ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠤᠷᠳᠤᠰ ᠤᠨ ᠡᠷᠤᠬᠡ ᠠᠮᠠ ᠲᠠᠢ ᠮᠤᠩᠭᠤᠯ ᠢᠶᠠᠷ ᠬᠢᠴᠢᠶᠡᠯᠯᠡᠵᠤ ᠪᠦᠬᠦᠢ ᠰᠤᠷᠤᠭᠴᠢᠳ ᠤᠨ ᠠᠯᠢᠪᠠ ᠰᠦᠢᠳᠬᠡᠯ ᠮᠦᠩᠭᠦ ᠶᠢ ᠬᠡᠯᠲᠤᠷᠢᠭᠦᠯᠭᠦ ᠲᠦᠷᠦ ᠶᠢᠨ ᠪᠤᠳᠤᠯᠭ᠎ᠠ
ᠨᠡᠶᠢᠲᠡᠯᠡᠭᠰᠡᠨ ᠴᠠᠭ᠄
2018-05-23
     ᠲᠤᠰᠠᠯᠠᠬᠤ ᠬᠦᠷᠢᠶ᠎ᠡ ᠬᠡᠪᠴᠢᠶ᠎ᠠ᠄ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠦᠶ᠎ᠡ ᠳᠠᠬᠢ ᠤᠷᠳᠤᠰ ᠤᠨ ᠡᠷᠤᠬᠡ ᠠᠮᠠ ᠲᠠᠢ ᠮᠤᠩᠭᠤᠯ ᠢᠶᠠᠷ ᠬᠢᠴᠢᠶᠡᠯᠯᠡᠵᠤ ᠪᠦᠬᠦᠢ ᠰᠤᠷᠤᠭᠴᠢᠳ᠃      ᠲᠤᠰᠠᠯᠠᠬᠤ ᠪᠠᠷᠢᠮᠵᠢᠶ᠎ᠠ᠄ ᠪᠠᠶᠢᠷᠢ ᠳᠤ ᠰᠠᠭᠤᠭ᠎ᠠ ᠰᠤᠷᠤᠭᠴᠢ ᠳᠤ ᠠᠮᠢᠳᠤᠷᠠᠯ ᠤᠨ ᠰᠦᠢᠳᠬᠡᠯ ᠤᠨ ᠨᠦᠭᠦᠪᠦᠷᠢ ᠤᠯᠭᠤᠬᠤ ᠪᠠᠷᠢᠮᠵᠢᠶ᠎ᠠ᠄ ᠦᠨᠳᠤᠰᠤᠲᠡᠨ ᠤ ᠰᠣᠷᠤᠯᠭ᠎ᠠ ᠶᠢᠨ ᠳᠡᠳᠭᠦᠮᠵᠢ ︵ᠪᠠᠭ᠎ᠠ ᠰᠤᠷᠭᠠᠭᠤᠯᠢ ᠶᠢᠨ ᠰᠤᠷᠤᠭᠴᠢ ᠨᠢᠭᠡᠪᠦᠷᠢ ᠳᠤ ᠵᠢᠯ ᠪᠦᠷᠢ 720 ᠲᠦᠭᠦᠷᠢᠭ᠂ ᠠᠩᠬ᠎ᠠ ᠳᠤᠮᠳᠠᠳᠤ ᠰᠤᠷᠭᠠᠭᠤᠯᠢ ᠰᠤᠷᠤᠭᠴᠢ ᠵᠢᠯ ᠪᠦᠷᠢ 900 ᠲᠦᠭᠦᠷᠢᠭ︶᠂ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠦᠶ᠎ᠡ ᠳᠠᠬᠢ ᠬᠤᠤᠰ ᠬᠡᠯᠡᠨ ᠤ ᠰᠣᠷᠭᠠᠨ ᠬᠦᠮᠦᠵᠢᠯ ᠬᠦᠷᠲᠡᠵᠤ ᠪᠦᠬᠦᠢ ᠪᠠᠶᠢᠷᠢ ᠳᠤ ᠰᠠᠭᠤᠭ᠎ᠠ ᠰᠤᠷᠤᠭᠴᠢ ᠶᠢᠨ ᠠᠮᠢᠳᠤᠷᠠᠯ ᠤᠨ ᠰᠦᠢᠳᠭᠡᠯ ᠤᠨ ᠨᠦᠬᠦᠪᠦᠷᠢ ᠵᠡᠷᠭᠡ ᠨᠦᠬᠦᠪᠦᠷᠢ ᠮᠦᠩᠭᠦ ᠶᠢᠨ ᠰᠠᠭᠤᠷᠢᠨ ᠳᠡᠭᠡᠷ᠎ᠡ ᠪᠠᠶᠢᠷᠢ ᠳᠤ ᠰᠠᠭᠤᠭ᠎ᠠ ᠰᠤᠷᠤᠭᠴᠢᠳ ᠤᠨ ᠠᠮᠢᠳᠤᠷᠠᠯ ᠤᠨ ᠰᠦᠢᠳᠭᠡᠯ ᠤᠨ ᠨᠦᠬᠦᠪᠦᠷᠢ ᠶᠢᠨ ᠪᠠᠷᠢᠮᠵᠢᠶ᠎ᠠ ᠶᠢ ᠨᠢᠭᠡᠳᠤᠯᠲᠠᠢ ᠪᠠᠷ ᠪᠠᠭ᠎ᠠ ᠰᠤᠷᠭᠠᠭᠤᠯᠢ ᠶᠢᠨ ᠰᠤᠷᠤᠭᠴᠢ ᠨᠢᠭᠡᠪᠦᠷᠢ ᠡᠳᠤᠷ ᠪᠦᠷᠢ 12 ᠲᠦᠭᠦᠷᠢᠭ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ ᠡᠳᠤᠷ ᠪᠦᠷᠢ 16 ᠲᠦᠭᠦᠷᠢᠭ᠂ ᠨᠢᠭᠡ ᠰᠠᠷ᠎ᠠ ᠶᠢ 30 ᠡᠳᠤᠷ ᠢᠶᠠᠷ ᠪᠤᠳᠤᠨ᠂ ᠨᠢᠭᠡ ᠵᠢᠯ ᠢ ᠶᠢᠰᠤᠨ ᠰᠠᠷ᠎ᠠ ᠪᠠᠷ ᠲᠤᠭᠠᠴᠠᠨ ᠨᠦᠬᠦᠪᠦᠷᠢᠯᠡᠨ᠎ᠡ᠃      ᠳᠠᠰᠬᠠᠯ ᠤᠨ ᠵᠠᠷᠤᠳᠠᠯ ᠮᠦᠩᠭᠦ ᠶᠢ ᠬᠡᠯᠲᠤᠷᠢᠬᠦᠯᠬᠦ᠄ ᠵᠢᠯ ᠪᠦᠷᠢ ᠰᠤᠷᠤᠭᠴᠢ ᠨᠢᠭᠡᠪᠦᠷᠢ 40 ᠲᠦᠭᠦᠷᠢᠭ ︵ᠪᠦᠬᠦ ᠰᠤᠷᠤᠭᠴᠢ︶᠃      ᠵᠠᠮ ᠬᠠᠷᠢᠯᠴᠠᠭᠠᠨ ᠤ ᠰᠦᠢᠳᠬᠡᠯ ᠤᠨ ᠨᠦᠭᠦᠪᠦᠷᠢ᠄ ᠵᠢᠯ ᠪᠦᠷᠢ ᠰᠤᠷᠤᠭᠴᠢ ᠨᠢᠭᠡᠪᠦᠷᠢ 200 ᠲᠦᠭᠦᠷᠢᠭ ︵ᠪᠠᠶᠢᠷᠢ ᠳᠤ ᠰᠠᠭᠤᠭ᠎ᠠ ᠰᠤᠷᠤᠭᠴᠢ︶᠃
 
ᠢᠷᠡᠯᠲᠡ᠄ ᠦᠤᠰᠢᠨ ᠬᠤᠰᠢᠭᠤᠨ ᠤ ᠰᠤᠷᠤᠭᠴᠢᠳ ᠢ ᠲᠤᠰᠠᠯᠠᠬᠤ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠭᠠᠷ ᠳᠡᠪᠳᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号