭᠤᠯᠵᠤ᠂ ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠲᠡᠳ᠋ ᠲᠡᠷᠢᠬᠦᠯᠡᠭᠴᠢ ᠤᠶᠤᠨᠪᠢᠯᠢᠭ᠌᠂ ᠬᠤᠰᠢᠭᠤ | ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠰᠢᠭᠤ ᠵᠤᠭᠠᠴᠠᠯ ᠤᠨ ᠦᠢᠯᠡᠰ ᠤᠨ ᠦᠢᠯᠡᠴᠢᠯᠡᠭᠡᠨ ᠤ ᠲᠦᠪ᠂ | ᠤᠯᠠᠭᠠᠨᠳᠤᠯᠤᠭᠠᠢ ᠪᠠᠯᠭᠠᠰᠤ ᠵᠡᠷᠭᠡ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ᠂ ᠪᠠᠯᠭᠠᠰᠤᠨ | ᠳᠤ ᠰᠠᠭᠤᠭ᠎ᠠ ᠠᠵᠤ ᠠᠬᠤᠶᠢᠯᠠᠯ ᠤᠨ ᠬᠠᠷᠢᠭᠤᠴᠠᠯᠭᠠᠲᠠᠨ ᠵᠢᠴᠢ ᠦᠷᠭᠡᠨ ᠤᠯᠠᠨ ᠮᠠᠯᠴᠢᠨ ᠲᠠᠷᠢᠶᠠᠴᠢᠨ ᠡᠬᠢᠯᠡᠯᠲᠡ | ᠶᠢᠨ ᠶᠤᠰᠤᠯᠠᠯ ᠳᠤ ᠤᠷᠤᠯᠴᠠᠪᠠ᠃ | | | | | | | ᠡᠬᠢᠯᠡᠯᠲᠡ ᠶᠢᠨ ᠶᠤᠰᠤᠯᠠᠯ ᠲᠡᠭᠡᠷ᠎ᠡ ᠭᠠᠴᠠᠭᠠᠨ ᠤ ᠰᠢᠯᠢᠳᠡᠭ ᠤᠶᠠᠭᠠᠴᠢᠨ᠂ ᠠᠳᠤᠭᠤᠨ ᠰᠤᠶᠤᠯ ᠤᠨ ᠠᠵᠤ | ᠦᠢᠯᠡᠰ ᠤᠨ ᠰᠢᠯᠢᠳᠡᠭ ᠡᠷᠦᠬᠡ᠂ ᠦᠨᠳᠦᠰᠦᠲᠡᠨ ᠤ ᠤᠯᠠᠮᠵᠢᠯᠠᠯᠲᠤ ᠭᠠᠷ ᠤᠷᠠᠯᠠᠯ ᠤᠨ ᠵᠠᠯᠭᠠᠮᠵᠢᠯᠠᠭᠴᠢ᠂ | ᠰᠡᠯᠡᠬᠦᠴᠡᠯ ᠵᠤᠭᠠᠴᠠᠯ ᠤᠨ ᠦᠢᠯᠡᠰ ᠤᠨ ᠲᠠᠭᠠᠭᠤᠯᠤᠭᠴᠢ ᠡᠷᠦᠬᠡ᠂ ᠰᠢᠯᠢᠳᠡᠭ ᠠᠷᠠᠳ ᠤᠨ ᠰᠤᠶᠤᠯ ᠤᠨ ᠪᠦᠯᠭᠦᠮ | ᠵᠡᠷᠭᠡ 14 ᠨᠡᠷ᠎ᠡ ᠲᠡᠷᠢᠬᠦᠨ ᠤ ᠬᠤᠪᠢ ᠬᠦᠮᠦᠨ ᠪᠠ 4 ᠨᠡᠷ᠎ᠡ ᠲᠡᠷᠢᠬᠦᠨ ᠤ ᠬᠠᠮᠲᠤ ᠨᠢᠭᠡᠴᠢ ᠶᠢ ᠱᠠᠩᠨᠠᠨ | ᠬᠦᠭᠢᠬᠦᠯᠪᠡ᠃ | | | | | | | | | | | | ᠶᠤᠰᠤᠯᠠᠯ ᠤᠨ ᠲᠠᠷᠠᠭ᠎ᠠ ᠮᠠᠨ ᠤ ᠬᠤᠰᠢᠭᠤᠨ ᠤ ᠤᠯᠠᠭᠠᠨᠮᠦ᠋ᠴᠢᠷ ᠠᠴᠠ ᠤᠳᠬ᠎ᠠ ᠤᠷᠠᠯᠢᠭ ᠤᠨ ᠲᠤᠭᠯᠠᠯᠲᠠ | ᠭᠠᠷᠭᠠᠵᠤ᠂ ᠬᠦᠷᠦᠯᠴᠡᠨ ᠢᠷᠡᠭᠰᠡᠨ ᠬᠡᠶᠢᠴᠢᠨ ᠵᠤᠴᠢᠳ ᠢ ︽ᠦᠪᠦᠷ ᠮᠤᠩᠭᠤᠯ ᠲᠠᠢ ᠪᠠᠨ ᠪᠢ︾ ᠦᠪᠦᠷ ᠮᠤᠩᠭᠤᠯ | ᠤᠨ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ ᠪᠠᠶᠠᠷ ᠲᠤᠷᠠᠰᠬᠠᠯ ᠤᠨ ᠦᠵᠡᠬᠦᠯᠦᠯᠭᠡ ᠶᠢᠨ ᠤᠷᠳᠤᠨ ᠳᠤ | ᠲᠤᠭᠤᠷᠢᠨ ᠦᠵᠡᠬᠦᠯᠵᠤ᠂ ︽ᠲᠠᠯ᠎ᠠ ᠶᠢᠨ ᠲᠦᠪᠡᠷᠭᠡᠨ︾ ᠠᠳᠤᠭᠤᠨ ᠰᠤᠶᠤᠯ ᠤᠨ ᠨᠡᠶᠢᠬᠡᠮᠯᠢᠭ ᠠᠴᠠ ᠠᠳᠤᠭᠤᠨ | ᠰᠤᠶᠤᠯ ᠤᠨ ᠦᠵᠡᠬᠦᠯᠦᠯᠭᠡ ᠬᠢᠨ᠂ ︽ᠲᠠᠯ᠎ᠠ ᠶᠢᠨ ᠢᠷᠭᠤᠢ︾ ᠤᠯᠠᠮᠵᠢᠯᠠᠯᠲᠤ ᠭᠠᠷ ᠤᠷᠠᠯᠠᠯ ᠤᠨ ᠪᠦᠲᠦᠭᠡᠭᠳᠡᠬᠦᠨ | ᠢ ᠲᠡᠯᠭᠡᠨ ᠦᠵᠡᠬᠦᠯᠬᠦ ᠶᠢᠨ ᠬᠠᠮᠲᠤ ᠴᠠᠬᠢᠷᠮ᠎ᠠ ᠴᠡᠴᠡᠭ ᠢ ᠰᠤᠨᠢᠷᠬᠠᠨ ᠬᠡᠷᠡᠯ ᠵᠢᠷᠤᠭ ᠠᠪᠬᠤ ᠵᠡᠷᠭᠡ ᠠᠵᠢᠯᠯᠠᠭ᠎ᠠ ᠶᠢ | ᠦᠷᠨᠢᠬᠦᠯᠦᠭᠰᠡᠨ ᠪᠠᠶᠢᠨ᠎ᠠ᠃ | | | | | |