5 ᠰᠠᠷ᠎ᠠ ᠶᠢᠨ 15 ᠤ ᠡᠳᠤᠷ ᠠᠴᠠ 16 ᠤ ᠡᠳᠤᠷ ᠪᠤᠯᠲᠠᠯ᠎ᠠ᠂ ᠦᠪᠡᠷᠲᠡᠭᠡᠨ ᠵᠠᠰᠠᠬᠤ ᠤᠷᠤᠨ ᠤ ᠨᠠᠮ | ᠤᠨ ᠬᠤᠷᠢᠶᠠᠨ ᠤ ᠶᠢᠰᠤᠳᠤᠭᠡᠷ ᠲᠤᠭᠤᠷᠢᠨ ᠦᠵᠡᠬᠦ ᠳᠤᠭᠤᠶᠢᠯᠠᠩ ᠤᠨ ᠳᠡᠳ᠋ ᠳᠠᠷᠤᠭ᠎ᠠ᠂ ᠤᠷᠳᠤᠰ ᠬᠤᠲᠠ ᠶᠢᠨ | ᠴᠠᠭᠳᠠᠨ ᠪᠠᠶᠢᠴᠠᠭᠠᠵᠤ ᠬᠢᠨᠠᠨ ᠵᠢᠯᠤᠭᠤᠳᠬᠤ ᠳᠤᠭᠤᠶᠢᠯᠠᠩ ᠤᠨ ᠳᠠᠷᠤᠭ᠎ᠠ ᠬᠡᠰᠢᠭ ᠨᠠᠷ ᠮᠠᠨ ᠤ ᠬᠤᠰᠢᠭᠤᠨ ᠳᠤ | ᠢᠷᠡᠵᠤ᠂ ᠭᠤᠷᠪᠠᠨ ᠶᠡᠭᠡ ᠪᠤᠭᠤᠮᠲᠠ ᠰᠢᠪᠲᠤᠯᠬᠤ ᠳᠠᠶᠢᠯᠠᠯᠳᠤᠭᠠᠨ ᠤ ᠪᠡᠯᠡ ᠮᠦᠩᠬᠦ ᠶᠢᠨ ᠬᠡᠷᠡᠭᠯᠡᠯᠲᠡ ᠶᠢᠨ ᠪᠠᠶᠢᠳᠠᠯ | ᠤᠨ ᠲᠤᠬᠠᠢ ᠨᠠᠷᠢᠨ ᠤᠶᠢᠯᠠᠭᠠᠯᠲᠠ ᠬᠢᠪᠡ᠃ ᠬᠤᠲᠠ ᠶᠢᠨ ᠨᠠᠮ ᠤᠨ ᠬᠤᠷᠢᠶᠠᠨ ᠤ ᠨᠢᠭᠡᠳᠤᠭᠡᠷ ᠴᠠᠭᠳᠠᠨ | ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠶᠤᠸᠡᠨ ᠫᠧᠩ ᠶᠦᠨ᠂ ᠬᠤᠰᠢᠭᠤ ᠨᠠᠮ ᠤᠨ ᠬᠤᠷᠢᠶ᠎ᠠ ᠶᠢᠨ ᠳᠡᠳ᠋ ᠱᠦᠵᠢ | ᠬᠤᠰᠢᠭᠤ ᠳᠠᠷᠤᠭ᠎ᠠ ᠴᠢᠶᠤᠤ ᠶᠦᠨ ᠯᠢ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠰᠠᠬᠢᠯᠭ᠎ᠠ | ᠪᠠᠲᠤ ᠪᠠᠶᠢᠴᠠᠭᠠᠬᠤ ᠬᠤᠷᠢᠶᠠᠨ ᠤ ᠱᠦᠵᠢ ᠬᠢᠨᠠᠨ ᠪᠠᠶᠢᠴᠠᠭᠠᠬᠤ ᠵᠦᠪᠯᠡᠯ ᠤᠨ ᠡᠷᠬᠢᠯᠡᠭᠴᠢ ᠯᠡᠨ ᠲᠢᠶᠠᠨ᠂ ᠬᠤᠰᠢᠭᠤ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠭᠡᠯᠳᠡᠰ ᠤᠨ ᠳᠠᠷᠤᠭ᠎ᠠ ᠹᠧᠩ ᡁᠢ ᠮᠢᠩ᠂ ᠬᠤᠰᠢᠭᠤ | ᠳᠡᠳ᠋ ᠳᠠᠷᠤᠭ᠎ᠠ ᠡᠳ᠋ ᠤᠨ ᠵᠠᠰᠠᠭ ᠤᠨ ᠲᠤᠪᠴᠢᠶᠠᠨ ᠤ ᠳᠠᠷᠤᠭ᠎ᠠ ᠪᠠᠶᠠᠨᠴᠡᠩᠭᠡᠯ᠂ ᠬᠤᠰᠢᠭᠤ ᠵᠠᠰᠠᠭ ᠤᠨ ᠣᠷᠳᠣᠨ ᠤ | ᠠᠯᠪᠠᠨ ᠭᠡᠷ ᠪᠤᠯᠤᠨ ᠬᠠᠮᠢᠶ᠎ᠠ ᠪᠦᠬᠦᠢ ᠰᠤᠮᠤ ᠪᠠᠯᠭᠠᠰᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠪᠠᠷᠠᠳᠠᠨ | ᠪᠠᠶᠢᠴᠠᠭᠠᠪᠠ᠃ | | | | | ᠦᠪᠡᠷᠲᠡᠭᠡᠨ ᠵᠠᠰᠠᠬᠤ ᠤᠷᠤᠨ ᠤ ᠲᠤᠭᠤᠷᠢᠨ ᠦᠵᠡᠵᠤ ᠴᠠᠭᠳᠠᠨ ᠪᠠᠶᠢᠴᠠᠭᠠᠬᠤ ᠠᠵᠢᠯ ᠤᠨ ᠲᠤᠭᠤᠶᠢᠯᠠᠩ ᠨᠢ | ᠲᠤᠭ ᠤᠨ ᠠᠵᠤ ᠦᠢᠯᠡᠳᠪᠤᠷᠢ ᠶᠢᠨ ᠲᠦᠷᠦᠯ ᠵᠦᠢᠯ ᠤᠨ ᠤᠷᠤᠨ ᠤ ᠵᠦᠩ ᠮᠧᠢ ᠪᠦᠯᠦᠭᠯᠡᠯ ᠤᠨ ᠬᠢᠮᠢ ᠶᠢᠨ | ᠪᠤᠷᠳᠤᠭᠤᠷ᠂ ᠵᠦᠩ ᠲᠢᠶᠠᠨ ᠾᠧ ᠴᠤᠸᠠᠩ ᠺᠤᠮᠫᠠᠨᠢ ᠶᠢᠨ ᠨᠡᠭᠦᠷᠡᠰᠤ ᠶᠢ ᠨᠠᠷᠢᠯᠢᠭ ᠪᠤᠯᠪᠠᠰᠤᠷᠠᠭᠤᠯᠬᠤ ᠵᠢᠱᠢᠶ᠎ᠡ | ᠦᠵᠡᠭᠦᠯᠭᠦ ᠲᠦᠷᠦᠯ ᠵᠦᠢᠯ᠂ ᠲᠤᠭ ᠪᠠᠯᠭᠠᠰᠤᠨ ᠤ ᠲᠠᠷᠬᠠᠨᠯᠠᠮ᠎ᠠ ᠭᠠᠴᠠᠭ᠎ᠠ᠂ ᠭᠠᠯᠠᠭᠤᠲᠤ ᠪᠠᠯᠭᠠᠰᠤᠨ ᠤ ᠷᠠᠰᠢᠶᠠᠨ | ᠲᠤᠬᠤᠢ ᠲᠤᠰᠬᠤᠨ᠂ ᠰᠢᠷᠬᠤᠰᠤᠨ ᠪᠠᠯᠭᠠᠰᠤᠨ ᠤ ᠪᠠᠲᠤ ᠶᠢᠨ ᠲᠤᠬᠤᠢ ᠲᠤᠰᠬᠤᠨ ᠵᠡᠷᠭᠡ ᠭᠠᠵᠠᠷ ᠢᠶᠠᠷ ᠬᠦᠷᠴᠤ᠂ | ᠠᠵᠤ ᠠᠬᠤᠶᠢᠯᠠᠯ ᠪᠤᠯᠤᠨ ᠰᠤᠮᠤ ᠪᠠᠯᠭᠠᠰᠤ᠂ ᠭᠠᠴᠠᠭ᠎ᠠ ᠲᠤᠰᠬᠤᠨ ᠤ ᠬᠠᠷᠢᠭᠤᠴᠠᠯᠭᠠᠲᠠᠨ ᠤ ᠪᠤᠬᠢᠷᠳᠤᠯ ᠢ | ᠰᠡᠷᠭᠡᠶᠢᠯᠡᠨ ᠵᠠᠰᠠᠬᠤ᠂ ᠶᠠᠳᠠᠭᠤ ᠶᠢ ᠳᠡᠳᠭᠦᠭᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠵᠡᠷᠭᠡ ᠠᠵᠢᠯ ᠤᠨ ᠲᠠᠯ᠎ᠠ | ᠪᠠᠷ ᠬᠢ ᠲᠠᠨᠢᠯᠴᠠᠭᠤᠯᠭ᠎ᠠ ᠶᠢ ᠰᠤᠨᠤᠰᠬᠤ ᠶᠢᠨ ᠬᠠᠮᠲᠤ ᠮᠠᠲ᠋ᠧᠷᠢᠶᠠᠯ ᠢ ᠬᠢᠨᠠᠨ ᠦᠵᠡᠬᠦ ᠪᠠ ᠡᠬᠡ ᠳᠠᠩᠰᠠ ᠶᠢ | ᠪᠠᠶᠢᠴᠠᠭᠠᠬᠤ ᠪᠠᠷ ᠳᠠᠮᠵᠢᠨ ᠮᠠᠨ ᠤ ᠬᠤᠰᠢᠭᠤᠨ ᠤ ᠭᠤᠷᠪᠠᠨ ᠶᠡᠭᠡ ᠪᠤᠭᠤᠮᠲᠠ ᠰᠢᠪᠲᠤᠯᠬᠤ ᠳᠠᠶᠢᠯᠠᠯᠳᠤᠭᠠᠨ ᠤ ᠪᠡᠯᠡ | ᠮᠦᠩᠬᠦ ᠶᠢᠨ ᠬᠡᠷᠡᠭᠯᠡᠯᠲᠡ ᠶᠢᠨ ᠪᠠᠶᠢᠳᠠᠯ ᠢ ᠨᠠᠷᠢᠨ ᠤᠶᠢᠯᠠᠭᠠᠪᠠ᠃ | ᠲᠤᠭᠤᠷᠢᠨ ᠦᠵᠡᠵᠤ ᠴᠠᠭᠳᠠᠨ ᠪᠠᠶᠢᠴᠠᠭᠠᠬᠤ ᠠᠵᠢᠯ ᠤᠨ ᠲᠤᠭᠤᠶᠢᠯᠠᠩ ᠤᠨ ᠬᠢᠨ ᠪᠠᠶᠢᠴᠠᠭᠠᠯᠲᠠ ᠶᠢᠨ | ᠳᠤᠮᠳᠠ ᠪᠠᠨ ᠵᠢᠠᠭ᠋ᠵᠤ ᠭᠠᠷᠭᠠᠬᠤ ᠳᠠᠭᠠᠨ᠂ ᠦᠤᠰᠢᠨ ᠬᠤᠰᠢᠭᠤ ᠡᠷᠬᠡᠪᠡᠰᠢ ᠨᠠᠮ ᠤᠨ ᠠᠷᠪᠠ ᠶᠢᠰᠤᠳᠤᠭᠡᠷ ᠶᠡᠭᠡ | ᠬᠤᠷᠠᠯ ᠤᠨ ᠵᠤᠷᠢᠭ ᠰᠠᠨᠠᠭ᠎ᠠ ᠪᠠ ᠰᠢ ᠶᠢᠨ ᠫᠢᠩ ᠶᠡᠷᠤᠩᠭᠡᠢ ᠱᠦᠵᠢ ᠶᠢᠨ ᠠᠷᠪᠠᠨ ᠭᠤᠷᠪᠠᠳᠤᠭᠠᠷ ᠬᠤᠭᠤᠴᠠᠭᠠᠨ ᠤ | ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠶᠢᠨ ᠨᠢᠭᠡᠳᠤᠭᠡᠷ ᠤᠳᠠᠭᠠᠨ ᠤ ᠬᠤᠷᠠᠯᠳᠤᠭᠠᠨ | ᠤ ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠦᠶ᠎ᠡ ᠶᠢᠨ ᠴᠢᠬᠤᠯᠠ ᠶᠠᠷᠢᠶᠠᠨ ᠤ | ᠵᠤᠷᠢᠭ ᠰᠠᠨᠠᠭ᠎ᠠ ᠶᠢ ᠬᠦᠨᠵᠡᠭᠡᠢ ᠲᠤᠤᠱᠯᠠᠭᠤᠯᠤᠨ᠂ ᠭᠤᠷᠪᠠᠨ ᠶᠡᠭᠡ ᠪᠤᠭᠤᠮᠲᠠ ᠰᠢᠪᠲᠤᠯᠬᠤ ᠳᠠᠶᠢᠯᠠᠯᠳᠤᠭᠠᠨ ᠤ | ᠬᠠᠷᠢᠭᠤᠴᠠᠯᠭᠠᠲᠤ ᠰᠡᠳᠬᠢᠯᠭᠡ ᠪᠠ ᠪᠠᠴᠢᠮ ᠲᠤᠯᠭᠠᠮ᠎ᠠ ᠰᠡᠳᠬᠢᠯᠭᠡ ᠶᠢ ᠪᠠᠲᠤ ᠴᠢᠩᠭᠠᠳᠬᠠᠵᠤ᠂ ᠦᠷᠭᠦᠯᠵᠢᠯᠡᠨ | ᠵᠠᠰᠠᠭ ᠤᠨ ᠤᠷᠳᠤᠨ ᠤ ᠦᠷᠢ ᠦᠭᠴᠡᠭᠡ ᠶᠢ ᠢᠯᠭᠠᠷᠠᠭᠤᠯᠬᠤ᠂ ᠤᠨᠤᠪᠴᠢᠲᠠᠢ ᠪᠠᠷ ᠶᠠᠳᠠᠭᠤ ᠶᠢ ᠳᠡᠳᠭᠦᠭᠦ ᠪᠠ | ᠪᠤᠬᠢᠷᠳᠤᠯ ᠢ ᠰᠡᠷᠭᠡᠶᠢᠯᠡᠭᠦ ᠭᠤᠤᠯᠳᠠᠯᠭᠠᠲᠤ ᠠᠰᠠᠭᠤᠳᠠᠯ ᠪᠠ ᠭᠦᠴᠢᠷᠳᠡᠯᠲᠠᠢ ᠠᠰᠠᠭᠤᠳᠠᠯ ᠳᠤ ᠠᠩᠬᠠᠷᠤᠯ ᠢᠶᠠᠨ | ᠲᠦᠪᠯᠡᠷᠡᠭᠦᠯᠦᠨ᠂ ᠪᠡᠯᠡ ᠮᠦᠩᠭᠦ ᠶᠢᠨ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ ᠪᠦᠷᠢᠨᠰᠢᠭᠦᠯᠵᠤ᠂ ᠪᠡᠯᠡ | ᠮᠦᠩᠭᠦ ᠶᠢᠨ ᠬᠡᠷᠡᠭᠯᠡᠯᠲᠡ ᠶᠢᠨ ᠶᠠᠪᠤᠴᠠ ᠶᠢ ᠴᠢᠩᠭ᠎ᠠ ᠲᠦᠷᠢᠮᠵᠢᠭᠦᠯᠵᠤ᠂ ᠪᠡᠯᠡ ᠮᠦᠩᠭᠦ ᠶᠢᠨ ᠲᠦᠷᠢᠮᠵᠢᠯ ᠲᠠᠢ᠂ | ᠠᠮᠤᠷ ᠲᠦᠪᠰᠢᠨ᠂ ᠨᠠᠷᠢᠯᠢᠭ ᠤᠨᠤᠪᠴᠢᠲᠠᠢ᠂ ᠦᠨᠳᠦᠷ ᠠᠰᠢᠭᠯᠠᠮᠵᠢ ᠲᠠᠢ ᠪᠠᠷ ᠭᠡᠷᠡᠭᠯᠡᠭᠳᠡᠭᠦ ᠶᠢ ᠪᠠᠲᠤᠯᠠᠬᠤ ᠬᠡᠷᠡᠭᠲᠠᠢ | ᠭᠡᠪᠡ᠃ | |