ᠰᠢ ᠶᠢᠨ ᠫᠢᠩ᠄ ᠪᠤᠬᠢᠷᠳᠤᠯ ᠢ ᠰᠡᠷᠭᠡᠶᠢᠯᠡᠨ ᠵᠠᠰᠠᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠡᠷᠡᠰ ᠪᠠᠳᠤ ᠰᠠᠶᠢᠳᠤᠷ ᠬᠢᠵᠦ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ ᠰᠢᠨ᠎ᠠ ᠳᠡᠭᠳᠡᠷ ᠲᠤ ᠭᠠᠷᠬᠤ ᠶᠢ ᠠᠬᠢᠭᠤᠯᠬᠤ ᠭᠡᠷᠡᠭᠲᠡᠢ
ᠨᠡᠶᠢᠲᠡᠯᠡᠭᠰᠡᠨ ᠴᠠᠭ᠄
2018-05-23
   ᠪᠦᠬᠦ ᠤᠯᠤᠰ ᠤᠨ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠶᠡᠭᠡ ᠬᠤᠷᠠᠯ 18 ᠤ ᠡᠳᠤᠷ ᠠᠴᠠ 19 ᠤ ᠡᠳᠦᠷ ᠪᠤᠯᠳᠠᠯ᠎ᠠ ᠪᠡᠭᠡᠵᠢᠩ ᠳᠤ ᠬᠤᠷᠠᠯᠳᠤᠪᠠ᠃ ᠨᠠᠮ ᠤᠨ ᠲᠦᠪ ᠬᠤᠷᠢᠶᠠᠨ ᠤ ᠶᠡᠷᠦᠩᠭᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠩ ᠬᠤᠷᠠᠯ ᠳᠤ ᠤᠷᠤᠯᠴᠠᠬᠰᠠᠨ ᠪᠦᠬᠡᠳ ᠴᠢᠬᠤᠯᠠ ᠶᠠᠷᠢᠶ᠎ᠠ ᠲᠠᠯᠪᠢᠵᠠᠢ᠃ ᠲᠡᠷᠡ᠂ ᠰᠠᠨᠠᠭᠠᠴᠢᠯᠠᠭ᠎ᠠ ᠠᠴᠠ ᠪᠠᠨ ᠠᠵᠤ ᠠᠬᠤᠢ ᠨᠡᠶᠢᠭᠡᠮ ᠤᠨ ᠬᠦᠭᠵᠢᠯᠳᠠ ᠶᠢ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠲᠠᠢ ᠨᠢᠭᠡᠳᠦᠯᠳᠠᠢ ᠲᠦᠯᠦᠪᠵᠢᠬᠦᠯᠵᠦ᠂ ᠨᠠᠮ ᠤᠨ ᠤᠳᠤᠷᠢᠳᠤᠯᠭ᠎ᠠ ᠪᠤᠯᠤᠨ ᠮᠠᠨ ᠤ ᠤᠯᠤᠰ ᠤᠨ ᠨᠡᠶᠢᠭᠡᠮ ᠵᠢᠷᠦᠮᠳᠤ ᠪᠠᠶᠢᠭᠤᠯᠤᠯ ᠤᠨ ᠬᠦᠴᠦ ᠪᠠᠨ ᠲᠦᠪᠯᠡᠷᠡᠬᠦᠯᠦᠨ ᠲᠤᠮᠤ ᠶᠠᠪᠤᠳᠠᠯ ᠬᠢᠬᠦ ᠤᠯᠤᠰ ᠲᠦᠷᠦ ᠶᠢᠨ ᠲᠠᠪᠠᠭᠤᠯᠢᠭ ᠢ ᠬᠦᠢᠴᠡᠳ ᠪᠠᠳᠠᠷᠠᠭᠤᠯᠵᠦ᠂ ᠦᠭᠡᠷᠡᠴᠢᠯᠡᠯᠳᠠ ᠨᠡᠭᠡᠭᠡᠯᠳᠠ ᠬᠢᠭᠰᠡᠨ 40 ᠵᠢᠯ ᠤᠨ ᠲᠤᠷᠰᠢ ᠬᠤᠷᠠᠮᠳᠤᠭᠤᠯᠤᠭᠰᠠᠨ ᠪᠠᠳᠤ ᠪᠠᠬᠢ ᠪᠤᠳᠠᠰ ᠤᠨ ᠰᠠᠭᠤᠷᠢ ᠶᠢ ᠬᠦᠢᠴᠡᠳ ᠠᠰᠢᠬᠯᠠᠵᠦ᠂ ᠡᠷᠴᠢᠮ ᠢᠶᠠᠨ ᠴᠢᠩᠭᠠᠷᠠᠭᠤᠯᠵᠤ ᠪᠠᠶᠢᠭᠠᠳ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠠᠬᠢᠭᠤᠯᠤᠨ ᠠᠮᠢ ᠠᠬᠤᠢ ᠤᠷᠴᠢᠨ ᠲᠤᠭᠤᠷᠢᠨ ᠤ ᠠᠰᠠᠭᠤᠳᠠᠯ ᠢ ᠰᠢᠢᠳᠪᠤᠷᠢᠯᠡᠵᠦ᠂ ᠪᠤᠬᠢᠷᠳᠤᠯ ᠢ ᠰᠡᠷᠭᠡᠶᠢᠯᠡᠨ ᠵᠠᠰᠠᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠡᠷᠡᠰ ᠪᠠᠳᠤ ᠰᠠᠶᠢᠳᠤᠷ ᠬᠢᠵᠦ᠂ ᠮᠠᠨ ᠤ ᠤᠯᠤᠰ ᠤᠨ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ ᠰᠢᠨ᠎ᠠ ᠳᠡᠭᠳᠡᠷ ᠲᠤ ᠭᠠᠷᠬᠤ ᠶᠢ ᠠᠬᠢᠭᠤᠯᠬᠤ ᠭᠡᠷᠡᠭᠲᠡᠢ ᠭᠡᠵᠦ ᠴᠢᠬᠤᠯᠠᠴᠢᠯᠠᠪᠠ᠃    5 ᠰᠠᠷ᠎ᠠ ᠶᠢᠨ 18 ᠤ ᠡᠳᠤᠷ ᠠᠴᠠ 19 ᠤ ᠡᠳᠤᠷ ᠪᠤᠯᠳᠠᠯ᠎ᠠ᠂ ᠪᠦᠬᠦ ᠤᠯᠤᠰ ᠤᠨ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠶᠡᠭᠡ ᠬᠤᠷᠠᠯ ᠪᠡᠬᠡᠵᠢᠩ ᠳᠤ ᠬᠤᠷᠠᠯᠳᠤᠪᠠ᠃ ᠨᠠᠮ ᠤᠨ ᠲᠦᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠠᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠠᠷᠢᠬᠦᠯᠡᠭᠴᠢ ᠰᠢ ᠶᠢᠨ ᠫᠢᠩ ᠶᠡᠭᠡ ᠬᠤᠷᠠᠯ ᠳᠤ ᠤᠷᠤᠯᠴᠠᠭᠰᠠᠨ ᠪᠦᠬᠡᠳ ᠴᠢᠬᠤᠯᠠ ᠶᠠᠷᠢᠶ᠎ᠠ ᠲᠠᠯᠪᠢᠵᠠᠢ᠃    ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠪᠠᠶᠢᠩᠭᠤ ᠶᠢᠨ ᠭᠡᠰᠢᠬᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠭᠡᠢ ᠰᠠᠶᠢᠳ ᠯᠢ ᠺᠧ ᠴᠢᠶᠠᠩ ᠬᠤᠷᠠᠯ ᠳᠡᠭᠡᠷ᠎ᠠ ᠶᠠᠷᠢᠶ᠎ᠠ ᠲᠠᠯᠪᠢᠵᠠᠢ᠃ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠪᠠᠶᠢᠩᠭᠤ ᠶᠢᠨ ᠭᠡᠰᠢᠬᠦᠨ᠂ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠲᠡᠷᠢᠬᠦᠯᠡᠭᠴᠢ ᠸᠠᠩ ᠶᠠᠩ᠂ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠪᠠᠶᠢᠩᠭᠤ ᠶᠢᠨ ᠭᠡᠰᠢᠬᠦᠨ᠂ ᠲᠦᠪ ᠤᠨ ᠱᠦᠵᠢ ᠨᠠᠷ ᠤᠨ ᠭᠠᠵᠠᠷ ᠤᠨ ᠱᠦᠵᠢ ᠸᠠᠩ ᠬᠤ᠋ ᠨᠢᠩ᠂ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠪᠠᠶᠢᠩᠭᠤ ᠶᠢᠨ ᠭᠡᠰᠢᠬᠦᠨ᠂ ᠲᠦᠪ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠱᠦᠵᠢ ᠵᠤᠤ ᠯᠧ ᠵᠢᠢ ᠬᠤᠷᠠᠯ ᠳᠤ ᠤᠷᠤᠯᠴᠠᠪᠠ᠃ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠪᠠᠶᠢᠩᠭᠤ ᠶᠢᠨ ᠭᠡᠰᠢᠬᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠭᠡᠢ ᠰᠠᠶᠢᠳ ᠬᠠᠨ ᠵᠧᠩ ᠳ᠋ᠦᠩᠨᠡᠯᠳᠠ ᠶᠢᠨ ᠶᠠᠷᠢᠶ᠎ᠠ ᠲᠠᠯᠪᠢᠵᠠᠢ᠃    ᠰᠢ ᠶᠢᠨ ᠫᠢᠩ ᠶᠠᠷᠢᠶᠠᠨ ᠳᠠᠭᠠᠨ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠪᠤᠯ ᠳᠤᠮᠳᠠᠳᠤ ᠶᠢᠨ ᠦᠨᠳᠦᠰᠦᠳᠡᠨ ᠤ ᠡᠬᠦᠷᠢᠳᠠ ᠶᠢᠨ ᠦᠷᠬᠦᠯᠵᠢᠯᠡᠬᠦ ᠬᠦᠭᠵᠢᠯᠳᠠ ᠳᠤ ᠬᠤᠯᠪᠤᠭᠳᠠᠬᠤ ᠦᠨᠳᠦᠰᠦᠨ ᠶᠡᠭᠡ ᠪᠤᠳᠤᠯᠭ᠎ᠠ ᠮᠦᠨ᠃ ᠳᠤᠮᠳᠠᠳᠤ ᠶᠢᠨ ᠦᠨᠳᠦᠰᠦᠳᠡᠨ ᠢᠮᠠᠬᠳᠠ ᠪᠠᠶᠢᠭᠠᠯᠢ ᠶᠢ ᠬᠦᠨᠳᠦᠳᠭᠡᠨ ᠪᠠᠶᠢᠭᠠᠯᠢ ᠶᠢ ᠬᠠᠶᠢᠷᠠᠯᠠᠭᠰᠠᠭᠠᠷ ᠢᠷᠡᠵᠦ᠂ 5000 ᠭᠠᠷᠤᠢ ᠵᠢᠯ ᠦᠷᠭᠦᠯᠵᠢᠯᠡᠭᠰᠡᠨ ᠳᠤᠮᠳᠠᠳᠤ ᠶᠢᠨ ᠪᠤᠯᠪᠠᠰᠤᠨ ᠡᠯᠪᠡᠭ ᠪᠠᠶᠠᠯᠢᠭ ᠠᠮᠢ ᠠᠬᠤᠢ ᠶᠢᠨ ᠰᠤᠶᠤᠯ ᠢ ᠪᠤᠶᠢᠵᠢᠭᠤᠯᠵᠠᠢ᠃ ᠠᠮᠢ ᠠᠬᠤᠢ ᠮᠠᠨᠳᠤᠪᠠᠰᠤ ᠪᠤᠯᠪᠠᠰᠤᠨ ᠮᠠᠨᠳᠤᠵᠦ᠂ ᠠᠮᠢ ᠠᠬᠤᠢ ᠮᠠᠭᠤᠳᠠᠪᠠᠰᠤ ᠪᠤᠯᠪᠠᠰᠤᠨ ᠮᠠᠭᠤᠳᠠᠨ᠎ᠠ᠃ ᠨᠠᠮ ᠤᠨ ᠠᠷᠪᠡᠨ ᠨᠠᠶᠢᠮᠠᠳᠤᠭᠠᠷ ᠶᠡᠭᠡ ᠬᠤᠷᠠᠯ ᠠᠴᠠ ᠨᠠᠰᠢ᠂ ᠪᠢᠳᠠ ᠠᠯᠢ ᠤᠯᠠᠨ ᠦᠨᠳᠦᠰᠦᠨ ᠴᠢᠨᠠᠷᠳᠠᠢ᠂ ᠪᠦᠳᠦᠭᠡᠯᠴᠢ ᠴᠢᠨᠠᠷᠳᠠᠢ᠂ ᠠᠯᠤᠰ ᠬᠡᠳᠤ ᠶᠢᠨ ᠴᠢᠨᠠᠷᠳᠠᠢ ᠠᠵᠢᠯ ᠢ ᠦᠷᠨᠢᠬᠦᠯᠵᠦ᠂ ᠠᠮᠢ ᠠᠬᠤᠢ ᠶᠢᠨ ᠪᠤᠯᠪᠠᠰᠤᠨ ᠤ ᠦᠵᠦ ᠲᠦᠯᠦᠪᠯᠡᠭᠡ ᠪᠠ ᠲᠦᠷᠢᠮ ᠤᠨ ᠰᠢᠰᠲ᠋ᠧᠮ ᠤᠨ ᠪᠠᠶᠢᠭᠤᠯᠤᠯᠳᠠ ᠶᠢ ᠲᠦᠷᠭᠡᠳᠭᠡᠨ ᠠᠬᠢᠭᠤᠯᠵᠦ᠂ ᠬᠠᠤᠯᠢᠵᠢᠯ ᠤᠨ ᠪᠠᠶᠢᠭᠤᠯᠤᠯᠳᠠ ᠶᠢ ᠴᠢᠩᠭᠠᠳᠬᠠᠨ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠱᠠᠯᠠᠪᠳᠠᠭᠤᠯᠤᠨ ᠪᠠᠶᠢᠴᠠᠭᠠᠬᠤ ᠲᠦᠷᠢᠮ ᠢ ᠪᠠᠶᠢᠭᠤᠯᠤᠨ ᠭᠡᠷᠡᠭᠵᠢᠬᠦᠯᠵᠦ᠂ ᠪᠤᠬᠢᠷᠳᠤᠯ ᠦᠭᠡᠢ ᠬᠦᠭᠵᠢᠯᠳᠠ ᠶᠢ ᠶᠡᠭᠡᠪᠡᠷ ᠠᠬᠢᠭᠤᠯᠤᠨ ᠠᠭᠠᠷ ᠮᠠᠨᠳᠠᠯ᠂ ᠤᠰᠤ᠂ ᠬᠦᠷᠦᠰᠦ ᠰᠢᠷᠤᠢ ᠶᠢᠨ ᠪᠤᠬᠢᠷᠳᠤᠯ ᠢ ᠰᠡᠷᠭᠡᠶᠢᠯᠡᠨ ᠵᠠᠰᠠᠬᠤ ᠭᠤᠷᠪᠡᠨ ᠶᠡᠭᠡ ᠠᠵᠢᠯᠯᠠᠭᠠᠨ ᠤ ᠲᠦᠯᠦᠪᠯᠡᠭᠡ ᠶᠢ ᠬᠦᠨᠵᠡᠭᠡᠢ ᠭᠡᠷᠡᠭᠵᠢᠬᠦᠯᠵᠦ᠂ ︽ᠳᠤᠮᠳᠠᠳᠤ ᠤᠯᠤᠰ ᠤᠨ 2030 ᠤᠨ ᠤ ᠦᠷᠬᠦᠯᠵᠢᠯᠡᠬᠦ ᠬᠦᠭᠵᠢᠯᠳᠠ ᠶᠢᠨ ᠵᠦᠪᠯᠡᠬᠦ ᠵᠦᠢᠯ ᠢ ᠨᠠᠶᠢᠳᠠᠪᠤᠷᠢᠵᠢᠭᠤᠯᠬᠤ ᠤᠯᠤᠰ ᠤᠨ ᠢᠯᠭᠠᠯ ᠤᠨ ᠲᠦᠰᠦᠯ︾ ᠢ ᠡᠩ ᠲᠡᠷᠢᠬᠦᠨ ᠳᠤ ᠨᠡᠶᠢᠳᠡᠯᠡᠵᠦ᠂ ︽ᠤᠯᠤᠰ ᠤᠨ ᠠᠭᠤᠷ ᠠᠮᠢᠰᠬᠤᠯ ᠤᠨ ᠬᠤᠪᠢᠷᠠᠯᠳᠠ ᠶᠢ ᠠᠷᠭᠠᠴᠠᠬᠤ ᠲᠦᠯᠦᠪᠵᠢᠬᠦᠯᠭᠡ ︵2014 — 2020 ᠤᠨ︶︾ ᠶᠢ ᠭᠡᠷᠡᠭᠵᠢᠬᠦᠯᠵᠦ᠂ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠳᠤ ᠲᠡᠦᠭᠡᠳᠦ ᠴᠢᠨᠠᠷᠳᠠᠢ᠂ ᠡᠷᠬᠢᠯᠳᠠ ᠶᠢᠨ ᠴᠢᠨᠠᠷᠳᠠᠢ᠂ ᠪᠦᠬᠦ ᠲᠠᠯ᠎ᠠ ᠶᠢᠨ ᠴᠢᠨᠠᠷᠳᠠᠢ ᠬᠤᠪᠢᠷᠠᠯᠳᠠ ᠭᠠᠷᠬᠤ ᠶᠢ ᠠᠬᠢᠭᠤᠯᠪᠠ ᠭᠡᠵᠦ ᠴᠢᠬᠤᠯᠠᠴᠢᠯᠠᠪᠠ᠃     ᠰᠢ ᠶᠢᠨ ᠫᠢᠩ᠂ ᠶᠡᠷᠦᠩᠭᠡᠢ ᠳᠤᠨᠢ ᠠᠪᠴᠦ ᠦᠵᠡᠪᠡᠯ᠂ ᠮᠠᠨ ᠤ ᠤᠯᠤᠰ ᠤᠨ ᠠᠮᠢ ᠠᠬᠤᠢ ᠤᠷᠴᠢᠨ ᠲᠤᠭᠤᠷᠢᠨ ᠤ ᠶᠠᠰᠤ ᠴᠢᠨᠠᠷ ᠦᠷᠬᠦᠯᠵᠢᠯᠡᠨ ᠰᠠᠶᠢᠵᠢᠷᠠᠵᠦ᠂ ᠲᠤᠭᠳᠠᠭᠤᠨ ᠤ ᠳᠤᠮᠳᠠ ᠰᠠᠶᠢᠵᠢᠷᠠᠬᠤ ᠬᠠᠨᠳᠤᠰᠢ ᠲᠠᠢ ᠪᠤᠯᠤᠭᠰᠠᠨ ᠪᠤᠯᠪᠠᠴᠦ ᠦᠷ᠎ᠠ ᠪᠦᠳᠦᠮᠵᠢ ᠬᠠᠷᠠᠬᠠᠨ ᠳᠤᠭᠳᠠᠪᠤᠷᠢ ᠦᠭᠡᠢ ᠪᠠᠶᠢᠭᠰᠠᠭᠠᠷ᠃ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠵᠠᠭ ᠳᠠᠷᠤᠯᠳᠠ ᠲᠠᠪᠬᠤᠴᠠᠬᠤ᠂ ᠬᠦᠨᠳᠦ ᠡᠬᠦᠷᠭᠡ ᠲᠠᠢ ᠪᠠᠷ ᠤᠷᠤᠬᠰᠢᠯᠠᠬᠤ ᠵᠠᠩᠬᠢᠯᠠᠭ᠎ᠠ ᠶᠢᠨ ᠬᠤᠭᠤᠴᠠᠭᠠᠨ ᠳᠤ ᠤᠷᠤᠰᠢᠵᠦ᠂ ᠨᠡᠩ ᠤᠯᠠᠨ ᠰᠢᠯᠢᠳᠡᠭ ᠶᠠᠰᠤ ᠴᠢᠨᠠᠷ ᠲᠠᠢ ᠠᠮᠢ ᠠᠬᠤᠢ ᠶᠢᠨ ᠪᠦᠳᠦᠭᠡᠭᠳᠡᠬᠦᠨ ᠢ ᠬᠠᠩᠭᠠᠬᠤ ᠶᠢᠨ ᠤᠯᠠᠮ ᠢᠶᠠᠷ ᠠᠷᠠᠳ ᠲᠦᠮᠡᠨ ᠤ ᠡᠳᠦᠷ ᠢᠷᠡᠬᠦᠶ᠎ᠠ ᠨᠡᠮᠡᠭᠳᠡᠵᠦ ᠪᠠᠶᠢᠬᠤ ᠰᠠᠶᠢᠨ ᠰᠠᠶᠢᠬᠠᠨ ᠠᠮᠢ ᠠᠬᠤᠢ ᠤᠷᠴᠢᠨ ᠲᠤᠭᠤᠷᠢᠨ ᠤ ᠭᠡᠷᠡᠭᠴᠡᠭᠡ ᠶᠢ ᠬᠠᠩᠭᠠᠬᠤ ᠪᠤᠭᠤᠮᠳᠠ ᠰᠢᠪᠳᠤᠯᠬᠤ ᠬᠤᠭᠤᠴᠠᠭᠠᠨ ᠳᠤ ᠤᠷᠤᠬᠰᠠᠨ ᠪᠦᠭᠡᠳ ᠪᠠᠰᠠ ᠠᠮᠢ ᠠᠬᠤᠢ ᠤᠷᠴᠢᠨ ᠲᠤᠭᠤᠷᠢᠨ ᠤ ᠲᠤᠪᠤᠶᠢᠮ᠎ᠠ ᠠᠰᠠᠭᠤᠳᠠᠯ ᠢ ᠰᠢᠢᠳᠪᠤᠷᠢᠯᠡᠬᠦ ᠨᠦᠬᠦᠴᠡᠯ ᠲᠠᠢ ᠮᠦᠷᠳᠡᠭᠡᠨ ᠴᠢᠳᠠᠪᠤᠷᠢ ᠲᠠᠢ ᠪᠤᠯᠤᠭᠰᠠᠨ ᠴᠤᠩᠬᠤᠪᠴᠢ ᠶᠢᠨ ᠬᠤᠭᠤᠴᠠᠭᠠᠨ ᠳᠤ ᠤᠷᠤᠵᠠᠢ᠃ ᠮᠠᠨ ᠤ ᠤᠯᠤᠰ ᠤᠨ ᠠᠵᠤ ᠠᠬᠤᠢ ᠨᠢᠭᠡᠨᠳᠡ ᠳᠡᠭᠡᠳᠦ ᠬᠤᠷᠳᠤᠴᠠ ᠪᠠᠷ ᠨᠡᠮᠡᠭᠳᠡᠬᠦ ᠱᠠᠳᠤᠨ ᠠᠴᠠ ᠴᠢᠨᠠᠷ ᠰᠠᠶᠢᠳᠠᠢ ᠬᠦᠭᠵᠢᠯᠳᠠ ᠶᠢᠨ ᠱᠠᠳᠤ ᠲᠡᠰᠢ ᠰᠢᠯᠵᠢᠵᠦ᠂ ᠨᠢᠭᠡ ᠪᠦᠯᠦᠭ ᠪᠠᠶᠢᠩᠭᠤ ᠶᠢᠨ ᠴᠢᠨᠠᠷᠳᠠᠢ ᠪᠠ ᠪᠠᠶᠢᠩᠭᠤ ᠶᠢᠨ ᠪᠤᠰᠤ ᠴᠢᠨᠠᠷᠳᠠᠢ ᠪᠤᠭᠤᠮᠳᠠ ᠶᠢ ᠲᠠᠪᠠᠭ᠋ᠤ ᠴᠢᠬᠤᠯᠠᠳᠠᠢ ᠪᠠᠶᠢᠨ᠎ᠠ᠃ ᠪᠢᠳᠠ ᠡᠷᠭᠡᠪᠰᠢ ᠰᠢᠳᠤ ᠪᠠᠨ ᠴᠢᠩᠭ᠎ᠠ ᠵᠠᠭᠤᠵᠤ᠂ ᠡᠨᠡᠬᠦ ᠲᠠᠪᠠᠭ᠎ᠠ ᠶᠢ ᠳᠠᠪᠠᠵᠦ ᠡᠨᠡᠬᠦ ᠪᠤᠭᠤᠮᠳᠠ ᠪᠠᠷ ᠦᠩᠭᠡᠷᠡᠬᠦ ᠭᠡᠷᠡᠭᠲᠡᠢ ᠭᠡᠵᠦ ᠵᠢᠭᠠᠵᠦ ᠭᠠᠷᠭᠠᠪᠠ᠃    ᠰᠢ ᠶᠢᠨ ᠫᠢᠩ᠂ ᠠᠮᠢ ᠠᠬᠤᠢ ᠤᠷᠴᠢᠨ ᠲᠤᠭᠤᠷᠢᠨ ᠪᠤᠯ ᠨᠠᠮ ᠤᠨ ᠡᠭᠦᠷᠭᠡ ᠬᠠᠷᠢᠭᠤᠴᠠᠯᠭ᠎ᠠ ᠵᠤᠷᠢᠯᠳᠠ ᠲᠠᠢ ᠬᠤᠯᠪᠤᠭᠳᠠᠬᠤ ᠴᠢᠬᠤᠯᠠ ᠶᠡᠭᠡ ᠤᠯᠤᠰ ᠲᠦᠷᠦ ᠶᠢᠨ ᠠᠰᠠᠭᠤᠳᠠᠯ ᠪᠤᠯᠤᠨ᠎ᠠ᠂ ᠮᠦᠨᠴᠤ ᠠᠷᠠᠳ ᠤᠨ ᠠᠮᠢᠳᠤᠷᠠᠯ ᠲᠠᠢ ᠬᠤᠯᠪᠤᠭᠳᠠᠬᠤ ᠴᠢᠬᠤᠯᠠ ᠶᠡᠭᠡ ᠨᠡᠶᠢᠭᠡᠮ ᠤᠨ ᠠᠰᠠᠭᠤᠳᠠᠯ ᠪᠤᠯᠤᠨ᠎ᠠ᠃ ᠦᠷᠭᠡᠨ ᠤᠯᠠᠨ ᠠᠷᠠᠳ ᠲᠦᠮᠡᠨ ᠠᠮᠢ ᠠᠬᠤᠢ ᠤᠷᠴᠢᠨ ᠲᠤᠭᠤᠷᠢᠨ ᠤ ᠶᠠᠰᠤ ᠴᠢᠨᠠᠷ ᠢ ᠲᠦᠷᠭᠡᠳᠬᠡᠨ ᠳᠡᠭᠡᠭᠰᠢᠯᠡᠬᠦᠯᠬᠦ ᠶᠢ ᠬᠠᠯᠠᠭᠤᠨ ᠢᠶᠠᠷ ᠬᠦᠰᠡᠵᠤ ᠪᠠᠶᠢᠨ᠎ᠠ ᠃ ᠪᠢᠳᠡ ᠠᠷᠠᠳ ᠲᠦᠮᠡᠨ ᠤ ᠪᠤᠳᠤᠯ ᠬᠦᠰᠡᠯ᠂ ᠪᠠᠴᠢᠮ ᠱᠠᠭᠠᠷᠳᠠᠯᠭ᠎ᠠ ᠳᠤ ᠢᠳᠡᠪᠬᠢᠳᠠᠢ ᠬᠠᠷᠢᠭᠤᠯᠳᠠ ᠦᠭᠴᠤ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠶᠡᠬᠡᠪᠡᠷ ᠠᠬᠢᠭᠤᠯᠵᠤ᠂ ᠨᠡᠩ ᠤᠯᠠᠨ ᠴᠢᠨᠠᠷ ᠰᠠᠶᠢᠳᠠᠢ ᠠᠮᠢ ᠠᠬᠤᠢ ᠶᠢᠨ ᠪᠦᠲᠦᠭᠡᠭᠳᠡᠭᠦᠨ ᠢ ᠬᠠᠩᠭᠠᠵᠤ᠂ ᠠᠷᠠᠳ ᠲᠦᠮᠡᠨ ᠤ ᠡᠳᠦᠷ ᠢᠷᠡᠬᠦᠶ᠎ᠠ ᠨᠡᠮᠡᠭᠳᠡᠵᠤ ᠪᠠᠶᠢᠭ᠎ᠠ ᠰᠠᠶᠢᠨ ᠰᠠᠶᠢᠬᠠᠨ ᠠᠮᠢ ᠠᠬᠤᠢ ᠤᠷᠴᠢᠨ ᠲᠤᠭᠤᠷᠢᠨ ᠤ ᠲᠤᠬᠠᠢ ᠬᠡᠷᠡᠭᠴᠡᠭᠡ ᠶᠢ ᠲᠠᠰᠤᠷᠠᠯᠳᠠ ᠦᠭᠡᠢ ᠬᠠᠩᠭᠠᠬᠤ ᠬᠡᠷᠡᠭᠲᠠᠢ ᠭᠡᠵᠤ ᠴᠢᠬᠤᠯᠠᠴᠢᠯᠠᠵᠠᠢ᠃    ᠰᠢ ᠶᠢᠨ ᠫᠢᠩ᠂ ᠰᠢᠨ᠎ᠠ ᠴᠠᠭ ᠦᠶ᠎ᠠ ᠳᠤ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠠᠬᠢᠭᠤᠯᠬᠤ ᠳᠤ ᠡᠷᠬᠡᠪᠰᠢ ᠳᠤᠤᠷᠠᠬᠢ ᠵᠠᠷᠴᠢᠮ ᠢ ᠰᠠᠶᠢᠳᠦᠷ ᠪᠠᠷᠢᠮᠳᠠᠯᠠᠬᠤ ᠬᠡᠷᠡᠭᠳᠠᠢ᠃ ᠨᠢᠭᠡ ᠳᠤ᠂ ᠬᠦᠮᠦᠨ ᠬᠢᠬᠡᠳ ᠪᠠᠶᠢᠭᠠᠯᠢ ᠶᠢᠨ ᠡᠶ᠎ᠡ ᠵᠤᠬᠢᠴᠠᠩᠭᠤᠢ ᠪᠠᠷ ᠵᠡᠷᠭᠡᠴᠡᠨ ᠤᠷᠤᠰᠢᠬᠤ ᠶᠢ ᠪᠠᠷᠢᠮᠳᠠᠯᠠᠵᠤ᠂ ᠠᠷᠪᠢᠯᠠᠵᠤ ᠭᠠᠮᠨᠠᠬᠤ ᠶᠢ ᠲᠡᠷᠢᠭᠦᠨ ᠳᠤ ᠲᠠᠯᠪᠢᠬᠤ ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠪᠠᠶᠢᠭᠠᠯᠢᠯᠢᠭ ᠰᠡᠷᠬᠦᠬᠡᠯᠳᠡ ᠪᠠᠷ ᠭᠤᠤᠯ ᠪᠤᠯᠭᠠᠬᠤ ᠴᠢᠭᠯᠡᠯᠳᠡ ᠶᠢ ᠪᠠᠷᠢᠮᠳᠠᠯᠠᠵᠤ᠂ ᠨᠢᠳᠤᠨ ᠴᠡᠴᠡᠭᠡᠢ ᠪᠠᠨ ᠬᠠᠮᠠᠭᠠᠯᠠᠬᠤ ᠲᠠᠢ ᠠᠳᠠᠯᠢ ᠪᠠᠷ ᠠᠮᠢ ᠠᠬᠤᠢ ᠤᠷᠴᠢᠨ ᠲᠤᠭᠤᠷᠢᠨ ᠢ ᠬᠠᠮᠠᠭᠠᠯᠠᠵᠤ᠂ ᠠᠮᠢ ᠨᠠᠰᠤᠨ ᠳᠠᠭᠠᠨ ᠬᠠᠨᠳᠤᠬᠤ ᠲᠠᠢ ᠠᠳᠠᠯᠢ ᠪᠠᠷ ᠠᠮᠢ ᠠᠬᠤᠢ ᠤᠷᠴᠢᠨ ᠲᠤᠭᠤᠷᠢᠨ ᠳᠤ ᠬᠠᠨᠳᠤᠵᠤ᠂ ᠪᠠᠶᠢᠭᠠᠯᠢ ᠶᠢᠨ ᠠᠮᠢ ᠠᠬᠤᠢ ᠶᠢᠨ ᠦᠵᠡᠰᠭᠦᠯᠡᠩᠳᠦ ᠰᠠᠶᠢᠬᠠᠨ ᠦᠩᠭᠡ ᠦᠵᠡᠮᠵᠢ ᠶᠢ ᠬᠦᠮᠦᠨ ᠤ ᠶᠢᠷᠳᠢᠨᠴᠤ ᠳᠤ ᠡᠭᠦᠷᠢᠳᠡ ᠦᠯᠡᠳᠡᠭᠡᠵᠤ᠂ ᠡᠬᠡ ᠪᠠᠶᠢᠭᠠᠯᠢ ᠳᠤ ᠨᠠᠮ ᠰᠡᠯᠡᠭᠦᠨ᠂ ᠡᠶ᠎ᠡ ᠵᠤᠬᠢᠴᠠᠩᠭᠤᠢ᠂ ᠦᠵᠡᠰᠭᠦᠯᠡᠩᠳᠤ ᠰᠠᠶᠢᠬᠠᠨ ᠢ ᠪᠤᠴᠠᠭᠠᠵᠤ ᠦᠭᠬᠦ ᠬᠡᠷᠡᠭᠲᠠᠢ᠃ ᠬᠤᠶᠠᠷ ᠲᠤ᠂ ᠬᠦᠬᠡᠮᠳᠦᠭ ᠨᠤᠭᠤᠭᠠᠨ ᠠᠭᠤᠯᠠ ᠤᠰᠤ ᠪᠤᠯ ᠠᠯᠳᠠ ᠮᠦᠩᠭᠦᠨ ᠠᠭᠤᠯᠠ ᠮᠦᠨ᠂ ᠰᠢᠨ᠎ᠠ ᠶᠢ ᠡᠭᠦᠳᠬᠦ᠂ ᠵᠤᠬᠢᠴᠠᠩᠭᠤᠢ᠂ ᠪᠤᠬᠢᠷᠳᠤᠯ ᠦᠭᠡᠢ᠂ ᠨᠡᠬᠡᠬᠡᠯᠳᠡᠳᠤ᠂ ᠬᠠᠮᠳᠤᠪᠡᠷ ᠡᠳ᠋ᠯᠡᠬᠦ ᠬᠦᠭᠵᠢᠯᠳᠡ ᠶᠢᠨ ᠤᠶᠢᠢᠯᠠᠭᠠᠭᠳᠠᠬᠤᠨ ᠢ ᠲᠤᠤᠱᠯᠠᠭᠤᠯᠵᠤ᠂ ᠡᠬᠢ ᠪᠠᠶᠠᠯᠢᠭ ᠢ ᠠᠷᠪᠢᠯᠠᠬᠤ ᠪᠤᠯᠤᠨ ᠤᠷᠴᠢᠨ ᠲᠤᠭᠤᠷᠢᠨ ᠢ ᠬᠠᠮᠠᠭᠠᠯᠠᠬᠤ ᠤᠷᠤᠨ ᠵᠠᠢ ᠶᠢᠨ ᠪᠠᠶᠢᠷᠢᠰᠢᠯ᠂ ᠠᠵᠤ ᠦᠢᠯᠡᠰ ᠤᠨ ᠪᠦᠲᠦᠴᠡ᠂ ᠦᠢᠯᠡᠳᠪᠦᠷᠢᠯᠡᠯ ᠤᠨ ᠠᠷᠭ᠎ᠠ ᠬᠡᠯᠪᠡᠷᠢ ᠶᠢ ᠲᠦᠷᠭᠡᠳᠬᠡᠨ ᠪᠦᠷᠢᠯᠳᠦᠭᠦᠯᠵᠤ᠂ ᠪᠠᠶᠢᠭᠠᠯᠢ ᠶᠢᠨ ᠠᠮᠢ ᠠᠬᠤᠢ ᠳᠤ ᠠᠮᠠᠷᠠᠨ ᠰᠡᠷᠭᠦᠬᠦ ᠴᠠᠭ ᠬᠤᠭᠤᠴᠠᠭ᠎ᠠ ᠪᠠ ᠤᠷᠤᠨ ᠵᠠᠢ ᠦᠯᠡᠳᠡᠭᠡᠵᠤ ᠦᠭᠬᠦ ᠬᠡᠷᠡᠭᠳᠠᠢ᠃ ᠭᠤᠷᠪᠠ ᠳᠤ᠂ ᠰᠠᠶᠢᠨ ᠰᠠᠶᠢᠬᠠᠨ ᠠᠮᠢ ᠠᠬᠤᠢ ᠤᠷᠴᠢᠨ ᠲᠤᠭᠤᠷᠢᠨ ᠪᠤᠯ ᠬᠠᠮᠤᠭ ᠤᠨ ᠲᠦᠭᠡᠮᠡᠯ ᠬᠠᠷᠠᠭᠠᠯᠵᠠᠳᠤ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠮᠦᠨ᠂ ᠠᠮᠢ ᠠᠬᠤᠢ ᠪᠠᠷ ᠠᠷᠠᠳ ᠤᠨ ᠠᠮᠢᠳᠤᠷᠠᠯ ᠢ ᠬᠠᠷᠠᠭᠠᠯᠵᠠᠬᠤ᠂ ᠠᠮᠢ ᠠᠬᠤᠢ ᠪᠠᠷ ᠠᠷᠠᠳ ᠲᠤ ᠠᠰᠢᠭ ᠬᠦᠷᠳᠡᠭᠡᠬᠦ᠂ ᠠᠮᠢ ᠠᠬᠤᠢ ᠪᠠᠷ ᠠᠷᠠᠳ ᠲᠤ ᠦᠢᠯᠡᠴᠢᠯᠡᠬᠦ ᠶᠢ ᠪᠠᠷᠢᠮᠳᠠᠯᠠᠵᠤ᠂ ᠤᠯᠠᠨ ᠲᠦᠮᠡᠨ ᠤ ᠡᠷᠡᠭᠦᠯ ᠮᠡᠨᠳᠦ ᠶᠢ ᠬᠤᠬᠢᠷᠠᠭᠤᠯᠵᠤ ᠪᠠᠶᠢᠭ᠎ᠠ ᠤᠷᠴᠢᠨ ᠲᠤᠭᠤᠷᠢᠨ ᠤ ᠳᠤᠪᠤᠶᠢᠮ᠎ᠠ ᠠᠰᠠᠭᠤᠳᠠᠯ ᠢ ᠭᠤᠤᠯᠳᠠᠯᠭ᠎ᠠ ᠲᠠᠢ ᠰᠢᠢᠳᠪᠦᠷᠢᠯᠡᠵᠤ᠂ ᠠᠷᠠᠳ ᠲᠦᠮᠡᠨ ᠤ ᠡᠳᠦᠷ ᠢᠷᠡᠬᠦᠶ᠎ᠠ ᠨᠡᠮᠡᠭᠳᠡᠵᠤ ᠪᠠᠶᠢᠭ᠎ᠠ ᠰᠠᠶᠢᠨ ᠰᠠᠶᠢᠬᠠᠨ ᠤᠷᠴᠢᠨ ᠲᠤᠭᠤᠷᠢᠨ ᠤ ᠲᠤᠬᠠᠢ ᠬᠡᠷᠡᠭᠴᠡᠭᠡ ᠶᠢ ᠲᠠᠰᠤᠷᠠᠯᠳᠠ ᠦᠭᠡᠢ ᠬᠠᠩᠭᠠᠬᠤ ᠬᠡᠷᠡᠭᠳᠠᠢ᠃ ᠳᠦᠷᠪᠡ ᠳᠤ᠂ ᠠᠭᠤᠯᠠ ᠤᠰᠤ ᠤᠢ ᠮᠤᠳᠤ ᠭᠠᠵᠠᠷ ᠲᠠᠷᠢᠶ᠎ᠠ ᠨᠠᠭᠤᠷ ᠪᠦᠷᠢᠳᠤ ᠨᠤᠲᠤᠭ ᠪᠡᠯᠴᠢᠬᠡᠷ ᠪᠤᠯ ᠠᠮᠢ ᠨᠠᠰᠤᠨ ᠤ ᠬᠠᠮᠳᠤ ᠶᠢᠨ ᠴᠤᠭᠴᠠ ᠮᠦᠨ᠂ ᠨᠢᠭᠡᠳᠦᠯᠳᠠᠢ ᠲᠦᠯᠦᠪᠵᠢᠭᠦᠯᠦᠨ ᠪᠦᠭᠦᠳᠡ ᠶᠢ ᠬᠠᠷᠠᠭᠠᠯᠵᠠᠵᠤ᠂ ᠪᠦᠬᠦᠯᠢ ᠴᠤᠭᠴᠠ ᠠᠴᠠ ᠠᠷᠭ᠎ᠠ ᠪᠤᠳᠤᠯᠭ᠎ᠠ ᠬᠡᠷᠡᠭᠵᠢᠭᠦᠯᠵᠤ᠂ ᠤᠯᠠᠨ ᠠᠷᠭ᠎ᠠ ᠬᠡᠮᠵᠢᠶ᠎ᠠ ᠶᠢ ᠵᠡᠷᠭᠡᠪᠡᠷ ᠬᠡᠷᠡᠭᠯᠡᠨ ᠪᠦᠬᠦ ᠲᠠᠯ᠎ᠠ ᠪᠠᠷ᠂ ᠪᠦᠬᠦ ᠤᠷᠤᠨ ᠪᠦᠰᠡ ᠪᠠᠷ᠂ ᠪᠦᠬᠦ ᠶᠠᠪᠤᠴᠠ ᠪᠠᠷ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠦᠷᠨᠢᠭᠦᠯᠬᠦ ᠬᠡᠷᠡᠭᠲᠠᠢ᠃ ᠲᠠᠪᠤ ᠳᠤ᠂ ᠬᠠᠮᠤᠭ ᠤᠨ ᠴᠢᠩᠭ᠎ᠠ ᠳᠦᠷᠢᠮ ᠬᠠᠮᠤᠭ ᠤᠨ ᠨᠢᠮᠪᠠᠢ ᠬᠠᠤᠯᠢᠵᠢᠯ ᠢᠶᠠᠷ ᠠᠮᠢ ᠠᠬᠤᠢ ᠤᠷᠴᠢᠨ ᠲᠤᠭᠤᠷᠢᠨ ᠢ ᠬᠠᠮᠠᠭᠠᠯᠠᠵᠤ᠂ ᠳᠦᠷᠢᠮ ᠤᠨ ᠰᠢᠨ᠎ᠠ ᠶᠢ ᠡᠭᠦᠳᠬᠦ ᠪᠠᠨ ᠲᠦᠷᠭᠡᠳᠭᠡᠨ᠂ ᠳᠦᠷᠢᠮ ᠤᠨ ᠬᠡᠷᠡᠭᠵᠢᠭᠦᠯᠦᠯᠳᠡ ᠶᠢ ᠴᠢᠩᠭᠠᠳᠬᠠᠵᠤ᠂ ᠳᠦᠷᠢᠮ ᠢ ᠴᠢᠩᠭ᠎ᠠ ᠬᠠᠳᠠᠭᠤ ᠬᠢᠵᠠᠭᠠᠷᠯᠠᠯ ᠪᠤᠯᠤᠨ ᠬᠠᠯᠳᠠᠵᠤ ᠪᠤᠯᠤᠰᠢ ᠦᠭᠡᠢ ᠦᠨᠳᠦᠷ ᠬᠦᠴᠦᠳᠡᠯᠳᠤ ᠴᠠᠬᠢᠯᠭᠠᠨ ᠤᠳᠠᠰᠤ ᠪᠤᠯᠭᠠᠬᠤ ᠬᠡᠷᠡᠭᠲᠠᠢ᠃ ᠵᠢᠷᠭᠤᠭ᠎ᠠ ᠳᠤ᠂ ᠪᠦᠬᠦ ᠪᠦᠮᠪᠦᠷᠴᠡᠭ ᠤᠨ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠬᠠᠮᠳᠤᠪᠡᠷ ᠡᠷᠢᠯᠬᠢᠯᠡᠵᠤ᠂ ᠪᠦᠬᠦ ᠪᠦᠮᠪᠦᠷᠴᠡᠭ ᠤᠨ ᠤᠷᠴᠢᠨ ᠲᠤᠭᠤᠷᠢᠨ ᠤ ᠵᠠᠰᠠᠯᠳᠠ ᠳᠤ ᠭᠦᠨᠵᠡᠭᠡᠢ ᠤᠷᠤᠯᠴᠠᠨ᠂ ᠳᠡᠯᠡᠬᠡᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠪᠤᠯᠤᠨ ᠦᠷᠭᠦᠯᠵᠢᠯᠡᠬᠦ ᠬᠦᠭᠵᠢᠯᠳᠡ ᠶᠢᠨ ᠠᠰᠠᠭᠤᠳᠠᠯ ᠢ ᠰᠢᠢᠳᠪᠦᠷᠢᠯᠡᠬᠦ ᠲᠦᠰᠦᠯ ᠢ ᠪᠦᠷᠢᠯᠳᠦᠭᠦᠯᠵᠤ᠂ ᠠᠭᠤᠷ ᠠᠮᠢᠰᠬᠤᠯ ᠤᠨ ᠬᠤᠪᠢᠷᠠᠯᠳᠠ ᠶᠢ ᠠᠷᠭᠠᠴᠠᠬᠤ ᠤᠯᠠᠨ ᠤᠯᠤᠰ ᠤᠨ ᠬᠠᠮᠳᠤᠷᠠᠯᠴᠠᠭ᠎ᠠ ᠶᠢ ᠳᠠᠭᠠᠭᠤᠯᠬᠤ ᠬᠡᠷᠡᠭᠳᠠᠢ ᠭᠡᠵᠤ ᠵᠢᠭᠠᠵᠤ ᠭᠠᠷᠭᠠᠪᠠ᠃    ᠰᠢ ᠶᠢᠨ ᠫᠢᠩ᠂ ᠠᠮᠢ ᠠᠬᠤᠢ ᠶᠢᠨ ᠪᠤᠯᠪᠠᠰᠤᠨ ᠤ ᠰᠢᠰᠲ᠋ᠧᠮ ᠢ ᠪᠠᠶᠢᠭᠤᠯᠬᠤ ᠪᠠᠨ ᠲᠦᠷᠭᠡᠳᠭᠡᠵᠤ᠂ ᠠᠮᠢ ᠠᠬᠤᠢ ᠶᠢᠨ ᠦᠷᠳᠡᠭ ᠤᠨ ᠦᠵᠡᠯᠳᠡ ᠪᠠᠷ ᠪᠠᠷᠢᠮᠵᠢᠶ᠎ᠠ ᠪᠤᠯᠭᠠᠭᠰᠠᠨ ᠠᠮᠢ ᠠᠬᠤᠢ ᠶᠢᠨ ᠰᠤᠶᠤᠯ ᠤᠨ ᠰᠢᠰᠲ᠋ᠧᠮ᠂ ᠠᠵᠤ ᠦᠢᠯᠡᠰ ᠢ ᠠᠮᠢ ᠠᠬᠤᠶᠢᠢᠵᠢᠭᠤᠯᠬᠤ ᠪᠠ ᠠᠮᠢ ᠠᠬᠤᠢ ᠶᠢ ᠠᠵᠤ ᠦᠢᠯᠡᠰᠵᠢᠬᠦᠯᠬᠦ ᠪᠠᠷ ᠭᠤᠤᠯ ᠴᠤᠭᠴᠠ ᠪᠤᠯᠭᠠᠭᠰᠠᠨ ᠠᠮᠢ ᠠᠬᠤᠢ ᠶᠢᠨ ᠠᠵᠤ ᠠᠬᠤᠢ ᠶᠢᠨ ᠰᠢᠰᠲ᠋ᠧᠮ᠂ ᠠᠮᠢ ᠠᠬᠤᠢ ᠤᠷᠴᠢᠨ ᠲᠤᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ ᠪᠠᠷ ᠭᠤᠤᠯ ᠪᠤᠯᠭᠠᠭᠰᠠᠨ ᠬᠠᠷᠠᠯᠳᠠ ᠬᠠᠷᠢᠭᠤᠴᠠᠯᠭ᠎ᠠ ᠶᠢᠨ ᠰᠢᠰᠲ᠋ᠧᠮ᠂ ᠵᠠᠰᠠᠯᠳᠠ ᠶᠢᠨ ᠰᠢᠰᠲ᠋ᠧᠮ ᠪᠤᠯᠤᠨ ᠵᠠᠰᠠᠯᠳᠠ ᠶᠢᠨ ᠴᠢᠳᠠᠪᠤᠷᠢ ᠶᠢᠨ ᠤᠳᠤᠬᠢᠴᠢᠯᠠᠯᠳᠠ ᠪᠠᠷ ᠪᠠᠳᠤᠯᠠᠭ᠎ᠠ ᠪᠤᠯᠭᠠᠭᠰᠠᠨ ᠠᠮᠢ ᠠᠬᠤᠢ ᠶᠢᠨ ᠪᠤᠯᠪᠠᠰᠤᠨ ᠤ ᠳᠦᠷᠢᠮ ᠤᠨ ᠰᠢᠰᠲ᠋ᠧᠮ᠂ ᠠᠮᠢ ᠠᠬᠤᠢ ᠶᠢᠨ ᠰᠢᠰᠲ᠋ᠧᠮ ᠤᠨ ᠰᠠᠶᠢᠨ ᠤᠷᠴᠢᠯ ᠪᠤᠯᠤᠨ ᠤᠷᠴᠢᠨ ᠲᠤᠭᠤᠷᠢᠨ ᠤ ᠠᠶᠤᠯ ᠲᠦᠭᠰᠢᠭᠦᠷᠢ ᠶᠢ ᠪᠦᠲᠦᠮᠵᠢᠳᠠᠢ ᠰᠡᠷᠭᠡᠶᠢᠯᠡᠨ ᠡᠵᠡᠮᠳᠡᠬᠦ ᠪᠠᠷ ᠭᠤᠤᠯᠳᠠᠯᠭ᠎ᠠ ᠪᠤᠯᠭᠠᠭᠰᠠᠨ ᠠᠮᠢ ᠠᠬᠤᠢ ᠶᠢᠨ ᠠᠮᠤᠷ ᠲᠦᠪᠰᠢᠨ ᠤ ᠰᠢᠰᠲ᠋ᠧᠮ ᠢ ᠪᠠᠶᠢᠭᠤᠯᠵᠤ ᠪᠦᠷᠢᠨᠰᠢᠭᠦᠯᠬᠦ ᠪᠠᠨ ᠲᠦᠷᠭᠡᠳᠭᠡᠬᠦ ᠬᠡᠷᠡᠭᠳᠠᠢ᠃ ᠠᠮᠢ ᠠᠬᠤᠢ ᠶᠢᠨ ᠪᠤᠯᠪᠠᠰᠤᠨ ᠤ ᠰᠢᠰᠲ᠋ᠧᠮ ᠤᠨ ᠪᠠᠶᠢᠭᠤᠯᠤᠯᠳᠠ ᠪᠠᠨ ᠲᠦᠷᠭᠡᠳᠭᠡᠬᠦ ᠪᠠᠷ ᠲᠠᠮᠵᠢᠨ 2035 ᠤᠨ ᠪᠤᠯᠬᠤ ᠳᠤ᠂ ᠠᠮᠢ ᠠᠬᠤᠢ ᠤᠷᠴᠢᠨ ᠲᠤᠭᠤᠷᠢᠨ ᠤ ᠶᠠᠰᠤ ᠴᠢᠨᠠᠷ ᠲᠤ ᠦᠨᠳᠦᠰᠦᠨ ᠴᠢᠨᠠᠷᠳᠠᠢ ᠰᠠᠶᠢᠵᠢᠷᠠᠯᠳᠠ ᠲᠠᠢ ᠪᠤᠯᠬᠤ ᠶᠢ ᠪᠡᠶᠡᠯᠡᠭᠦᠯᠵᠤ᠂ ᠦᠵᠡᠰᠭᠦᠯᠡᠩᠳᠤ ᠰᠠᠶᠢᠬᠠᠨ ᠳᠤᠮᠳᠠᠳᠤ ᠤᠯᠤᠰ ᠢ ᠪᠦᠳᠦᠬᠡᠨ ᠪᠠᠶᠢᠭᠤᠯᠬᠤ ᠬᠠᠷᠠᠯᠳᠠ ᠶᠢ ᠦᠨᠳᠦᠰᠦᠨ ᠳᠡᠭᠡᠨ ᠪᠡᠶᠡᠯᠡᠭᠦᠯᠬᠦ ᠶᠢ ᠪᠠᠳᠤᠯᠠᠬᠤ ᠬᠡᠷᠡᠭᠳᠠᠢ᠃ ᠲᠤᠰ ᠵᠠᠭᠤᠨ ᠤ ᠳᠤᠮᠳᠠᠴᠢ ᠪᠤᠯᠬᠤ ᠳᠤ ᠪᠤᠳᠠᠰ ᠤᠨ ᠪᠤᠯᠪᠠᠰᠤᠨ᠂ ᠤᠯᠤᠰ ᠲᠦᠷᠦ ᠶᠢᠨ ᠪᠤᠯᠪᠠᠰᠤᠨ᠂ ᠤᠶᠤᠨ ᠤ ᠪᠤᠯᠪᠠᠰᠤᠨ᠂ ᠨᠡᠶᠢᠭᠡᠮ ᠤᠨ ᠪᠤᠯᠪᠠᠰᠤᠨ᠂ ᠠᠮᠢ ᠠᠬᠤᠢ ᠶᠢᠨ ᠪᠤᠯᠪᠠᠰᠤᠨ ᠪᠦᠬᠦ ᠲᠠᠯ᠎ᠠ ᠪᠠᠷ ᠳᠡᠭᠡᠭᠰᠢᠯᠡᠵᠤ᠂ ᠪᠤᠬᠢᠷᠳᠤᠯ ᠦᠭᠡᠢ ᠬᠦᠭᠵᠢᠯᠳᠡ ᠶᠢᠨ ᠠᠷᠭ᠎ᠠ ᠬᠡᠯᠪᠡᠷᠢ ᠪᠤᠯᠤᠨ ᠠᠮᠢᠳᠤᠷᠠᠯ ᠤᠨ ᠠᠷᠭ᠎ᠠ ᠬᠡᠯᠪᠡᠷᠢ ᠪᠦᠬᠦ ᠲᠠᠯ᠎ᠠ ᠪᠠᠷ ᠪᠦᠷᠢᠯᠳᠦᠬᠦᠯᠵᠤ᠂ ᠬᠦᠮᠦᠨ ᠬᠢᠬᠡᠳ ᠪᠠᠶᠢᠭᠠᠯᠢ ᠡᠶ᠎ᠡ ᠵᠤᠬᠢᠴᠠᠩᠭᠤᠢ ᠪᠠᠷ ᠵᠡᠷᠭᠡᠴᠡᠨ ᠤᠷᠤᠰᠢᠵᠤ᠂ ᠠᠮᠢ ᠠᠬᠤᠢ ᠤᠷᠴᠢᠨ ᠲᠤᠭᠤᠷᠢᠨ ᠤ ᠬᠦᠷᠢᠶᠠᠨ ᠳᠠᠬᠢ ᠤᠯᠤᠰ ᠤᠨ ᠵᠠᠰᠠᠯᠳᠠ ᠶᠢᠨ ᠰᠢᠰᠲ᠋ᠧᠮ ᠪᠤᠯᠤᠨ ᠵᠠᠰᠠᠯᠳᠠ ᠶᠢᠨ ᠴᠢᠳᠠᠪᠤᠷᠢ ᠶᠢᠨ ᠤᠳᠤᠬᠢᠴᠢᠯᠠᠯᠳᠠ ᠶᠢ ᠪᠦᠬᠦ ᠲᠠᠯ᠎ᠠ ᠪᠠᠷ ᠪᠡᠶᠡᠯᠡᠭᠦᠯᠵᠦ᠂ ᠦᠵᠡᠰᠭᠦᠯᠡᠩᠳᠤ ᠰᠠᠶᠢᠬᠠᠨ ᠳᠤᠮᠳᠠᠳᠤ ᠤᠯᠤᠰ ᠢ ᠪᠦᠳᠦᠬᠡᠨ ᠪᠠᠶᠢᠭᠤᠯᠬᠤ ᠬᠡᠷᠡᠭᠳᠠᠢ ᠭᠡᠵᠤ ᠴᠢᠬᠤᠯᠠᠴᠢᠯᠠᠵᠠᠢ᠃    ᠰᠢ ᠶᠢᠨ ᠫᠢᠩ᠂ ᠪᠤᠬᠢᠷᠳᠤᠯ ᠦᠬᠡᠢ ᠬᠦᠭᠵᠢᠯᠳᠡ ᠶᠢ ᠪᠦᠬᠦ ᠳᠠᠯ᠎ᠠ ᠪᠠᠷ ᠠᠬᠢᠭᠤᠯᠬᠤ ᠬᠡᠷᠡᠭᠳᠡᠢ᠃ ᠪᠤᠬᠢᠷᠳᠤᠯ ᠦᠬᠡᠢ ᠬᠦᠭᠵᠢᠯᠳᠡ ᠪᠤᠯ ᠴᠢᠨᠠᠷ ᠰᠠᠶᠢᠳᠠᠢ ᠤᠳᠤᠬᠢᠴᠢᠯᠠᠬᠰᠠᠨ ᠠᠵᠦ ᠠᠬᠤᠢ ᠶᠢᠨ ᠰᠢᠰᠲ᠋ᠧᠮ ᠢ ᠴᠤᠬᠴᠠᠯᠠᠨ ᠪᠠᠶᠢᠭᠤᠯᠬᠤ ᠶᠢᠨ ᠵᠠᠶᠢᠯᠠᠰᠢ ᠦᠬᠡᠢ ᠱᠠᠭᠠᠷᠳᠠᠯᠭ᠎ᠠ ᠮᠦᠨ᠂ ᠪᠤᠬᠢᠷᠳᠤᠯ ᠤᠨ ᠠᠰᠠᠭᠤᠳᠠᠯ ᠢ ᠰᠢᠢᠳᠪᠤᠷᠢᠯᠡᠬᠦ ᠦᠨᠳᠦᠰᠦᠨ ᠠᠷᠭ᠎ᠠ ᠪᠤᠳᠤᠯᠭ᠎ᠠ ᠮᠦᠨ᠃ ᠭᠤᠤᠯᠳᠠᠭᠤ ᠠᠵᠦ ᠠᠬᠤᠢ ᠶᠢᠨ ᠪᠦᠳᠦᠴᠡ ᠪᠤᠯᠤᠨ ᠡᠨᠧᠷᠬᠢ ᠶᠢᠨ ᠪᠦᠳᠦᠴᠡ ᠳᠤ ᠳᠤᠬᠢᠷᠠᠭᠤᠯᠤᠯᠳᠠ ᠬᠢᠵᠦ᠂ ᠤᠯᠤᠰ ᠤᠨ ᠨᠤᠳᠤᠬ ᠳᠠᠪᠢᠰᠬᠡᠷ ᠤᠨ ᠤᠷᠤᠨ ᠵᠠᠢ ᠶᠢ ᠨᠡᠬᠡᠬᠡᠨ ᠬᠦᠭᠵᠢᠬᠦᠯᠬᠦ ᠪᠠᠶᠢᠷᠢᠰᠢᠭᠤᠯᠤᠯᠳᠠ ᠶᠢ ᠰᠢᠯᠢᠳᠡᠭᠵᠢᠬᠦᠯᠵᠦ᠂ ᠤᠷᠤᠨ ᠪᠦᠰᠡ ᠰᠠᠪᠠ ᠭᠠᠵᠠᠷ ᠤᠨ ᠠᠵᠦ ᠦᠢᠯᠡᠰ ᠤᠨ ᠪᠠᠶᠢᠷᠢᠰᠢᠭᠤᠯᠤᠯᠳᠠ ᠳᠤ ᠳᠤᠬᠢᠷᠠᠭᠤᠯᠤᠯᠳᠠ ᠬᠢᠵᠦ᠂ ᠡᠨᠧᠷᠬᠢ ᠠᠷᠪᠢᠯᠠᠨ ᠤᠷᠴᠢᠨ ᠳᠤᠭᠤᠷᠢᠨ ᠢ ᠬᠠᠮᠠᠭᠠᠯᠠᠬᠤ ᠠᠵᠦ ᠦᠢᠯᠡᠰ᠂ ᠠᠷᠢᠭᠤᠨ ᠴᠡᠪᠡᠷ ᠦᠢᠯᠡᠳᠪᠤᠷᠢᠯᠡᠯ ᠤᠨ ᠠᠵᠦ ᠦᠢᠯᠡᠰ ᠪᠤᠯᠤᠨ ᠠᠷᠢᠭᠤᠨ ᠴᠡᠪᠡᠷ ᠡᠨᠧᠷᠬᠢ ᠶᠢᠨ ᠠᠵᠦ ᠦᠢᠯᠡᠰ ᠢ ᠪᠤᠶᠢᠵᠢᠭᠤᠯᠤᠨ ᠪᠤᠵᠠᠭᠠᠶᠢᠢᠷᠠᠭᠤᠯᠵᠦ᠂ ᠡᠬᠢ ᠪᠠᠶᠠᠯᠢᠬ ᠢ ᠪᠦᠬᠦ ᠳᠠᠯ᠎ᠠ ᠪᠠᠷ ᠠᠷᠪᠢᠯᠠᠬᠤ ᠪᠡ ᠡᠷᠬᠢᠯᠳᠠᠬᠦᠯᠦᠨ ᠠᠰᠢᠬᠯᠠᠬᠤ ᠶᠢ ᠠᠬᠢᠭᠤᠯᠵᠦ᠂ ᠦᠢᠯᠡᠳᠪᠤᠷᠢᠯᠡᠯ ᠤᠨ ᠰᠢᠰᠲ᠋ᠧᠮ ᠪᠤᠯᠤᠨ ᠠᠮᠢᠳᠤᠷᠠᠯ ᠤᠨ ᠰᠢᠰᠲ᠋ᠧᠮ ᠢ ᠡᠷᠬᠢᠯᠳᠡᠬᠦᠯᠦᠨ ᠵᠠᠯᠭᠠᠯᠳᠤᠭᠤᠯᠬᠤ ᠶᠢ ᠪᠡᠶᠡᠯᠡᠬᠦᠯᠵᠦ᠂ ᠳᠦᠬᠦᠮ ᠳᠤᠬᠢᠯᠢᠬ ᠪᠤᠬᠢᠷᠳᠤᠯ ᠦᠬᠡᠢ ᠪᠠᠭ᠎ᠠ ᠨᠠᠬᠦᠷᠡᠰᠦᠳᠦ᠋ᠷᠦᠭᠴᠢᠳᠤ ᠠᠮᠢᠳᠤᠷᠠᠯ ᠤᠨ ᠠᠷᠭ᠎ᠠ ᠬᠡᠯᠪᠡᠷᠢ ᠶᠢ ᠰᠠᠨᠠᠭᠠᠴᠢᠯᠠᠵᠦ᠂ ᠱᠠᠯᠢᠨ ᠪᠦᠷᠢᠯᠭᠡᠬᠦ ᠪᠡ ᠵᠦᠢ ᠵᠤᠬᠢᠰ ᠦᠬᠡᠢ ᠬᠡᠷᠡᠭᠯᠡᠭᠡ ᠬᠢᠬᠦ ᠶᠢ ᠡᠰᠡᠷᠬᠦᠴᠡᠬᠦ ᠬᠡᠷᠡᠭᠳᠡᠢ ᠬᠡᠵᠦ ᠵᠢᠭᠠᠵᠦ ᠭᠠᠷᠭᠠᠵᠠᠢ᠃    ᠰᠢ ᠶᠢᠨ ᠫᠢᠩ᠂ ᠠᠮᠢ ᠠᠬᠤᠢ ᠤᠷᠴᠢᠨ ᠳᠤᠭᠤᠷᠢᠨ ᠤ ᠳᠤᠪᠤᠶᠢᠮ᠎ᠠ ᠠᠰᠠᠭᠤᠳᠠᠯ ᠤᠳ ᠢ ᠰᠢᠢᠳᠪᠤᠷᠢᠯᠡᠬᠦ ᠪᠠᠷ ᠠᠷᠠᠳ ᠤᠨ ᠠᠮᠢᠳᠤᠷᠠᠯ ᠢ ᠤᠷᠢᠳᠠᠪᠡᠷ ᠪᠤᠳᠤᠯᠬᠢᠯᠠᠬᠤ ᠬᠦᠷᠢᠶ᠎ᠠ ᠴᠠᠷᠠᠭ᠎ᠠ ᠪᠠᠨ ᠪᠤᠯᠭᠠᠬᠤ ᠬᠡᠷᠡᠭᠳᠡᠢ᠃ ᠬᠦᠬᠡ ᠤᠬᠳᠠᠷᠭᠤᠢ ᠶᠢ ᠬᠠᠮᠠᠭᠠᠯᠠᠬᠤ ᠳᠠᠶᠢᠯᠠᠯᠳᠤᠭᠠᠨ ᠤ ᠢᠯᠠᠯᠳᠠ ᠶᠢ ᠡᠷᠡᠰ ᠳᠡᠮᠡᠴᠡᠨ ᠤᠯᠬᠤ ᠪᠤᠯ ᠭᠤᠤᠯᠳᠠᠯᠭ᠎ᠠ ᠶᠢᠨ ᠳᠤᠳᠤᠷᠠᠬᠢ ᠭᠤᠤᠯᠳᠠᠯᠭ᠎ᠠ ᠮᠦᠨ᠂ ᠠᠭᠠᠷ ᠤᠨ ᠶᠠᠰᠤ ᠴᠢᠨᠠᠷ ᠢ ᠢᠯᠡᠳᠳᠡ ᠰᠠᠶᠢᠵᠢᠷᠠᠭᠤᠯᠬᠤ ᠪᠠᠷ ᠬᠠᠳᠠᠭᠤ ᠱᠠᠭᠠᠷᠳᠠᠯᠭ᠎ᠠ ᠪᠠᠨ ᠪᠤᠯᠭᠠᠵᠦ᠂ ᠬᠤᠯᠪᠤᠭᠠᠯᠠᠨ ᠰᠠᠷᠬᠡᠶᠢᠯᠡᠵᠦ ᠬᠤᠯᠪᠤᠭᠠᠯᠠᠨ ᠡᠵᠡᠮᠳᠡᠬᠦ ᠶᠢ ᠴᠢᠩᠭᠠᠳᠬᠠᠨ᠂ ᠬᠦᠨᠳᠦ ᠪᠤᠬᠢᠷᠳᠤᠯ ᠲᠠᠢ ᠠᠭᠤᠷ ᠠᠮᠢᠰᠬᠤᠯ ᠢ ᠦᠨᠳᠦᠰᠤᠨ ᠳᠡᠭᠡᠨ ᠠᠷᠢᠯᠭᠠᠵᠦ᠂ ᠠᠷᠠᠳ ᠤᠯᠠᠨ ᠳᠤ ᠬᠦᠬᠡ ᠤᠬᠳᠠᠷᠭᠤᠢ ᠬᠦᠪᠦᠩ ᠴᠠᠭᠠᠨ ᠡᠬᠦᠯᠡ ᠲᠠᠢ ᠤᠳᠤᠨ ᠮᠡᠴᠢᠳ ᠬᠢᠯᠠᠯᠵᠠᠭᠰᠠᠨ ᠰᠠᠶᠢᠬᠠᠨ ᠪᠠᠶᠢᠭᠠᠯᠢ ᠶᠢ ᠤᠯᠭᠤᠬᠤ ᠬᠡᠷᠡᠭᠳᠡᠢ᠃ ᠤᠰᠤᠨ ᠤ ᠪᠤᠬᠢᠷᠳᠤᠯ ᠢ ᠰᠡᠷᠬᠡᠶᠢᠯᠡᠨ ᠵᠠᠰᠠᠬᠤ ᠠᠵᠢᠯᠯᠠᠭᠠᠨ ᠤ ᠳᠦᠯᠦᠪᠯᠡᠭᠡ ᠶᠢ ᠬᠦᠨᠵᠡᠬᠡᠢ ᠬᠡᠷᠡᠭᠵᠢᠬᠦᠯᠵᠦ᠂ ᠤᠰᠤ ᠤᠮᠳᠠ ᠶᠢᠨ ᠠᠮᠤᠷ ᠳᠦᠪᠰᠢᠨ ᠢ ᠪᠠᠳᠤᠯᠠᠨ᠂ ᠬᠤᠳᠠ ᠶᠢᠨ ᠬᠠᠷ᠎ᠠ ᠦᠮᠡᠬᠡᠢ ᠤᠰᠤᠨ ᠴᠤᠬᠴᠠ ᠶᠢ ᠦᠨᠳᠦᠰᠦᠨ ᠳᠡᠭᠡᠨ ᠠᠷᠢᠯᠭᠠᠵᠦ᠂ ᠠᠷᠠᠳ ᠤᠯᠠᠨ ᠳᠤ ᠤᠰᠤ ᠨᠢ ᠳᠤᠩᠭᠠᠯᠠᠬ ᠡᠷᠬᠢ ᠨᠢ ᠨᠤᠭᠤᠭᠠᠨ ᠵᠢᠭᠠᠰᠤ ᠵᠢᠷᠠᠭᠠᠬᠠᠢ ᠢᠷᠠᠭᠠᠯᠵᠠᠵᠦ ᠢᠷᠤᠭᠠᠷ ᠨᠢ ᠬᠠᠷᠠᠭᠳᠠᠬᠰᠠᠨ ᠦᠩᠬᠡ ᠦᠵᠡᠮᠵᠢ ᠶᠢ ᠤᠯᠭᠤᠬᠤ ᠬᠡᠷᠡᠭᠳᠡᠢ᠃ ᠬᠦᠷᠦᠰᠦ ᠰᠢᠷᠤᠢ ᠶᠢᠨ ᠪᠤᠬᠢᠷᠳᠤᠯ ᠢ ᠰᠡᠷᠬᠡᠶᠢᠯᠡᠨ ᠵᠠᠰᠠᠬᠤ ᠠᠵᠢᠯᠯᠠᠭᠠᠨ ᠤ ᠳᠦᠯᠦᠪᠯᠡᠭᠡ ᠶᠢ ᠪᠦᠬᠦ ᠳᠠᠯ᠎ᠠ ᠪᠠᠷ ᠨᠠᠶᠢᠳᠠᠪᠤᠷᠢᠵᠢᠭᠤᠯᠵᠦ᠂ ᠭᠤᠤᠯᠳᠠᠯᠭ᠎ᠠ ᠲᠠᠢ ᠤᠷᠤᠨ ᠪᠦᠰᠡ᠂ ᠠᠵᠢᠯ ᠳᠦᠷᠦᠯ ᠪᠤᠯᠤᠨ ᠪᠤᠬᠢᠷᠳᠤᠯ ᠪᠤᠳᠠᠰ ᠢ ᠳᠤᠪᠤᠶᠢᠯᠭᠠᠨ᠂ ᠬᠦᠷᠦᠰᠦ ᠰᠢᠷᠤᠢ ᠶᠢᠨ ᠪᠤᠬᠢᠷᠳᠤᠯ ᠢ ᠬᠠᠮᠢᠶᠠᠷᠤᠨ ᠡᠵᠡᠮᠳᠡᠬᠦ ᠪᠡ ᠰᠡᠯᠪᠢᠨ ᠰᠡᠷᠬᠦᠬᠡᠬᠦ ᠠᠵᠢᠯ ᠢ ᠴᠢᠩᠭᠠᠳᠬᠠᠵᠦ᠂ ᠠᠶᠤᠯ ᠳᠦᠭᠰᠢᠬᠦᠷᠢ ᠶᠢ ᠪᠦᠳᠦᠮᠵᠢᠳᠡᠢ ᠰᠡᠷᠬᠡᠶᠢᠯᠡᠵᠦ᠂ ᠠᠷᠠᠳ ᠢᠷᠬᠡᠳ ᠢ ᠰᠠᠨᠠᠭ᠎ᠠ ᠠᠮᠤᠷ ᠢᠳᠡᠬᠦᠯᠵᠦ ᠰᠠᠨᠠᠭ᠎ᠠ ᠠᠮᠤᠷ ᠰᠠᠭᠤᠷᠢᠰᠢᠭᠤᠯᠬᠤ ᠬᠡᠷᠡᠭᠳᠡᠢ᠃ ᠬᠦᠳᠡᠭᠡ ᠳᠤᠰᠬᠤᠨ ᠤ ᠤᠷᠤᠰᠢᠨ ᠰᠠᠭᠤᠷᠢᠰᠢᠬᠤ ᠤᠷᠴᠢᠨ ᠳᠤᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠶᠢ ᠦᠷᠬᠦᠯᠵᠢᠯᠡᠨ ᠦᠷᠨᠢᠬᠦᠯᠵᠦ᠂ ᠦᠵᠡᠰᠬᠦᠯᠡᠩᠳᠦ ᠰᠠᠶᠢᠬᠠᠨ ᠬᠦᠳᠡᠭᠡ ᠳᠤᠰᠬᠤᠨ ᠢ ᠴᠤᠬᠴᠠᠯᠠᠨ᠂ ᠠᠷᠠᠳ ᠤᠯᠠᠨ ᠳᠤ ᠤᠷᠠᠨ ᠪᠤᠯᠵᠤᠮᠤᠷ ᠵᠢᠷᠬᠢᠨ ᠦᠩᠬᠡᠳᠦ ᠴᠡᠴᠡᠭ ᠳᠡᠯᠬᠡᠷᠡᠭᠰᠡᠨ ᠬᠦᠳᠡᠭᠡ ᠨᠤᠳᠤᠬ ᠤᠨ ᠦᠩᠬᠡ ᠦᠵᠡᠮᠵᠢ ᠶᠢ ᠦᠯᠡᠳᠡᠬᠡᠵᠦ ᠦᠭᠬᠦ ᠬᠡᠷᠡᠭᠳᠡᠢ ᠬᠡᠵᠦ ᠴᠢᠬᠤᠯᠠᠴᠢᠯᠠᠪᠠ᠃    ᠰᠢ ᠶᠢᠨ ᠫᠢᠩ᠂ ᠠᠮᠢ ᠠᠬᠤᠢ ᠤᠷᠴᠢᠨ ᠳᠤᠭᠤᠷᠢᠨ ᠤ ᠠᠶᠤᠯ ᠳᠦᠭᠰᠢᠬᠦᠷᠢ ᠶᠢ ᠪᠦᠳᠦᠮᠵᠢᠳᠡᠢ ᠰᠡᠷᠬᠡᠶᠢᠯᠡᠬᠦ ᠬᠡᠷᠡᠭᠳᠡᠢ᠃ ᠠᠮᠢ ᠠᠬᠤᠢ ᠤᠷᠴᠢᠨ ᠳᠤᠭᠤᠷᠢᠨ ᠤ ᠠᠮᠤᠷ ᠳᠦᠪᠰᠢᠨ ᠪᠤᠯ ᠤᠯᠤᠰ ᠤᠨ ᠠᠮᠤᠷ ᠳᠦᠪᠰᠢᠨ ᠤ ᠴᠢᠬᠤᠯᠠ ᠪᠦᠷᠢᠯᠳᠦᠬᠦᠨ ᠬᠡᠰᠡᠭ ᠮᠦᠨ᠂ ᠠᠵᠦ ᠠᠬᠤᠢ ᠨᠡᠶᠢᠭᠡᠮ ᠤᠨ ᠦᠷᠬᠦᠯᠵᠢᠯᠡᠨ ᠡᠷᠡᠬᠦᠯ ᠢᠶᠠᠷ ᠬᠦᠭᠵᠢᠬᠦ ᠶᠢᠨ ᠴᠢᠬᠤᠯᠠ ᠪᠠᠳᠤᠯᠠᠭ᠎ᠠ ᠮᠦᠨ᠃ ᠠᠮᠢ ᠠᠬᠤᠢ ᠤᠷᠴᠢᠨ ᠳᠤᠭᠤᠷᠢᠨ ᠤ ᠠᠶᠤᠯ ᠳᠦᠭᠰᠢᠬᠦᠷᠢ ᠶᠢ ᠪᠠᠶᠢᠩᠭᠤᠵᠢᠭᠰᠠᠨ ᠬᠠᠮᠢᠶᠠᠷᠤᠯᠳᠠ ᠳᠤ ᠤᠷᠤᠭᠤᠯᠵᠦ᠂ ᠪᠦᠬᠦ ᠶᠠᠪᠤᠴᠠ ᠶᠢᠨ ᠤᠯᠠᠨ ᠳᠡᠰ ᠳᠠᠪᠬᠤᠷᠭ᠎ᠠ ᠶᠢᠨ ᠠᠮᠢ ᠠᠬᠤᠢ ᠤᠷᠴᠢᠨ ᠳᠤᠭᠤᠷᠢᠨ ᠤ ᠠᠶᠤᠯ ᠳᠦᠭᠰᠢᠬᠦᠷᠢ ᠶᠢ ᠰᠡᠷᠬᠡᠶᠢᠯᠡᠬᠦ ᠰᠢᠰᠲ᠋ᠧᠮ ᠢ ᠰᠢᠰᠲ᠋ᠧᠮ ᠲᠠᠢ ᠪᠠᠷ ᠴᠤᠬᠴᠠᠯᠠᠨ ᠪᠠᠶᠢᠭᠤᠯᠬᠤ ᠬᠡᠷᠡᠭᠳᠡᠢ᠃ ᠠᠮᠢ ᠠᠬᠤᠢ ᠶᠢᠨ ᠪᠤᠯᠪᠠᠰᠤᠨ ᠤ ᠪᠠᠶᠢᠭᠤᠯᠤᠮᠵᠢ ᠶᠢᠨ ᠦᠬᠡᠷᠡᠴᠢᠯᠡᠯᠳᠡ ᠶᠢ ᠳᠦᠷᠬᠡᠳᠭᠡᠨ ᠠᠬᠢᠭᠤᠯᠵᠦ᠂ ᠨᠢᠬᠡᠨᠳᠡ ᠨᠡᠶᠢᠳᠡᠯᠡᠭᠰᠡᠨ ᠦᠬᠡᠷᠡᠴᠢᠯᠡᠯᠳᠡ ᠶᠢᠨ ᠠᠷᠭ᠎ᠠ ᠭᠡᠮᠵᠢᠶ᠎ᠠ ᠶᠢ ᠪᠤᠳᠠᠳᠠᠢ ᠳᠤ ᠨᠠᠶᠢᠳᠠᠪᠤᠷᠢᠵᠢᠭᠤᠯᠬᠤ ᠶᠢ ᠰᠠᠶᠢᠳᠤᠷ ᠠᠳᠬᠤᠵᠦ᠂ ᠰᠢᠨ᠎ᠠ ᠦᠬᠡᠷᠡᠴᠢᠯᠡᠯᠳᠡ ᠶᠢᠨ ᠳᠦᠰᠦᠯ ᠢ ᠴᠠᠬ ᠳᠤᠬᠠᠢ ᠳᠤᠨᠢ ᠳᠤᠬᠳᠠᠭᠠᠬᠤ ᠬᠡᠷᠡᠭᠳᠡᠢ ᠬᠡᠵᠦ ᠵᠢᠭᠠᠵᠦ ᠭᠠᠷᠭᠠᠵᠠᠢ᠃    ᠰᠢ ᠶᠢᠨ ᠫᠢᠩ᠂ ᠤᠷᠴᠢᠨ ᠳᠤᠭᠤᠷᠢᠨ ᠤ ᠵᠠᠰᠠᠯᠳᠠ ᠶᠢᠨ ᠳᠦᠪᠰᠢᠨ ᠢ ᠳᠡᠬᠡᠭᠰᠢᠯᠡᠬᠦᠯᠬᠦ ᠬᠡᠷᠡᠭᠳᠡᠢ᠃ ᠵᠠᠬ᠎ᠠ ᠳᠡᠯᠬᠡᠬᠦᠷᠵᠢᠭᠰᠡᠡ ᠠᠷᠭ᠎ᠠ ᠪᠠᠷᠢᠯ ᠢ ᠬᠦᠢᠴᠡᠳ ᠠᠰᠢᠬᠯᠠᠵᠦ᠂ ᠡᠬᠢ ᠪᠠᠶᠠᠯᠢᠬ ᠤᠷᠴᠢᠨ ᠳᠤᠭᠤᠷᠢᠨ ᠤ ᠦᠨ᠎ᠠ ᠬᠠᠩᠰᠢ ᠶᠢᠨ ᠳᠤᠬᠳᠠᠴᠠ ᠶᠢ ᠳᠡᠬᠦᠯᠳᠡᠷᠵᠢᠬᠦᠯᠤᠨ᠂ ᠤᠯᠠᠨ ᠵᠦᠢᠯ ᠤᠨ ᠠᠷᠭ᠎ᠠ ᠬᠡᠯᠪᠡᠷᠢ ᠶᠢ ᠠᠪᠴᠤ ᠪᠠᠶᠢᠭᠠᠳ ᠵᠠᠰᠠᠬ ᠤᠨ ᠤᠷᠳᠤᠨ ᠪᠡ ᠨᠡᠶᠢᠭᠡᠮ ᠤᠨ ᠬᠦᠷᠦᠩᠬᠡ ᠶᠢᠨ ᠬᠠᠮᠳᠤᠷᠠᠯᠴᠠᠭᠠᠨ ᠤ ᠳᠦᠷᠦᠯ ᠵᠦᠢᠯ ᠢ ᠳᠡᠮᠵᠢᠵᠦ᠂ ᠴᠢᠬᠤᠯᠠ ᠶᠡᠭᠡ ᠳᠦᠷᠦᠯ ᠵᠦᠢᠯ ᠤᠨ ᠰᠢᠨᠵᠢᠯᠡᠬᠦ ᠤᠬᠠᠭᠠᠨ ᠮᠡᠷᠬᠡᠵᠢᠯ ᠤᠨ ᠪᠤᠭᠤᠮᠳᠠ ᠰᠢᠪᠳᠤᠯᠬᠤ ᠡᠷᠴᠢᠮ ᠢ ᠴᠢᠩᠭᠠᠷᠠᠭᠤᠯᠵᠦ᠂ ᠠᠵᠦ ᠠᠬᠤᠢ ᠨᠡᠶᠢᠭᠡᠮ ᠤᠨ ᠬᠦᠭᠵᠢᠯᠳᠡ ᠳᠤ ᠬᠤᠯᠪᠤᠬᠳᠠᠬᠤ ᠴᠢᠬᠤᠯᠠ ᠶᠡᠭᠡ ᠠᠮᠢ ᠠᠬᠤᠢ ᠤᠷᠴᠢᠨ ᠳᠤᠭᠤᠷᠢᠨ ᠤ ᠠᠰᠠᠭᠤᠳᠠᠯ ᠳᠤ ᠠᠷᠭᠠᠴᠠᠬᠤ ᠪᠤᠳᠤᠯᠭ᠎ᠠ ᠶᠢᠨ ᠴᠢᠨᠠᠷᠳᠠᠢ ᠰᠤᠳᠤᠯᠭᠠᠨ ᠦᠷᠨᠢᠬᠦᠯᠬᠦ ᠬᠡᠷᠡᠭᠳᠡᠢ᠃ ᠠᠭᠤᠷ ᠠᠮᠢᠰᠬᠤᠯ ᠤᠨ ᠬᠤᠪᠢᠷᠠᠯᠳᠠ ᠶᠢ ᠢᠳᠡᠪᠬᠢᠳᠡᠢ ᠠᠷᠭᠠᠴᠠᠬᠤ ᠤᠯᠤᠰ ᠤᠨ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠵᠦ᠂ ᠡᠷᠭᠡ ᠲᠡᠭᠰᠢ ᠵᠦᠢ ᠵᠤᠬᠢᠰᠳᠠᠢ ᠬᠠᠮᠳᠤᠷᠠᠯᠴᠠᠨ ᠬᠠᠮᠳᠤᠪᠠᠷ ᠠᠰᠢᠬ ᠬᠦᠷᠳᠡᠬᠦ ᠪᠦᠬᠦ ᠪᠦᠮᠪᠦᠷᠴᠡᠭ ᠤᠨ ᠠᠭᠤᠷ ᠠᠮᠢᠰᠬᠤᠯ ᠤᠨ ᠵᠠᠰᠠᠯᠳᠠ ᠶᠢᠨ ᠰᠢᠰᠲ᠋ᠧᠮ ᠢ ᠪᠠᠶᠢᠭᠤᠯᠬᠤ ᠶᠢ ᠠᠬᠢᠭᠤᠯᠤᠨ ᠵᠢᠯᠤᠭᠤᠳᠴᠤ᠂ ᠮᠠᠨ ᠤ ᠤᠯᠤᠰ ᠤᠨ ᠬᠠᠷᠢᠭᠤᠴᠠᠯᠭ᠎ᠠ ᠲᠠᠢ ᠳᠤᠮᠤ ᠤᠯᠤᠰ ᠤᠨ ᠳᠦᠷᠢ ᠳᠦᠷᠬᠦ ᠶᠢ ᠬᠠᠷᠠᠭᠤᠯᠵᠤ᠂ ᠬᠦᠮᠦᠨ ᠳᠦᠷᠦᠯᠬᠢᠳᠡᠨ ᠤ ᠬᠤᠪᠢ ᠵᠠᠶᠠᠭᠠᠨ ᠤ ᠬᠠᠮᠳᠤ ᠶᠢᠨ ᠴᠤᠬᠴᠠ ᠶᠢᠨ ᠪᠠᠶᠢᠭᠤᠯᠤᠯᠳᠠ ᠶᠢ ᠠᠬᠢᠭᠤᠯᠬᠤ ᠬᠡᠷᠡᠭᠳᠡᠢ ᠬᠡᠵᠦ ᠴᠢᠬᠤᠯᠠᠴᠢᠯᠠᠪᠠ᠃    ᠰᠢ ᠶᠢᠨ ᠫᠢᠩ᠂ ᠪᠤᠬᠢᠷᠳᠤᠯ ᠢ ᠰᠡᠷᠬᠡᠶᠢᠯᠡᠨ ᠵᠠᠰᠠᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠢ ᠰᠠᠶᠢᠳᠤᠷ ᠬᠢᠬᠦ ᠳᠤ ᠴᠠᠬ ᠪᠠᠴᠢᠮ᠂ ᠡᠬᠦᠷᠬᠡ ᠬᠦᠨᠳᠦ᠂ ᠬᠦᠴᠢᠷᠳᠡᠯ ᠶᠡᠭᠡ ᠪᠠᠶᠢᠨ᠎ᠠ᠂ ᠡᠨᠡ ᠪᠤᠯ ᠨᠢᠬᠡ ᠤᠳᠠᠭ᠎ᠠ ᠶᠢᠨ ᠶᠡᠭᠡ ᠳᠠᠶᠢᠯᠠᠯᠳᠤᠭᠠᠨ᠂ ᠬᠠᠳᠠᠭᠤ ᠳᠠᠶᠢᠯᠠᠯᠳᠤᠭᠠᠨ᠂ ᠪᠡᠷᠬᠡ ᠳᠠᠶᠢᠯᠠᠯᠳᠤᠭᠠᠨ ᠮᠦᠨ᠂ ᠡᠷᠬᠡᠪᠰᠢ ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ ᠬᠡᠷᠡᠭᠳᠡᠢ᠃ ᠡᠯ᠎ᠠ ᠭᠠᠵᠠᠷ ᠤᠷᠤᠨ᠂ ᠡᠯ᠎ᠠ ᠰᠠᠯᠠᠭ᠎ᠠ ᠮᠦᠴᠢᠷ ᠤᠨ ᠬᠢᠨ ︽ᠳᠦᠷᠪᠡᠨ ᠤᠬᠠᠮᠰᠠᠷ︾ ᠢᠶᠠᠨ ᠴᠢᠩᠭᠠᠳᠬᠠᠵᠦ᠂ ᠨᠠᠮ ᠤᠨ ᠳᠦᠪ ᠬᠤᠷᠢᠶᠠᠨ ᠤ ᠡᠷᠬᠡ ᠰᠦᠷ ᠪᠤᠯᠤᠨ ᠳᠦᠪᠯᠡᠷᠡᠩᠬᠦᠢ ᠨᠢᠬᠡᠳᠦᠯᠳᠡᠢ ᠤᠳᠤᠷᠢᠳᠤᠯᠭ᠎ᠠ ᠶᠢ ᠡᠷᠡᠰ ᠬᠠᠮᠠᠭᠠᠯᠠᠵᠦ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ ᠤᠯᠤᠰ ᠳᠦᠷᠦ ᠶᠢᠨ ᠬᠠᠷᠢᠭᠤᠴᠠᠯᠭ᠎ᠠ ᠪᠠᠨ ᠡᠷᠡᠰ ᠭᠤᠶᠢᠪᠢᠰᠢ ᠦᠬᠡᠢ ᠪᠠᠷ ᠡᠬᠦᠷᠬᠡᠯᠡᠬᠦ ᠬᠡᠷᠡᠭᠳᠡᠢ᠃ ᠤᠷᠤᠨ ᠨᠤᠳᠤᠬ ᠤᠨ ᠡᠯ᠎ᠠ ᠱᠠᠳᠤᠨ ᠤ ᠨᠠᠮ ᠤᠨ ᠬᠤᠷᠢᠶ᠎ᠠ ᠪᠤᠯᠤᠨ ᠵᠠᠰᠠᠬ ᠤᠨ ᠤᠷᠳᠤᠨ ᠤ ᠭᠤᠤᠯ ᠤᠳᠤᠷᠢᠳᠤᠯᠭ᠎ᠠ ᠪᠤᠯ ᠳᠤᠰ ᠵᠠᠰᠠᠬ ᠵᠠᠬᠢᠷᠭᠠᠨ ᠤ ᠤᠷᠤᠨ ᠪᠦᠰᠡ ᠶᠢᠨ ᠠᠮᠢ ᠠᠬᠤᠢ ᠤᠷᠴᠢᠨ ᠳᠤᠭᠤᠷᠢᠨ ᠤ ᠬᠠᠮᠠᠭᠠᠯᠠᠯᠳᠠ ᠶᠢᠨ ᠨᠢᠬᠡᠳᠦᠬᠡᠷ ᠬᠠᠷᠢᠭᠤᠴᠠᠯᠭᠠᠳᠠᠨ ᠮᠦᠨ᠂ ᠡᠯ᠎ᠠ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠬᠢᠨ ᠠᠮᠢ ᠠᠬᠤᠢ ᠤᠷᠴᠢᠨ ᠳᠤᠭᠤᠷᠢᠨ ᠢ ᠬᠠᠮᠠᠭᠠᠯᠠᠬᠤ ᠲᠤᠰᠢᠶᠠᠯ ᠬᠠᠷᠢᠭᠤᠴᠠᠯᠭ᠎ᠠ ᠪᠠᠨ ᠰᠠᠶᠢᠳᠤᠷ ᠭᠦᠢᠴᠡᠳᠭᠡᠵᠦ᠂ ᠡᠯ᠎ᠠ ᠰᠠᠯᠠᠭ᠎ᠠ ᠮᠦᠴᠢᠷ ᠤᠨ ᠬᠢᠨ ᠢ ᠠᠵᠢᠯ ᠤᠨ ᠬᠠᠷᠢᠭᠤᠴᠠᠯᠭ᠎ᠠ ᠪᠠᠨ ᠪᠠᠷᠢᠮᠳᠠᠯᠠᠨ ᠠᠵᠢᠯ ᠤᠨ ᠬᠠᠷᠢᠭᠤᠴᠠᠯᠭ᠎ᠠ ᠪᠠᠨ ᠭᠦᠢᠴᠡᠳᠭᠡᠵᠤ᠂ ᠠᠵᠢᠯ ᠢᠶᠠᠨ ᠬᠤᠪᠢᠶᠠᠷᠢᠯᠠᠨ ᠬᠠᠮᠵᠢᠯᠴᠠᠨ ᠠᠵᠢᠯᠯᠠᠵᠦ ᠬᠠᠮᠳᠤᠪᠠᠷ ᠬᠦᠴᠦᠯᠡᠨ ᠴᠢᠷᠮᠠᠶᠢᠯᠭᠠᠬᠤ ᠬᠡᠷᠡᠭᠳᠡᠢ᠃ ᠰᠢᠨᠵᠢᠯᠡᠬᠦ ᠤᠬᠠᠭᠠᠨᠴᠢ ᠵᠦᠢ ᠵᠤᠬᠢᠰᠲᠠᠢ ᠬᠢᠨᠠᠨ ᠰᠢᠯᠭᠠᠵᠦ ᠦᠨᠡᠯᠡᠬᠦ ᠰᠢᠰᠲ᠋ᠧᠮ ᠢ ᠪᠠᠶᠢᠭᠤᠯᠵᠤ᠂ ᠬᠢᠨᠠᠨ ᠰᠢᠯᠭᠠᠬᠰᠠᠨ ᠦᠷ᠎ᠠ ᠳ᠋ᠦᠩ ᠢᠶᠠᠷ ᠡᠯ᠎ᠠ ᠱᠠᠲᠤᠨ ᠤ ᠤᠳᠤᠷᠢᠳᠬᠤ ᠪᠠᠭ ᠪᠤᠯᠤᠨ ᠤᠳᠤᠷᠢᠳᠬᠤ ᠺᠠᠳ᠋ᠷ ᠢ ᠱᠠᠩᠨᠠᠵᠤ ᠲᠤᠷᠭᠠᠬᠤ ᠪᠠ ᠰᠢᠯᠢᠵᠤ ᠳᠡᠪᠰᠢᠭᠦᠯᠬᠦ ᠶᠢᠨ ᠴᠢᠬᠤᠯᠠ ᠦᠨᠳᠦᠰᠦᠯᠡᠯ ᠪᠤᠯᠭᠠᠬᠤ ᠭᠡᠷᠡᠭᠲᠡᠢ᠃ ᠲᠡᠳᠡᠭᠡᠷ ᠠᠮᠢ ᠠᠬᠤᠢ ᠤᠷᠴᠢᠨ ᠲᠤᠭᠤᠷᠢᠨ ᠢ ᠬᠤᠬᠢᠷᠠᠭᠤᠯᠤᠭᠰᠠᠨ ᠤᠳᠤᠷᠢᠳᠬᠤ ᠺᠠᠳ᠋ᠷ ᠠᠴᠠ ᠦᠨᠡᠨ ᠬᠠᠷᠢᠭᠤᠴᠠᠯᠭ᠎ᠠ ᠨᠡᠬᠡᠮᠵᠢᠯᠡᠵᠦ᠂ ᠵᠤᠷᠢᠬᠲᠠᠢ ᠪᠠᠷ ᠬᠠᠷᠢᠭᠤᠴᠠᠯᠭ᠎ᠠ ᠨᠡᠬᠡᠮᠵᠢᠯᠡᠵᠦ᠂ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ᠂ ᠨᠠᠰᠤᠨ ᠲᠤᠷᠰᠢᠲᠠ ᠬᠠᠷᠢᠭᠤᠴᠠᠯᠭ᠎ᠠ ᠨᠡᠬᠡᠮᠵᠢᠯᠡᠬᠦ ᠶᠢ ᠪᠡᠶᠡᠯᠡᠬᠦᠯᠬᠦ ᠬᠡᠷᠡᠭᠲᠡᠢ᠃ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠲᠠ ᠶᠢᠨ ᠲᠡᠮᠦᠷ ᠮᠡᠳᠦ ᠪᠠᠳᠤ ᠴᠢᠩᠭ᠎ᠠ ᠡᠩᠨᠡᠭᠡ ᠶᠢ ᠪᠠᠶᠢᠭᠤᠯᠬᠤ ᠬᠡᠷᠡᠭᠳᠠᠢ᠂ ᠤᠯᠤᠰ ᠲᠦᠷᠦ ᠴᠢᠩᠭ᠎ᠠ᠂ ᠴᠢᠳᠠᠪᠤᠷᠢ ᠰᠠᠶᠢᠨ᠂ ᠰᠤᠷᠲᠠᠯ ᠴᠢᠩᠭ᠎ᠠ᠂ ᠵᠤᠷᠢᠬᠲᠠᠢ ᠡᠭᠦᠷᠭᠡᠯᠡᠳᠡᠭ᠂ ᠬᠦᠴᠢᠷ ᠪᠡᠷᠬᠡᠰᠢᠶᠡᠯ ᠢ ᠤᠨᠴᠠᠭᠠᠢ ᠳᠠᠭᠠᠭᠠᠵᠤ ᠳᠡᠶᠢᠯᠬᠦ᠂ ᠪᠠᠶᠢᠯᠳᠤᠭᠠᠨ ᠬᠢᠬᠦ ᠳᠡᠭᠡᠨ ᠤᠨᠴᠠᠭᠠᠢ ᠴᠢᠳᠠᠮᠠᠭᠠᠢ᠂ ᠵᠤᠷᠢᠭᠤᠯᠤᠨ ᠵᠢᠳᠬᠦᠬᠦ ᠳᠡᠭᠡᠨ ᠤᠨᠴᠠᠭᠠᠢ ᠴᠢᠳᠠᠮᠠᠭᠠᠢ ᠪᠠᠶᠢᠬᠤ ᠬᠡᠷᠡᠭᠲᠠᠢ᠃ ᠡᠯ᠎ᠠ ᠱᠠᠲᠤᠨ ᠤ ᠨᠠᠮ ᠤᠨ ᠬᠤᠷᠢᠶ᠎ᠠ ᠪᠤᠯᠤᠨ ᠵᠠᠰᠠᠭ ᠤᠨ ᠤᠷᠳᠤᠨ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠲᠠ ᠶᠢᠨ ᠡᠩᠨᠡᠭᠡᠨ ᠤ ᠪᠠᠶᠢᠭᠤᠯᠤᠯᠲᠠ ᠶᠢ ᠬᠠᠯᠠᠮᠵᠢᠯᠠᠨ ᠳᠡᠮᠵᠢᠵᠦ᠂ ᠰᠠᠨᠠᠭᠠᠴᠢᠯᠠᠭ᠎ᠠ ᠲᠠᠢ ᠪᠠᠷ ᠵᠤᠷᠢᠬᠲᠠᠢ ᠪᠠᠷ ᠠᠵᠢᠯ ᠬᠢᠳᠡᠭ᠂ ᠠᠵᠢᠯ ᠬᠢᠬᠦ ᠳᠡᠭᠡᠨ ᠴᠢᠳᠠᠮᠠᠭᠠᠢ ᠺᠠᠳ᠋ᠷ ᠲᠤ ᠦᠮᠦᠭ ᠲᠦᠰᠢᠭ ᠪᠤᠯᠵᠤ ᠵᠤᠷᠢᠬᠵᠢᠭᠤᠯᠤᠯ ᠬᠦᠷᠳᠡᠬᠡᠬᠦ ᠬᠡᠷᠡᠭᠲᠡᠢ ᠭᠡᠵᠦ ᠴᠢᠬᠤᠯᠠᠴᠢᠯᠠᠪᠠ᠃    ᠯᠢ ᠺᠧ ᠴᠢᠶᠠᠩ ᠶᠠᠷᠢᠶᠠᠨ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠤᠶᠢᠢᠯᠠᠭᠠᠬᠤ ᠪᠠ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠠᠮᠢ ᠠᠬᠤᠢ ᠶᠢᠨ ᠪᠤᠯᠪᠠᠰᠤᠨ ᠤ ᠰᠢᠰᠲ᠋ᠧᠮ ᠢ ᠴᠢᠷᠮᠠᠶᠢᠨ ᠪᠠᠶᠢᠭᠤᠯᠵᠦ᠂ ᠳᠦᠷᠢᠮ ᠪᠠ ᠬᠠᠤᠯᠢᠵᠢᠯ ᠤᠨ ᠪᠠᠶᠢᠭᠤᠯᠤᠯᠲᠠ ᠶᠢ ᠴᠢᠩᠭᠠᠳᠬᠠᠨ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠪᠠ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠲᠠ ᠶᠢ ᠤᠷᠳᠤ ᠬᠤᠭᠤᠴᠠᠭ᠎ᠠ ᠪᠠᠷ ᠭᠤᠶᠢᠪᠢᠰᠢ ᠦᠭᠡᠢ ᠴᠢᠩᠭ᠎ᠠ ᠠᠳᠬᠤᠵᠤ ᠰᠠᠶᠢᠲᠤᠷ ᠠᠳᠬᠤᠵᠤ᠂ ᠪᠤᠬᠢᠷᠲᠤᠯ ᠢ ᠰᠡᠷᠭᠡᠶᠢᠯᠡᠨ ᠵᠠᠰᠠᠬᠤ ᠪᠤᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠪᠠᠳᠤ ᠰᠠᠶᠢᠲᠤᠷ ᠬᠢᠬᠦ ᠬᠡᠷᠡᠭᠲᠡᠢ᠃ ᠭᠤᠤᠯᠳᠠᠯᠭ᠎ᠠ ᠲᠠᠢ ᠤᠷᠤᠨ ᠪᠦᠰᠡ ᠭᠤᠤᠯᠳᠠᠯᠭ᠎ᠠ ᠲᠠᠢ ᠬᠦᠷᠢᠶ᠎ᠠ ᠶᠢ ᠴᠢᠩᠭ᠎ᠠ ᠠᠳᠬᠤᠨ ᠠᠵᠤ ᠦᠢᠯᠡᠳᠪᠤᠷᠢ᠂ ᠰᠢᠳᠠᠭᠠᠯᠭ᠎ᠠ ᠶᠢᠨ ᠨᠡᠬᠦᠷᠡᠰᠦ᠂ ᠮᠠᠰᠢᠨ ᠲᠡᠷᠭᠡ ᠵᠡᠷᠭᠡ ︽ᠭᠤᠷᠪᠠᠨ ᠶᠡᠭᠡ ᠪᠤᠬᠢᠷᠲᠤᠯ ᠤᠨ ᠡᠬᠢ︾ ᠶᠢᠨ ᠵᠠᠰᠠᠯᠲᠠ ᠶᠢ ᠲᠤᠪᠤᠶᠢᠯᠭᠠᠨ ᠴᠢᠩᠭᠠᠳᠬᠠᠵᠦ᠂ ᠬᠦᠬᠡ ᠤᠬᠲᠠᠷᠭᠤᠢ ᠶᠢ ᠬᠠᠮᠠᠭᠠᠯᠠᠬᠤ ᠳᠠᠶᠢᠯᠠᠯᠳᠤᠭᠠᠨ ᠤ ᠢᠯᠠᠯᠳᠠ ᠶᠢ ᠡᠷᠡᠰ ᠤᠯᠬᠤ ᠬᠡᠷᠡᠭᠳᠠᠢ᠃ ︽ᠤᠰᠤᠨ ᠤ ᠠᠷᠪᠠᠨ ᠵᠤᠷᠪᠤᠰ︾᠂ ︽ᠬᠦᠷᠦᠰᠦ ᠰᠢᠷᠤᠢ ᠶᠢᠨ ᠠᠷᠪᠠᠨ ᠵᠤᠷᠪᠤᠰ︾ ᠢ ᠭᠦᠨᠵᠡᠭᠡᠢ ᠬᠡᠷᠡᠭᠵᠢᠭᠦᠯᠵᠦ᠂ ᠪᠤᠬᠢᠷᠲᠤᠯ ᠢ ᠵᠠᠰᠠᠬᠤ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠤᠲᠠ ᠪᠠᠯᠭᠠᠰᠤ ᠶᠢᠨ ᠪᠤᠬᠢᠷ ᠤᠰᠤ ᠶᠢ ᠲᠦᠪᠯᠡᠷᠡᠬᠦᠯᠦᠨ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠬᠦᠯᠬᠦ ᠬᠡᠷᠡᠭᠲᠡᠢ᠃ ᠪᠤᠬᠢᠷᠲᠤᠬᠰᠠᠨ ᠲᠠᠷᠢᠶᠠᠨ ᠭᠠᠵᠠᠷ ᠢ ᠬᠠᠨᠳᠤᠯᠭᠠᠲᠤ ᠴᠢᠨᠠᠷᠲᠠᠢ ᠪᠠᠷ ᠵᠠᠰᠠᠬᠤ ᠬᠡᠷᠡᠭᠲᠡᠢ᠃ ᠬᠦᠳᠡᠭᠡ ᠲᠤᠰᠬᠤᠨ ᠤ ᠬᠤᠭ ᠨᠤᠪᠰᠢ᠂ ᠪᠤᠬᠢᠷ ᠤᠰᠤ ᠶᠢᠨ ᠵᠠᠰᠠᠯᠲᠠ ᠪᠠ ᠲᠤᠰᠬᠤᠨ ᠤ ᠲᠦᠷᠰᠦ ᠪᠠᠶᠢᠳᠠᠯ ᠢ ᠰᠠᠶᠢᠵᠢᠷᠠᠭᠤᠯᠬᠤ ᠪᠠᠷ ᠭᠤᠤᠯ ᠰᠢᠪᠲᠤᠯᠤᠯᠲᠠ ᠶᠢᠨ ᠴᠢᠭᠯᠡᠯ ᠢᠶᠠᠨ ᠪᠤᠯᠭᠠᠵᠤ᠂ ᠬᠦᠳᠡᠭᠡ ᠲᠤᠰᠬᠤᠨ ᠤ ᠤᠷᠴᠢᠨ ᠲᠤᠭᠤᠷᠢᠨ ᠤ ᠶᠡᠷᠦᠩᠬᠡᠶᠢᠯᠡᠭᠰᠡᠨ ᠴᠡᠭᠴᠡᠯᠡᠨ ᠵᠠᠰᠠᠯᠲᠠ ᠶᠢ ᠠᠬᠢᠭᠤᠯᠵᠤ᠂ ᠤᠯᠤᠰ ᠤᠨ ᠬᠦᠳᠡᠭᠡ ᠲᠤᠰᠬᠤᠨ ᠳᠠᠬᠢ ᠪᠡᠯᠡ ᠤᠷᠤᠭᠤᠯᠤᠯᠲᠠ ᠶᠢ ᠡᠨᠡ ᠲᠠᠯ᠎ᠠ ᠳᠤ ᠢᠯᠡᠬᠦᠭᠡᠨ ᠬᠡᠯᠪᠠᠶᠢᠯᠭᠡᠬᠦ ᠬᠡᠷᠡᠭᠲᠡᠢ᠃ ᠪᠤᠬᠢᠷᠲᠤᠯ ᠦᠭᠡᠢ ᠬᠦᠭᠵᠢᠯᠲᠡ ᠶᠢ ᠠᠬᠢᠭᠤᠯᠵᠤ᠂ ᠤᠷᠴᠢᠨ ᠲᠤᠭᠤᠷᠢᠨ ᠤ ᠪᠤᠬᠢᠷᠲᠤᠯ ᠢ ᠡᠬᠢ ᠡᠭᠦᠰᠦᠯ ᠠᠴᠠ ᠨᠢ ᠰᠡᠷᠭᠡᠶᠢᠯᠡᠨ ᠵᠠᠰᠠᠬᠤ ᠬᠡᠷᠡᠭᠲᠡᠢ᠃ ᠬᠠᠨᠭ᠍ᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠰᠢᠨ᠎ᠠ ᠶᠢ ᠡᠭᠦᠳᠬᠦ ᠪᠠᠷ ᠬᠦᠳᠡᠯᠭᠡᠭᠦᠷ ᠪᠤᠯᠭᠠᠬᠤ ᠬᠦᠭᠵᠢᠯᠳᠠ ᠶᠢᠨ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠰᠢᠨ᠎ᠠ ᠠᠵᠤ ᠦᠢᠯᠡᠰ᠂ ᠰᠢᠨ᠎ᠠ ᠡᠵᠡᠩᠨᠡᠯᠲᠡ ᠶᠢᠨ ᠬᠡᠯᠪᠡᠷᠢ᠂ ᠰᠢᠨ᠎ᠠ ᠵᠠᠬᠪᠤᠷ ᠵᠡᠷᠭᠡ ᠬᠦᠭᠵᠢᠯᠲᠡ ᠶᠢᠨ ᠰᠢᠨ᠎ᠠ ᠬᠦᠳᠡᠯᠭᠡᠬᠦ ᠡᠨᠧᠷᠬᠢ ᠶᠢ ᠪᠤᠶᠢᠵᠢᠭᠤᠯᠤᠨ ᠬᠦᠴᠦᠷᠬᠡᠭᠵᠢᠭᠦᠯᠬᠦ ᠬᠡᠷᠡᠭᠲᠡᠢ᠃ ᠢᠨᠲ᠋ᠧᠷ ᠰᠦᠯᠵᠢᠶ᠎ᠠ᠂ ᠲᠤᠮᠤ ᠳ᠋ᠠᠶᠢᠲ᠋ᠠ᠂ ᠵᠤᠬᠢᠶᠠᠮᠠᠯ ᠤᠶᠤᠨᠴᠢ ᠴᠢᠳᠠᠪᠤᠷᠢ ᠵᠡᠷᠭᠡ ᠰᠢᠨ᠎ᠠ ᠮᠡᠷᠭᠡᠵᠢᠯ ᠶᠢ ᠠᠰᠢᠬᠯᠠᠨ᠂ ᠤᠯᠠᠮᠵᠢᠯᠠᠯᠲᠤ ᠠᠵᠤ ᠦᠢᠯᠡᠰ ᠤᠨ ᠤᠶᠤᠨᠴᠢᠯᠠᠬᠰᠠᠨ᠂ ᠴᠡᠪᠡᠷᠵᠢᠭᠦᠯᠦᠭᠰᠡᠨ ᠦᠭᠡᠷᠡᠴᠢᠯᠡᠯᠳᠠ ᠶᠢ ᠠᠬᠢᠭᠤᠯᠬᠤ ᠬᠡᠷᠡᠭᠲᠡᠢ᠃ ᠡᠨᠧᠷᠬᠢ ᠠᠷᠪᠢᠯᠠᠵᠤ ᠤᠷᠴᠢᠨ ᠲᠤᠭᠤᠷᠢᠨ ᠢ ᠬᠠᠮᠠᠭᠠᠯᠠᠬᠤ ᠠᠵᠤ ᠦᠢᠯᠡᠰ ᠢ ᠲᠦᠷᠭᠡᠳᠭᠡᠨ ᠬᠦᠭᠵᠢᠭᠦᠯᠵᠦ᠂ ᠡᠨᠧᠷᠬᠢ ᠶᠢ ᠠᠷᠢᠭᠤᠨ ᠴᠡᠪᠡᠷ ᠪᠠᠷ ᠠᠰᠢᠬᠯᠠᠬᠤ ᠲᠦᠪᠰᠢᠨ ᠢ ᠳᠡᠭᠡᠭᠰᠢᠯᠡᠭᠦᠯᠵᠦ᠂ ᠴᠡᠪᠡᠷ ᠡᠨᠧᠷᠬᠢ ᠶᠢ ᠬᠦᠭᠵᠢᠭᠦᠯᠬᠦ ᠬᠡᠷᠡᠭᠲᠡᠢ᠃ ᠳᠦᠭᠦᠮ ᠳᠤᠬᠢᠯᠢᠭ ᠪᠤᠬᠢᠷᠲᠤᠯ ᠦᠭᠡᠢ ᠪᠠᠭ᠎ᠠ ᠨᠡᠭᠦᠷᠡᠰᠦᠳᠦ᠋ᠷᠦᠭᠴᠢᠳᠤ ᠠᠮᠢᠳᠤᠷᠠᠯ ᠤᠨ ᠠᠷᠭ᠎ᠠ ᠭᠡᠯᠪᠡᠷᠢ ᠶᠢ ᠰᠠᠨᠠᠭᠠᠴᠢᠯᠠᠵᠤ᠂ ᠳᠤᠲᠤᠭᠠᠳᠤ ᠬᠡᠷᠡᠭᠴᠡᠭᠡ ᠶᠢᠨ ᠦᠷᠭᠡᠳᠭᠡᠯ ᠪᠤᠯᠤᠨ ᠠᠮᠢ ᠠᠬᠤᠢ ᠤᠷᠴᠢᠨ ᠲᠤᠭᠤᠷᠢᠨ ᠤ ᠰᠠᠶᠢᠵᠢᠷᠠᠯᠲᠠ ᠶᠢᠨ ᠰᠠᠶᠢᠨ ᠤᠷᠴᠢᠯ ᠪᠦ᠋ᠷᠢᠯᠳᠦᠬᠦ ᠶᠢ ᠠᠬᠢᠭᠤᠯᠬᠤ ᠬᠡᠷᠡᠭᠲᠡᠢ᠃ ᠠᠮᠢ ᠠᠬᠤᠢ ᠶᠢ ᠬᠠᠮᠠᠭᠠᠯᠠᠵᠤ ᠰᠡᠷᠭᠦᠭᠡᠬᠦ ᠶᠢ ᠴᠢᠩᠭᠠᠳᠬᠠᠵᠤ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠬᠤ ᠬᠡᠷᠡᠭᠲᠡᠢ᠃ ᠨᠢᠭᠡᠲᠦᠯᠲᠡᠢ ᠤᠷᠤᠨ ᠵᠠᠢ ᠶᠢᠨ ᠲᠦᠯᠦᠪᠵᠢᠭᠦᠯᠭᠡ ᠶᠢᠨ ᠰᠢᠰᠲ᠋ᠧᠮ ᠪᠤᠯᠤᠨ ᠵᠤᠬᠢᠴᠠᠩᠭᠤᠢ ᠡᠮᠬᠢ ᠴᠡᠭᠴᠡ ᠲᠠᠢ ᠤᠯᠤᠰ ᠤᠨ ᠭᠠᠵᠠᠷ ᠰᠢᠷᠤᠢ ᠶᠢ ᠨᠡᠭᠡᠭᠡᠨ ᠬᠦᠭᠵᠢᠭᠦᠯᠬᠦ ᠬᠠᠮᠠᠭᠠᠯᠠᠯᠲᠠ ᠶᠢᠨ ᠪᠠᠶᠢᠷᠢᠰᠢᠯ ᠢ ᠪᠠᠶᠢᠭᠤᠯᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠴᠢᠩᠭ᠎ᠠ ᠰᠠᠬᠢᠵᠤ᠂ ᠠᠭᠤᠯᠠ ᠤᠰᠤ ᠤᠢ ᠮᠤᠳᠤ ᠭᠠᠵᠠᠷ ᠲᠠᠷᠢᠶ᠎ᠠ ᠨᠠᠭᠤᠷ ᠪᠦᠷᠢᠳᠤ ᠨᠤᠲᠤᠭ ᠪᠡᠯᠴᠢᠬᠡᠷ ᠢ ᠪᠦᠬᠦᠯᠢ ᠴᠤᠬᠴᠠ ᠪᠠᠷ ᠬᠠᠮᠠᠭᠠᠯᠠᠬᠤ᠂ ᠰᠢᠰᠲ᠋ᠧᠮ ᠲᠠᠢ ᠰᠡᠷᠭᠦᠭᠡᠬᠦ᠂ ᠤᠷᠤᠨ ᠪᠦᠰᠡ ᠪᠠᠷ ᠨᠢᠭᠡᠲᠦᠯᠲᠡᠢ ᠲᠦᠯᠦᠪᠵᠢᠭᠦᠯᠬᠦ᠂ ᠶᠡᠷᠦᠩᠬᠡᠶᠢᠯᠡᠨ ᠵᠠᠰᠠᠬᠤ ᠶᠢ ᠪᠠᠷᠢᠮᠲᠠᠯᠠᠵᠤ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠲᠤᠬᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠨᠢᠭᠡᠲᠦᠯᠲᠡᠢ ᠲᠦᠯᠦᠪᠵᠢᠭᠦᠯᠦᠨ ᠪᠦᠬᠦᠨ ᠢ ᠬᠠᠷᠠᠭᠠᠯᠵᠠᠬᠤ ᠶᠢ ᠪᠠᠷᠢᠮᠲᠠᠯᠠᠵᠤ᠂ ᠠᠵᠤ ᠠᠬᠤᠢ ᠶᠢᠨ ᠴᠢᠨᠠᠷ ᠰᠠᠶᠢᠲᠠᠢ ᠬᠦᠭᠵᠢᠯᠲᠡ ᠪᠤᠯᠤᠨ ᠠᠮᠢ ᠠᠬᠤᠢ ᠤᠷᠴᠢᠨ ᠲᠤᠭᠤᠷᠢᠨ ᠤ ᠦᠨᠳᠦᠷ ᠲᠦᠪᠰᠢᠨ ᠪᠦᠬᠦᠢ ᠬᠠᠮᠠᠭᠠᠯᠠᠯᠲᠠ ᠶᠢ ᠵᠡᠷᠭᠡᠪᠡᠷ ᠠᠬᠢᠭᠤᠯᠵᠤ᠂ ᠵᠠᠰᠠᠭ ᠤᠨ ᠤᠷᠳᠤᠨ ᠠᠴᠠ ᠭᠤᠤᠯ ᠵᠢᠯᠤᠭᠤᠳᠬᠤ ᠪᠠ ᠠᠵᠤ ᠠᠬᠤᠶᠢᠢᠯᠠᠯ ᠭᠤᠤᠯ ᠴᠤᠬᠴᠠ ᠪᠤᠯᠬᠤ ᠦᠢᠯᠡᠳᠦᠯ ᠢ ᠵᠡᠷᠭᠡᠪᠡᠷ ᠪᠠᠳᠠᠷᠠᠭᠤᠯᠵᠤ᠂ ᠪᠤᠬᠢᠷᠲᠤᠯ ᠢ ᠰᠡᠷᠭᠡᠶᠢᠯᠡᠨ ᠵᠠᠰᠠᠬᠤ ᠪᠤᠭᠤᠮᠲᠠ ᠰᠢᠪᠲᠤᠯᠬᠤ ᠳᠠᠶᠢᠯᠠᠯᠳᠤᠭᠠᠨ ᠪᠤᠯᠤᠨ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠶᠢᠨ ᠤᠳᠠᠭᠠᠨ ᠳᠠᠭᠠᠭᠠᠮᠠᠭᠠᠢ ᠳᠠᠶᠢᠨ ᠢ ᠵᠡᠷᠭᠡᠪᠡᠷ ᠰᠠᠶᠢᠲᠤᠷ ᠬᠢᠬᠦ ᠬᠡᠷᠡᠭᠲᠡᠢ ᠭᠡᠵᠦ ᠵᠢᠭᠠᠵᠤ ᠭᠠᠷᠭᠠᠪᠠ᠃    ᠯᠢ ᠺᠧ ᠴᠢᠶᠠᠩ᠂ ᠦᠭᠡᠷᠡᠴᠢᠯᠡᠯᠳᠠ ᠬᠢᠵᠦ ᠰᠢᠨ᠎ᠠ ᠶᠢ ᠡᠬᠦᠳᠬᠦ ᠳᠤ ᠲᠦᠰᠢᠭᠯᠡᠨ᠂ ᠤᠷᠴᠢᠨ ᠲᠤᠭᠤᠷᠢᠨ ᠢ ᠵᠠᠰᠠᠬᠤ ᠴᠢᠳᠠᠪᠤᠷᠢ ᠪᠠᠨ ᠳᠡᠭᠡᠭᠰᠢᠯᠡᠬᠦᠯᠬᠦ ᠭᠡᠷᠡᠭᠲᠡᠢ᠃ ᠪᠠᠶᠢᠩᠭᠤᠵᠢᠭᠰᠠᠨ ᠲᠤᠭᠳᠠᠭᠤᠨ ᠡᠳ᠋ ᠤᠨ ᠵᠠᠰᠠᠭ ᠤᠨ ᠪᠡᠯᠡ ᠮᠦᠩᠬᠦ ᠤᠷᠤᠭᠤᠯᠬᠤ ᠲᠤᠭᠳᠠᠴᠠ ᠶᠢ ᠠᠯᠬᠤᠮ ᠠᠯᠬᠤᠮ ᠢᠶᠠᠷ ᠪᠠᠶᠢᠭᠤᠯᠵᠦ᠂ ᠤᠯᠠᠨ ᠡᠰᠢᠵᠢᠭᠰᠡᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠤᠷᠤᠭᠤᠯᠤᠯᠳᠠ ᠶᠢᠨ ᠲᠤᠭᠳᠠᠴᠠ ᠶᠢ ᠪᠦᠷᠢᠨᠰᠢᠬᠦᠯᠵᠦ᠂ ᠪᠤᠬᠢᠷᠳᠤᠯ ᠦᠭᠡᠢ ᠬᠦᠭᠵᠢᠯᠳᠠ ᠳᠤ ᠠᠰᠢᠬᠳᠠᠢ ᠪᠦᠳᠦᠴᠡ ᠶᠢᠨ ᠴᠢᠨᠠᠷᠳᠠᠢ ᠭᠠᠶᠢᠯᠢ ᠶᠢ ᠬᠦᠩᠭᠡᠷᠡᠭᠦᠯᠬᠦ ᠲᠦᠷᠦ ᠶᠢᠨ ᠪᠤᠳᠤᠯᠭ᠎ᠠ ᠶᠢ ᠰᠤᠳᠤᠯᠤᠨ ᠲᠤᠭᠳᠠᠭᠠᠬᠤ ᠭᠡᠷᠡᠭᠲᠡᠢ᠃ ᠵᠠᠰᠠᠭ ᠢ ᠴᠤᠮᠬᠠᠳᠬᠠᠨ ᠡᠷᠭᠡ ᠶᠢ ᠲᠠᠯᠪᠢᠬᠤ ᠲᠠᠯ᠎ᠠ ᠪᠠᠷ ᠬᠢ ᠦᠭᠡᠷᠡᠴᠢᠯᠡᠯᠳᠠ ᠶᠢ ᠦᠷᠬᠦᠯᠵᠢᠯᠡᠨ ᠠᠬᠢᠭᠤᠯᠵᠦ᠂ ᠨᠡᠩ ᠤᠯᠠᠨ ᠬᠦᠴᠦ ᠪᠠᠨ ᠤᠷᠴᠢᠨ ᠲᠤᠭᠤᠷᠢᠨ ᠤ ᠬᠠᠮᠠᠭᠠᠯᠠᠯᠳᠠ ᠶᠢ ᠪᠠᠭᠳᠠᠭᠠᠭᠰᠠᠨ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠡᠯᠳᠠ ᠬᠠᠮᠢᠶᠠᠷᠤᠯᠳᠠ ᠳᠡᠭᠡᠷ᠎ᠠ ᠲᠠᠯᠪᠢᠬᠤ ᠭᠡᠷᠡᠭᠲᠡᠢ᠃ ᠵᠠᠩᠬᠢᠯᠠᠭ᠎ᠠ ᠶᠢᠨ ᠮᠡᠷᠭᠡᠵᠢᠯ ᠪᠠ ᠲᠤᠨᠤᠭᠯᠠᠯ ᠤᠨ ᠲᠠᠯ᠎ᠠ ᠪᠠᠷ ᠴᠠᠭ ᠢ ᠠᠮᠵᠢᠨ ᠪᠤᠭᠤᠮᠳᠠ ᠰᠢᠪᠳᠤᠯᠬᠤ ᠭᠡᠷᠡᠭᠲᠡᠢ᠃ ᠱᠠᠯᠠᠪᠳᠠᠭᠤᠯᠤᠨ ᠪᠠᠶᠢᠴᠠᠭᠠᠵᠤ ᠬᠠᠤᠯᠢ ᠭᠡᠷᠡᠭᠵᠢᠬᠦᠯᠬᠦ ᠪᠠᠨ ᠴᠢᠩᠭᠠᠳᠬᠠᠵᠦ᠂ ᠤᠷᠴᠢᠨ ᠲᠤᠭᠤᠷᠢᠨ ᠤ ᠬᠠᠤᠯᠢ ᠶᠢ ᠵᠦᠷᠢᠴᠡᠬᠦ ᠦᠪᠡᠷ ᠤᠨ ᠦᠷᠳᠡᠭ ᠢ ᠶᠡᠭᠡᠪᠡᠷ ᠳᠡᠭᠡᠭᠰᠢᠯᠡᠬᠦᠯᠬᠦ ᠭᠡᠷᠡᠭᠲᠡᠢ᠃ ᠪᠦᠬᠦ ᠨᠡᠶᠢᠭᠡᠮ ᠤᠨ ᠬᠢᠨ ᠢ ᠳᠠᠭᠠᠭᠤᠯᠵᠦ ᠪᠠᠶᠢᠭᠠᠳ ᠠᠮᠢ ᠠᠬᠤᠢ ᠶᠢᠨ ᠪᠤᠯᠪᠠᠰᠤᠨ ᠤ ᠤᠬᠠᠮᠰᠠᠷ ᠢ ᠪᠤᠢ ᠪᠤᠯᠭᠠᠬᠤ ᠭᠡᠷᠡᠭᠲᠡᠢ᠃ ᠪᠤᠬᠢᠷᠳᠤᠯ ᠢ ᠰᠡᠷᠭᠡᠶᠢᠯᠡᠨ ᠵᠠᠰᠠᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠪᠠ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ ᠬᠠᠷᠠᠯᠳᠠ ᠡᠬᠦᠷᠭᠡ ᠶᠢᠨ ᠪᠡᠶᠡᠯᠡᠭᠳᠡᠬᠦ ᠶᠢ ᠦᠨᠡᠨᠬᠦ ᠪᠠᠳᠤᠯᠠᠬᠤ ᠭᠡᠷᠡᠭᠲᠡᠢ ᠭᠡᠵᠦ ᠴᠢᠬᠤᠯᠠᠴᠢᠯᠠᠵᠠᠢ᠃    ᠬᠠᠨ ᠵᠧᠩ ᠳ᠋ᠦᠩᠨᠡᠯᠳᠠ ᠶᠢᠨ ᠶᠠᠷᠢᠶᠠᠨ ᠳᠠᠭᠠᠨ᠂ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠡᠵᠡᠮᠰᠢᠵᠦ᠂ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠢᠯ ᠢ ᠰᠠᠶᠢᠳᠤᠷ ᠬᠢᠬᠦ ᠬᠠᠷᠢᠭᠤᠴᠠᠯᠭᠠᠳᠦ ᠰᠡᠳᠬᠢᠯᠭᠡ᠂ ᠡᠬᠦᠷᠭᠡᠳᠦ ᠪᠤᠳᠤᠯ ᠢ ᠦᠨᠡᠨᠬᠦ ᠴᠢᠩᠭᠠᠳᠬᠠᠬᠤ ᠭᠡᠷᠡᠭᠲᠡᠢ︔ ᠬᠦᠭᠡᠮᠳᠦᠭ ᠨᠤᠭᠤᠭᠠᠨ ᠠᠭᠤᠯᠠ ᠤᠰᠤ ᠪᠤᠯ ᠠᠯᠳᠠ ᠮᠦᠩᠬᠦᠨ ᠠᠭᠤᠯᠠ ᠮᠦᠨ ᠭᠡᠬᠦ ᠴᠢᠬᠤᠯᠠ ᠬᠦᠭᠵᠢᠯᠳᠠ ᠶᠢᠨ ᠤᠶᠢᠢᠯᠠᠭᠠᠭᠳᠠᠬᠤᠨ ᠢ ᠬᠦᠨᠵᠡᠭᠡᠢ ᠡᠵᠡᠮᠳᠡᠵᠦ᠂ ᠠᠮᠢ ᠠᠬᠤᠢ ᠶᠢ ᠤᠷᠢᠳᠠᠪᠡᠷ ᠪᠤᠳᠤᠯᠬᠢᠯᠠᠬᠤ ᠪᠤᠬᠢᠷᠳᠤᠯ ᠦᠭᠡᠢ ᠬᠦᠭᠵᠢᠯᠳᠡ ᠶᠢᠨ ᠰᠢᠨ᠎ᠠ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠬᠤ ᠭᠡᠷᠡᠭᠲᠡᠢ︔ ᠰᠠᠶᠢᠨ ᠰᠠᠶᠢᠬᠠᠨ ᠠᠮᠢ ᠠᠬᠤᠢ ᠤᠷᠴᠢᠨ ᠲᠤᠭᠤᠷᠢᠨ ᠪᠤᠯ ᠬᠠᠮᠤᠭ ᠤᠨ ᠲᠦᠭᠡᠮᠡᠯ ᠬᠠᠷᠠᠭᠠᠯᠵᠠᠳᠤ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠮᠦᠨ ᠭᠡᠬᠦ ᠵᠤᠷᠢᠯᠳᠠ ᠶᠢᠨ ᠵᠤᠷᠢᠭ ᠰᠠᠨᠠᠭ᠎ᠠ ᠶᠢ ᠬᠦᠨᠵᠡᠭᠡᠢ ᠡᠵᠡᠮᠳᠡᠵᠦ᠂ ᠤᠯᠠᠨ ᠲᠦᠮᠡᠨ ᠤ ᠡᠷᠡᠬᠦᠯ ᠮᠡᠨᠳᠦ ᠶᠢ ᠬᠤᠬᠢᠷᠠᠭᠤᠯᠬᠤ ᠤᠷᠴᠢᠨ ᠲᠤᠭᠤᠷᠢᠨ ᠤ ᠲᠤᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠤᠷᠢᠯᠡᠬᠦ ᠭᠡᠷᠡᠭᠲᠡᠢ︔ ᠠᠭᠤᠯᠠ ᠤᠰᠤ ᠤᠢ ᠮᠤᠳᠤ ᠭᠠᠵᠠᠷ ᠲᠠᠷᠢᠶ᠎ᠠ ᠨᠠᠭᠤᠷ ᠪᠦᠷᠢᠳᠤ ᠨᠤᠲᠤᠭ ᠪᠡᠯᠴᠢᠬᠡᠷ ᠪᠤᠯ ᠠᠮᠢ ᠨᠠᠰᠤᠨ ᠤ ᠬᠠᠮᠳᠤ ᠶᠢᠨ ᠴᠤᠭᠴᠠ ᠮᠦᠨ ᠭᠡᠬᠦ ᠰᠢᠰᠲ᠋ᠧᠮ ᠤᠨ ᠦᠵᠡᠯ ᠰᠠᠨᠠᠭ᠎ᠠ ᠶᠢ ᠬᠦᠨᠵᠡᠭᠡᠢ ᠡᠵᠡᠮᠳᠡᠵᠦ᠂ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠢᠯ ᠤᠨ ᠰᠢᠨᠵᠢᠯᠡᠬᠦ ᠤᠬᠠᠭᠠᠨᠴᠢ ᠴᠢᠨᠠᠷ᠂ ᠦᠷ᠎ᠠ ᠪᠦᠳᠦᠮᠵᠢᠳᠦ ᠴᠢᠨᠠᠷ ᠢ ᠳᠡᠭᠡᠭᠰᠢᠯᠡᠬᠦᠯᠬᠦ ᠭᠡᠷᠡᠭᠲᠡᠢ︔ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠤᠨ ᠬᠢᠨ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠦᠴᠦᠳᠠᠢ ᠠᠳᠬᠤᠵᠦ᠂ ᠲᠦᠷᠦ ᠶᠢᠨ ᠪᠤᠳᠤᠯᠭ᠎ᠠ ᠠᠷᠭ᠎ᠠ ᠭᠡᠮᠵᠢᠶ᠎ᠠ ᠶᠢ ᠨᠠᠷᠢᠯᠢᠬᠵᠢᠭᠤᠯᠤᠨ ᠪᠤᠳᠠᠳᠠᠶᠢᠵᠢᠭᠤᠯᠵᠦ᠂ ᠪᠤᠳᠠᠳᠠᠢ ᠳᠤ ᠨᠠᠶᠢᠳᠠᠪᠤᠷᠢᠵᠢᠭᠤᠯᠵᠤ ᠪᠤᠯᠬᠤ᠂ ᠬᠡᠷᠡᠭᠵᠢᠭᠦᠯᠵᠦ ᠪᠤᠯᠬᠤ᠂ ᠦᠷ᠎ᠠ ᠪᠦᠳᠦᠮᠵᠢ ᠭᠠᠷᠬᠤ ᠶᠢ ᠪᠠᠳᠤᠯᠠᠬᠤ ᠭᠡᠷᠡᠭᠲᠡᠢ︔ ᠭᠤᠤᠯ ᠴᠤᠬᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠦ᠂ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢ ᠱᠠᠯᠠᠪᠳᠠᠭᠤᠯᠤᠨ ᠪᠠᠶᠢᠴᠠᠭᠠᠬᠤ ᠡᠷᠴᠢᠮ ᠢ ᠴᠢᠩᠭᠠᠷᠠᠭᠤᠯᠬᠤ ᠭᠡᠷᠡᠭᠲᠡᠢ︔ ᠠᠯᠢᠪᠠ ᠪᠦᠬᠦᠨ ᠪᠤᠳᠠᠳᠠᠢ ᠠᠴᠠ ᠡᠬᠦᠰᠬᠦ ᠶᠢ ᠪᠠᠷᠢᠮᠳᠠᠯᠠᠵᠦ᠂ ᠦᠩᠭᠡᠨ ᠲᠠᠯ᠎ᠠ ᠪᠠ ᠦᠨᠳᠦᠰᠦ ᠶᠢ ᠨᠢ ᠵᠡᠷᠭᠡᠪᠡᠷ ᠵᠠᠰᠠᠵᠦ᠂ ᠦᠨᠳᠦᠰᠦ ᠠᠴᠠ ᠨᠢ ᠵᠠᠰᠠᠬᠤ ᠶᠢ ᠲᠤᠪᠤᠶᠢᠯᠭᠠᠵᠦ᠂ ᠪᠤᠭᠤᠮᠳᠠ ᠰᠢᠪᠳᠤᠯᠤᠨ ᠪᠡᠷᠭᠡ ᠶᠢ ᠳᠠᠪᠠᠵᠤ᠂ ᠠᠪᠤᠨ ᠲᠤᠤᠷ᠎ᠠ ᠪᠠᠨ ᠠᠰᠢᠬ ᠤᠯᠬᠤ ᠶᠢ ᠬᠦᠭᠡᠭᠡᠴᠡᠯᠳᠦᠬᠦ᠂ ᠦᠩᠭᠡᠨ ᠲᠠᠯ᠎ᠠ ᠶᠢᠨ ᠠᠵᠢᠯ ᠬᠢᠬᠦ ᠶᠢ ᠰᠡᠷᠭᠡᠶᠢᠯᠡᠬᠦ ᠭᠡᠷᠡᠭᠲᠡᠢ︔ ᠬᠠᠷᠠᠯᠳᠠ ᠶᠢ ᠪᠠᠳᠤ ᠡᠵᠡᠮᠳᠡᠨ ᠭᠤᠶᠢᠪᠢᠰᠢ ᠦᠭᠡᠢ ᠯᠠᠪᠳᠠᠭᠤᠨ ᠪᠠᠳᠤᠳᠠᠢ ᠠᠵᠢᠯᠯᠠᠵᠦ᠂ ᠠᠵᠢᠯ ᠢᠶᠠᠨ ᠡᠷᠡᠰ ᠪᠠᠳᠤ ᠡᠮᠬᠢ ᠴᠡᠭᠴᠡ ᠲᠠᠢ ᠠᠬᠢᠭᠤᠯᠵᠦ᠂ ᠬᠠᠷᠠᠯᠳᠠ ᠶᠢᠨ ᠲᠤᠭᠤᠷᠢᠨ ᠳᠤ ᠠᠰᠠᠭᠤᠳᠠᠯ ᠢ ᠯᠠᠪᠳᠠᠭᠤᠨ ᠪᠠᠳᠤᠳᠠᠢ ᠰᠢᠢᠳᠪᠤᠷᠢᠯᠡᠬᠦ ᠭᠡᠷᠡᠭᠲᠡᠢ︔ ᠦᠨᠡᠨᠬᠦ ᠬᠠᠤᠯᠢ ᠶᠤᠰᠤᠭᠠᠷ ᠰᠢᠢᠳᠪᠤᠷᠢᠯᠡᠨ ᠬᠠᠤᠯᠢ ᠶᠢ ᠲᠦᠪ ᠴᠢᠩᠭ᠎ᠠ ᠭᠡᠷᠡᠭᠵᠢᠬᠦᠯᠵᠦ᠂ ᠪᠤᠬᠢᠷᠳᠤᠯ ᠢ ᠰᠡᠷᠭᠡᠶᠢᠯᠡᠨ ᠵᠠᠰᠠᠬᠤ ᠪᠠ ᠠᠮᠢ ᠠᠬᠤᠢ ᠶᠢᠨ ᠬᠠᠮᠠᠭᠠᠯᠠᠯᠳᠠ ᠶᠢᠨ ᠬᠠᠤᠯᠢ ᠭᠡᠷᠡᠭᠵᠢᠬᠦᠯᠬᠦ ᠲᠤᠰᠢᠶᠠᠯ ᠬᠠᠷᠢᠭᠤᠴᠠᠯᠭ᠎ᠠ ᠪᠤᠯᠤᠨ ᠡᠩᠨᠡᠭᠡ ᠶᠢ ᠴᠠᠭ ᠢ ᠵᠠᠪᠳᠤᠨ ᠨᠡᠶᠢᠳᠭᠡᠬᠦ ᠭᠡᠷᠡᠭᠲᠡᠢ︔ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠡᠯ᠎ᠠ ᠵᠦᠢᠯ ᠤᠨ ᠬᠠᠷᠠᠯᠳᠠ ᠡᠬᠦᠷᠭᠡ ᠶᠢᠨ ᠪᠦᠷᠢᠳᠭᠡᠯ ᠪᠠ ᠬᠢᠨᠡᠨ ᠰᠢᠯᠭᠠᠯᠳᠠ ᠶᠢᠨ ᠲᠤᠭ᠎ᠠ ᠪᠠᠷᠢᠮᠳᠠ ᠶᠢᠨ ᠦᠨᠡᠨ ᠪᠤᠳᠠᠳᠠᠢ ᠤᠨᠤᠪᠴᠢᠳᠠᠢ ᠪᠠᠶᠢᠬᠤ ᠶᠢ ᠪᠠᠳᠤᠯᠠᠵᠦ᠂ ᠪᠤᠳᠠᠳᠠᠢ ᠦᠷ᠎ᠠ ᠪᠦᠳᠦᠮᠵᠢ ᠪᠠᠷ ᠠᠷᠠᠳ ᠤᠨ ᠢᠳᠡᠭᠡᠯ ᠢ ᠤᠯᠬᠤ ᠭᠡᠷᠡᠭᠲᠡᠢ ᠭᠡᠵᠦ ᠵᠢᠭᠠᠵᠦ ᠭᠠᠷᠭᠠᠪᠠ᠃    ᠤᠯᠤᠰ ᠤᠨ ᠬᠦᠭᠵᠢᠬᠦᠯᠦᠯᠳᠠ ᠦᠭᠡᠷᠡᠴᠢᠯᠡᠯᠳᠠ ᠶᠢᠨ ᠵᠦᠪᠯᠡᠯ᠂ ᠡᠳ᠋ ᠤᠨ ᠵᠠᠰᠠᠭ ᠤᠨ ᠶᠠᠮᠤᠨ᠂ ᠠᠮᠢ ᠠᠬᠤᠢ ᠤᠷᠴᠢᠨ ᠲᠤᠭᠤᠷᠢᠨ ᠤ ᠶᠠᠮᠤᠨ᠂ ᠾᠧᠪᠸᠢ ᠮᠤᠵᠢ᠂ ᠵᠧᠵᠢᠶᠠᠩ ᠮᠤᠵᠢ᠂ ᠰᠧᠴᠤᠸᠠᠨ ᠮᠤᠵᠢ ᠶᠢᠨ ᠬᠠᠷᠢᠭᠤᠴᠠᠯᠭᠠᠳᠠᠨ ᠨᠦᠭᠦᠳ ᠲᠤᠷᠰᠢᠯᠭ᠎ᠠ ᠰᠤᠯᠢᠯᠴᠠᠬᠤ ᠦᠬᠡ ᠬᠡᠯᠡᠵᠠᠢ᠃      ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠭᠡᠰᠢᠬᠦᠳ᠂ ᠲᠦᠪ ᠤᠨ ᠱᠦᠵᠢ ᠨᠠᠷ ᠤᠨ ᠭᠠᠵᠠᠷ ᠤᠨ ᠱᠦᠵᠢ ᠨᠠᠷ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠠᠮᠢᠶ᠎ᠠ ᠪᠦᠬᠦᠢ ᠤᠳᠤᠷᠢᠳᠬᠤ ᠨᠦᠬᠦᠳ᠂ ᠲᠦᠷᠦ ᠶᠢᠨ ᠶᠠᠪᠤᠳᠠᠯ ᠤᠨ ᠭᠡᠰᠢᠬᠦᠳ᠂ ᠠᠷᠠᠳ ᠤᠨ ᠳᠡᠭᠡᠳᠦ ᠰᠢᠬᠦᠬᠦ ᠬᠤᠷᠢᠶ᠎ᠠ ᠶᠢᠨ ᠳᠠᠷᠤᠭ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ᠂ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠬᠠᠮᠢᠶ᠎ᠠ ᠪᠦᠬᠦᠢ ᠤᠳᠤᠷᠢᠳᠬᠤ ᠨᠦᠬᠦᠳ ᠬᠤᠷᠠᠯ ᠳᠤ ᠤᠷᠤᠯᠴᠠᠪᠠ᠃    ᠡᠯ᠎ᠠ ᠮᠤᠵᠢ ᠤᠷᠤᠨ ᠬᠤᠳᠠ ᠪᠠ ᠲᠤᠰᠠᠭᠠᠷ ᠲᠦᠯᠦᠪᠯᠡᠭᠡᠳᠦ ᠬᠤᠳᠠ᠂ ᠰᠢᠨᠵᠢᠶᠠᠩ ᠤᠨ ᠦᠢᠯᠡᠳᠪᠤᠷᠢᠯᠡᠯ ᠪᠦᠳᠦᠭᠡᠨ ᠪᠠᠶᠢᠭᠤᠯᠤᠯᠳᠠ ᠶᠢᠨ ᠪᠢᠩᠲ᠋ᠤᠸᠠᠨ᠂ ᠲᠦᠪ ᠤᠨ ᠪᠠ ᠲᠦᠷᠦ ᠶᠢᠨ ᠪᠠᠶᠢᠭᠤᠯᠤᠯᠭ᠎ᠠ ᠶᠢᠨ ᠬᠠᠮᠢᠶ᠎ᠠ ᠪᠦᠬᠦᠢ ᠰᠠᠯᠠᠭ᠎ᠠ ᠮᠦᠴᠢᠷ᠂ ᠬᠠᠮᠢᠶ᠎ᠠ ᠪᠦᠬᠦᠢ ᠠᠷᠠᠳ ᠤᠨ ᠪᠦᠯᠬᠦᠮ ᠨᠢᠭᠡᠴᠡ᠂ ᠬᠠᠮᠢᠶ᠎ᠡ ᠪᠦᠬᠦᠢ ᠤᠯᠤᠰ ᠤᠨ ᠦᠮᠴᠢᠯᠡᠯ ᠤᠨ ᠲᠤᠮᠤ ᠠᠵᠤ ᠠᠬᠤᠶᠢᠢᠯᠠᠯ᠂ ᠴᠡᠷᠢᠭ ᠠᠩᠬᠢ ᠶᠢᠨ ᠬᠠᠮᠢᠶ᠎ᠠ ᠪᠦᠬᠦᠢ ᠪᠠᠶᠢᠭᠤᠯᠤᠯᠭ᠎ᠠ ᠨᠢᠭᠡᠴᠡ ᠶᠢᠨ ᠬᠠᠷᠢᠭᠤᠴᠠᠯᠭᠠᠳᠠᠨ ᠬᠤᠷᠠᠯ ᠳᠤ ᠤᠷᠤᠯᠴᠠᠵᠠᠢ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号