ᠤᠷᠳᠤᠰ ᠬᠤᠲᠠ ᠶᠢᠨ ᠴᠦᠭᠡᠨ ᠲᠤᠭᠠᠲᠤ ᠦᠨᠳᠤᠰᠤᠳᠠᠨ ᠤ ᠶᠡᠭᠡ ᠳᠡᠭᠡᠲᠤ ᠰᠤᠷᠭᠠᠭᠤᠯᠢ ᠶᠢᠨ ᠰᠤᠷᠤᠭᠴᠢᠳ ᠲᠤ ᠨᠦᠭᠦᠪᠤᠷᠢ ᠤᠯᠭᠤᠬᠤ ᠲᠦᠷᠦ ᠶᠢᠨ ᠪᠤᠳᠤᠯᠭ᠎ᠠ
ᠨᠡᠶᠢᠲᠡᠯᠡᠭᠰᠡᠨ ᠴᠠᠭ᠄
2018-05-23
      ᠲᠤᠰᠠᠯᠠᠬᠤ ᠭᠦᠷᠢᠶ᠎ᠡ ᠬᠡᠪᠴᠢᠶ᠎ᠡ᠄ ᠪᠦᠬᠦ ᠤᠯᠤᠰ ᠤᠨ ᠶᠡᠭᠡ ᠳᠡᠭᠡᠳᠤ ᠰᠤᠷᠭᠠᠭᠤᠯᠢ ᠳᠤ ᠰᠤᠷᠤᠭᠴᠢ ᠡᠯᠰᠡᠬᠦ ᠨᠢᠭᠡᠳᠤᠯᠲᠠᠢ ᠰᠢᠯᠭᠠᠯᠲᠠ ᠪᠠᠷ ᠳᠠᠮᠵᠢᠨ ᠡᠯᠰᠡᠭᠳᠡᠭᠰᠡᠨ ᠤᠷᠳᠤᠰ ᠤᠨ ᠡᠷᠤᠬᠡ ᠠᠮᠠ ᠲᠠᠢ ᠶᠡᠭᠡ ᠳᠡᠭᠡᠳᠤ ᠰᠤᠷᠭᠠᠭᠤᠯᠢ ᠎ ᠳᠤ ᠰᠤᠷᠤᠯᠴᠠᠵᠤ ᠪᠠᠶᠢᠭ᠎ᠠ ᠮᠤᠩᠭᠤᠯ ᠦᠨᠳᠤᠰᠤᠳᠡᠨ ᠤ ᠰᠤᠷᠤᠭᠴᠢᠳ ︵ᠦᠪᠡᠷᠲᠡᠭᠡᠨ ᠵᠠᠰᠠᠬᠤ ᠤᠷᠤᠨ᠂ ᠤᠷᠳᠤᠰ ᠬᠤᠲᠠ ᠶᠢᠨ ᠬᠤᠲᠠ ᠭᠦᠳᠡᠭᠡ ᠰᠠᠭᠤᠭᠠᠯᠢ ᠠᠷᠠᠳ ᠤᠨ ᠠᠮᠢᠳᠤᠷᠠᠯ ᠤᠨ ᠦᠨᠳᠤᠰᠤᠨ ᠪᠠᠲᠤᠯᠭᠠᠲᠤ ᠭᠡᠷ ᠪᠦᠯᠢ ᠶᠢᠨ ᠶᠡᠭᠡ ᠳᠡᠭᠡᠳᠤ ᠰᠤᠷᠭᠠᠭᠤᠯᠢ ᠳᠤ ᠰᠤᠷᠤᠯᠴᠠᠵᠤ ᠪᠠᠶᠢᠭ᠎ᠠ ᠰᠤᠷᠤᠭᠴᠢᠳ ᠢ ᠲᠤᠰᠠᠯᠠᠬᠤ ᠲᠦᠷᠦ ᠶᠢᠨ ᠪᠤᠳᠤᠯᠭ᠎ᠠ ᠵᠢᠴᠢ ᠤᠷᠳᠤᠰ ᠬᠤᠳᠠ ᠶᠢᠨ ᠬᠤᠲᠠ ᠬᠦᠳᠡᠭᠡ ᠶᠢᠨ ᠭᠡᠷ ᠪᠦᠯᠢ ᠶᠢᠨ ᠠᠵᠤ ᠠᠮᠢᠳᠤᠷᠠᠯ ᠨᠢ ᠬᠦᠴᠢᠷᠳᠡᠯᠲᠠᠢ ᠡᠷᠤᠬᠡ ᠶᠢᠨ ᠶᠡᠭᠡ ᠳᠡᠭᠡᠳᠤ ᠰᠤᠷᠭᠠᠭᠤᠯᠢ ᠳᠤ ᠪᠠᠶᠢᠭ᠎ᠠ ᠰᠤᠷᠤᠭᠴᠢᠳ ᠲᠤ ᠲᠤᠰᠠᠯᠠᠬᠤ ᠲᠦᠷᠦ ᠶᠢᠨ ᠪᠤᠳᠤᠯᠭ᠎ᠠ ᠶᠢᠨ ᠲᠤᠰᠠᠯᠠᠮᠵᠢ ᠎ ᠶᠢ ᠬᠦᠷᠳᠡᠵᠤ ᠪᠠᠶᠢᠭ᠎ᠠ ᠰᠤᠷᠤᠭᠴᠢᠳ ᠲᠤ ᠲᠤᠰ ᠨᠦᠭᠦᠪᠦᠷᠢ ᠶᠢ ᠳᠠᠪᠬᠤᠷᠳᠠᠭᠤᠯᠤᠨ ᠬᠦᠷᠲᠡᠭᠡᠬᠦ ᠦᠭᠡᠢ︶᠃      ᠲᠤᠰᠠᠯᠠᠬᠤ ᠪᠠᠷᠢᠮᠵᠢᠶ᠎ᠠ᠄ ᠤᠯᠤᠰ ᠤᠨ ᠭᠤᠤᠯᠳᠠᠯᠭᠠᠲᠤ ᠶᠡᠭᠡ ᠳᠡᠭᠡᠳᠤ ᠰᠤᠷᠭᠠᠭᠤᠯᠢ ᠶᠢᠨ ᠵᠢᠩᠬᠢᠨᠢ ᠠᠩᠬᠢ ᠎ ᠶᠢᠨ ᠰᠤᠷᠤᠭᠴᠢ ᠵᠢᠯ ᠪᠦᠷᠢ 7000 ᠲᠦᠭᠦᠷᠢᠭ᠂ ᠡᠩ ᠤᠨ ᠳᠡᠭᠡᠳᠤ ᠰᠤᠷᠭᠠᠭᠤᠯᠢ ᠶᠢᠨ ᠵᠢᠩᠬᠢᠨᠢ ᠠᠩᠭᠢ ᠶᠢᠨ ᠰᠤᠷᠤᠭᠴᠢ ᠳᠤ ᠵᠢᠯ ᠪᠦᠷᠢ 5000 ᠲᠦᠭᠦᠷᠢᠭ᠂ ᠡᠩ ᠤᠨ ᠶᠡᠭᠡ ᠳᠡᠭᠡᠳᠤ ᠰᠤᠷᠭᠠᠭᠤᠯᠢ ᠶᠢᠨ ᠲᠤᠰᠬᠠᠢ ᠮᠡᠷᠭᠡᠵᠢᠯ ᠎ ᠤᠨ ᠠᠩᠭᠢ ᠶᠢᠨ ᠰᠤᠷᠤᠭᠴᠢ ᠳᠤ ᠵᠢᠯ ᠪᠦᠷᠢ 3000 ᠲᠦᠭᠦᠷᠢᠭ᠃      ᠲᠤᠳᠤᠷᠬᠠᠶᠢᠯᠠᠬᠤ ᠨᠢ᠄ ᠦᠤᠰᠢᠨ ᠬᠤᠰᠢᠭᠤᠨ ᠤ ᠦᠨᠳᠤᠰᠤᠳᠡᠨ ᠱᠠᠰᠢᠨ ᠰᠤᠷᠳᠠᠬᠤᠨ ᠤ ᠬᠡᠷᠡᠭ ᠡᠷᠬᠢᠯᠡᠬᠦ ᠲᠤᠪᠴᠢᠶᠠᠨ ᠳᠤ ᠬᠦᠷᠴᠤ ᠲᠤᠰ ᠨᠦᠬᠦᠪᠦᠷᠢ ᠶᠢ ᠭᠤᠶᠤᠪᠴᠢᠯᠠᠬᠤ ᠭᠠᠷ ᠭᠦᠢᠴᠡᠳᠭᠡᠯ ᠢ ᠬᠢᠨ᠎ᠡ᠃
 
ᠢᠷᠡᠯᠲᠡ᠄ ᠦᠤᠰᠢᠨ ᠬᠤᠰᠢᠭᠤᠨ ᠤ ᠰᠤᠷᠤᠭᠴᠢᠳ ᠢ ᠲᠤᠰᠠᠯᠠᠬᠤ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠭᠠᠷ ᠳᠡᠪᠳᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号