ᠪᠦᠬᠦ ᠤᠷᠤᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠡ ᠰᠢᠪᠳᠤᠯᠬᠤ ᠠᠵᠢᠯ ᠢ ᠵᠤᠬᠢᠴᠠᠭᠤᠯᠬᠤ ᠸᠢᠳᠢᠣ᠋ ᠬᠤᠷᠠᠯ ᠬᠤᠷᠠᠯᠳᠤᠵᠤ ᠮᠠᠨ ᠤ ᠬᠤᠰᠢᠭᠤ ᠸᠢᠳᠢᠣ᠋ ᠬᠤᠷᠠᠯ ᠤᠨ ᠬᠡᠯᠪᠡᠷᠢ ᠪᠠᠷ ᠬᠤᠷᠠᠯ ᠳᠤ ᠤᠷᠤᠯᠴᠠᠪᠠ
ᠨᠡᠶᠢᠲᠡᠯᠡᠭᠰᠡᠨ ᠴᠠᠭ᠄
2018-05-23
     5 ᠰᠠᠷ᠎ᠡ ᠶᠢᠨ 20 ᠤ ᠡᠳᠤᠷ᠂ ᠪᠦᠬᠦ ᠤᠷᠤᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠡ ᠰᠢᠪᠳᠤᠯᠬᠤ ᠠᠵᠢᠯ ᠢ ᠵᠤᠬᠢᠴᠠᠭᠤᠯᠬᠤ ᠸᠢᠳᠢᠣ᠋ ᠬᠤᠷᠠᠯ ᠬᠤᠷᠠᠯᠳᠤᠵᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠡ ᠰᠢᠪᠳᠤᠯᠬᠤ ᠠᠵᠢᠯ ᠤᠨ ᠲᠤᠮᠳᠡ ᠤᠷᠤᠰᠢᠵᠤ ᠪᠠᠶᠢᠭ᠎ᠠ ᠠᠰᠠᠭᠤᠳᠠᠯ ᠢ ᠴᠡᠭᠴᠡᠯᠡᠨ ᠵᠠᠰᠠᠵᠤ ᠨᠠᠶᠢᠳᠠᠪᠤᠷᠢᠵᠢᠭᠤᠯᠤᠬᠰᠠᠨ ᠪᠠᠶᠢᠳᠠᠯ ᠢ ᠳ᠋ᠦᠩᠨᠡᠵᠦ᠂ ᠪᠤᠳᠠᠳᠠᠢ ᠠᠰᠠᠭᠤᠳᠠᠯ ᠢ ᠰᠤᠳᠤᠯᠤᠨ ᠶᠠᠷᠢᠯᠴᠠᠵᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠡ ᠰᠢᠪᠳᠤᠯᠬᠤ ᠠᠵᠢᠯ ᠢ ᠬᠦᠨᠵᠡᠬᠡᠢ ᠪᠠᠳᠤᠳᠠᠢ ᠦᠷᠨᠢᠬᠦᠯᠬᠦ ᠶᠢ ᠠᠬᠢᠭᠤᠯᠵᠡᠢ᠃      ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠦᠪᠡᠷᠲᠡᠭᠡᠨ ᠵᠠᠰᠠᠬᠤ ᠤᠷᠤᠨ ᠤ ᠪᠠᠶᠢᠩᠭᠤ ᠶᠢᠨ ᠠᠵᠢᠯ ᠤᠨ ᠳᠡᠳ᠋ ᠳᠡᠷᠢᠬᠦᠯᠡᠭᠴᠢ ᠵᠠᠩ ᠵᠢᠶᠡᠨ ᠮᠢᠨ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ ᠦᠪᠡᠷᠲᠡᠭᠡᠨ ᠵᠠᠰᠠᠬᠤ ᠤᠷᠤᠨ ᠤ ᠪᠠᠶᠢᠩᠭᠤ ᠶᠢᠨ ᠭᠡᠰᠢᠭᠦᠨ᠂ ᠵᠤᠬᠢᠶᠠᠨ ᠪᠠᠶᠢᠭᠤᠯᠬᠤ ᠭᠡᠯᠲᠡᠰ ᠤᠨ ᠳᠠᠷᠤᠭ᠎ᠠ ᠽᠧᠩ ᠢ ᠴᠥᠨ ᠬᠤᠷᠠᠯ ᠡᠷᠭᠢᠯᠡᠪᠡ᠃ ᠵᠠᠩ ᠵᠢᠶᠡᠨ ᠮᠢᠨ ᠴᠢᠬᠤᠯᠠᠴᠢᠯᠠᠭᠰᠠᠨ ᠨᠢ᠂ ᠤᠳᠤᠬᠠᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠡ ᠰᠢᠪᠳᠤᠯᠬᠤ ᠠᠵᠢᠯ ᠶᠠᠭ ᠰᠠᠶ᠋ᠢᠬᠠᠨ ᠵᠠᠩᠬᠢᠯᠠᠭ᠎ᠠ ᠶᠢᠨ ᠴᠠᠭ ᠦᠶ᠎ᠡ ᠳᠤ ᠪᠠᠶᠢᠵᠤ᠂ ᠤᠷᠤᠰᠢᠵᠤ ᠪᠠᠶᠢᠭ᠎ᠠ ᠠᠰᠠᠭᠤᠳᠠᠯ ᠢ ᠴᠡᠭᠴᠡᠯᠡᠨ ᠵᠠᠰᠠᠬᠤ ᠠᠵᠢᠯ ᠨᠢᠬᠡᠨᠳᠡ ᠪᠠᠴᠢᠮ ᠲᠤᠯᠭᠠᠮ᠎ᠡ ᠴᠠᠭ ᠦᠶ᠎ᠡ ᠳᠤ ᠤᠷᠤᠵᠤ᠂ ᠡᠯ᠎ᠡ ᠭᠠᠵᠡᠷ ᠤᠷᠤᠨ ᠡᠯ᠎ᠡ ᠰᠠᠯᠠᠭ᠎ᠠ ᠮᠦᠴᠢᠷ ᠡᠷᠬᠡᠪᠰᠢ ᠲᠠᠷᠢᠬᠢ ᠲᠤᠯᠤᠭᠠᠢ ᠪᠠᠨ ᠰᠡᠷᠬᠡᠭ ᠪᠠᠶᠢᠯᠭᠠᠬᠤ ᠶᠢ ᠪᠠᠳᠤᠯᠠᠨ᠂ ᠤᠯᠤᠰ ᠲᠦᠷᠦ ᠶᠢᠨ ᠪᠠᠶᠢᠷᠢ ᠵᠤᠬᠰᠤᠴᠡ ᠪᠠᠨ ᠲᠡᠬᠡᠭᠰᠢᠯᠡᠬᠦᠯᠵᠤ᠂ ᠴᠢᠬᠤᠯᠡ ᠶᠡᠭᠡ ᠤᠯᠤᠰ ᠲᠦᠷᠦ ᠶᠢᠨ ᠡᠬᠦᠷᠬᠡ ᠪᠠᠨ ᠪᠠᠳᠤ ᠡᠬᠦᠷᠬᠡᠯᠡᠬᠦ ᠬᠡᠷᠡᠭᠳᠡᠢ᠃ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠨ᠂ ᠬᠦᠨᠵᠡᠬᠡᠢ ᠨᠠᠷᠢᠯᠢᠭ ᠪᠠᠶᠢᠴᠠᠭᠠᠵᠤ ᠠᠰᠠᠭᠤᠳᠠᠯ ᠢ ᠰᠢᠢᠳᠪᠤᠷᠢᠯᠡᠨ᠂ ᠤᠨᠢᠨ ᠲᠡᠬᠡᠷ᠎ᠡ ᠨᠢ ᠤᠨᠤᠪᠴᠢᠳᠠᠢ ᠲᠡᠳᠬᠦᠬᠦ ᠠᠷᠭ᠎ᠠ ᠪᠤᠳᠤᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠶᠠᠳᠠᠭᠤ ᠶᠢ ᠲᠡᠳᠬᠦᠬᠦ ᠪᠡᠯᠡ ᠮᠦᠩᠬᠦ ᠶᠢ ᠰᠠᠶᠢᠳᠤᠷ ᠬᠠᠮᠢᠶᠠᠷᠴᠤ᠂ ᠡᠯ᠎ᠡ ᠲᠦᠷᠦᠯ ᠤᠨ ᠲᠦᠷᠤ ᠶᠢᠨ ᠪᠤᠳᠤᠯᠭ᠎ᠠ ᠶᠢ ᠤᠯᠠᠮ ᠨᠢᠬᠡ ᠠᠯᠬᠤᠮ ᠲᠡᠬᠦᠯᠳᠡᠷᠵᠢᠬᠦᠯᠤᠨ᠂ ᠰᠠᠬᠢᠯᠭ᠎ᠠ ᠲᠦᠷᠢᠮ ᠰᠠᠬᠢᠯᠭ᠎ᠠ ᠪᠠᠳᠤ ᠶᠢ ᠴᠢᠩᠭᠠᠳᠬᠠᠵᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠡ ᠰᠢᠪᠳᠤᠯᠬᠤ ᠡᠬᠦᠷᠬᠡ ᠶᠢ ᠪᠤᠳᠠᠳᠠᠢ ᠳᠤ ᠨᠠᠶᠢᠳᠠᠪᠤᠷᠢᠵᠢᠭᠤᠯᠬᠤ ᠶᠢ ᠪᠠᠳᠤᠯᠠᠬᠤ ᠬᠡᠷᠡᠭᠳᠡᠢ︔ ᠠᠰᠠᠭᠤᠳᠠᠯ ᠪᠤᠯᠭᠠᠨ ᠢ ᠲᠤᠰ ᠲᠤᠰ ᠲᠤᠨᠢ ᠰᠢᠢᠳᠪᠤᠷᠢᠯᠠᠬᠦ᠂ ᠤᠴᠢᠷ ᠪᠤᠯᠭᠠᠨ ᠢ ᠠᠰ ᠠᠰᠳᠠᠭᠠᠨ ᠬᠢᠬᠦ ᠶᠢ ᠪᠠᠷᠢᠮᠳᠠᠯᠠᠵᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠡ ᠰᠢᠪᠳᠤᠯᠬᠤ ᠠᠵᠢᠯ ᠢ ᠪᠦᠬᠦ ᠲᠠᠯ᠎ᠡ ᠪᠠᠷ ᠠᠬᠢᠭᠤᠯᠬᠤ᠂ ᠶᠡᠷᠤᠩᠬᠡᠢ ᠴᠤᠬᠴᠡ ᠳᠤᠨᠢ ᠲᠡᠬᠡᠭᠰᠢᠯᠡᠬᠦᠯᠬᠦ ᠶᠢ ᠠᠬᠢᠭᠤᠯᠵᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠡ ᠰᠢᠪᠳᠤᠯᠬᠤ ᠲᠠᠶᠢᠯᠠᠯᠳᠤᠭᠠᠨ ᠤ ᠢᠯᠠᠯᠳᠡ ᠶᠢ ᠡᠷᠡᠰ ᠲᠡᠮᠡᠴᠡᠨ ᠤᠯᠬᠤ ᠬᠡᠷᠡᠭᠳᠡᠢ ᠬᠡᠵᠡᠢ᠃      ᠽᠧᠩ ᠢ ᠴᠥᠨ ᠵᠢᠭᠠᠭᠰᠠᠨ ᠨᠢ᠂ ᠬᠤᠰᠢᠭᠤ ᠰᠢᠶᠠᠨ ᠳᠤ ᠰᠠᠭᠤᠭ᠎ᠠ ᠠᠵᠢᠯᠯᠠᠬᠤ ᠶᠡᠷᠤᠩᠬᠡᠢ ᠠᠩᠬᠢ ᠪᠤᠯᠤᠨ ᠬᠤᠰᠢᠭᠤ ᠰᠢᠶᠠᠨ ᠳᠤ ᠰᠠᠭᠤᠭ᠎ᠠ ᠠᠵᠢᠯᠯᠠᠬᠤ ᠠᠩᠬᠢ ᠪᠤᠯ ᠶᠠᠳᠠᠭᠤ ᠠᠴᠠ ᠠᠩᠬᠢᠵᠢᠷᠠᠭᠤᠯᠬᠤ ᠪᠤᠭᠤᠮᠳᠡ ᠰᠢᠪᠳᠤᠯᠬᠤ ᠲᠠᠶᠢᠯᠠᠯᠳᠤᠭᠠᠨ ᠤ ᠭᠤᠤᠯ ᠬᠦᠴᠦᠨ᠂ ᠪᠤᠭᠤᠮᠳᠡ ᠰᠢᠪᠳᠤᠯᠬᠤ ᠭᠠᠪᠰᠢᠭᠠᠢ ᠠᠩᠬᠢ ᠮᠦᠨ᠂ ᠠᠵᠢᠯ ᠢᠶᠠᠨ ᠯᠠᠪᠳᠠᠭᠤᠨ ᠪᠠᠳᠤᠳᠠᠢ ᠰᠠᠶᠢᠳᠤᠷ ᠬᠢᠬᠦ ᠬᠡᠷᠡᠭᠳᠡᠢ᠃ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠡᠨᠡᠬᠦ ᠵᠠᠩᠬᠢᠯᠠᠭ᠎ᠠ ᠶᠢ ᠵᠠᠪᠠᠯ ᠴᠢᠩᠭ᠎ᠠ ᠠᠳᠬᠤᠵᠤ᠂ ᠭᠠᠴᠠᠭ᠎ᠠ ᠲᠤᠰᠬᠤᠨ ᠤ ︽ᠬᠤᠶᠡᠷ ᠵᠦᠪᠯᠡᠯ︾ ᠤᠨ ᠬᠤᠭᠤᠴᠠᠭ᠎ᠠ ᠰᠤᠯᠢᠬᠤ ᠠᠵᠡ ᠲᠤᠬᠢᠶᠠᠯ ᠢ ᠠᠰᠢᠬᠯᠠᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠡ ᠰᠢᠪᠳᠤᠯᠬᠤ ᠲᠠᠶᠢᠯᠠᠯᠳᠤᠭᠠᠨ ᠤ ᠲᠠᠭᠠᠭᠤᠯᠤᠬᠴᠢ ᠡᠩᠨᠡᠭᠡ ᠶᠢ ᠪᠠᠶᠢᠭᠤᠯᠬᠤ ᠶᠢ ᠰᠠᠶᠢᠳᠤᠷ ᠠᠳᠬᠤᠵᠤ᠂ ᠶᠠᠳᠠᠭᠤ ᠬᠦᠴᠢᠷᠳᠡᠯᠳᠡᠢ ᠠᠮᠢᠳᠤᠷᠠᠯ ᠢ ᠦᠬᠡᠷᠡᠴᠢᠯᠡᠬᠦ ᠳᠤ ᠬᠦᠷᠢᠶ᠎ᠡ ᠬᠠᠰᠢᠶ᠎ᠡ ᠠᠴᠠ ᠡᠬᠢᠯᠡᠨ ᠬᠢᠳᠡᠭ ᠬᠡᠳᠡᠭ ᠢ ᠭᠤᠤᠯᠳᠠᠯᠭ᠎ᠠ ᠲᠠᠢ ᠤᠬᠠᠭᠤᠯᠤᠨ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠡ ᠰᠢᠪᠳᠤᠯᠬᠤ ᠲᠠᠶᠢᠯᠠᠯᠳᠤᠭᠠᠨ ᠤ ᠡᠬᠦᠷᠬᠡ ᠶᠢ ᠪᠤᠳᠠᠳᠠᠢ ᠪᠠᠷ ᠡᠬᠦᠷᠬᠡᠯᠡᠨ᠂ ᠴᠢᠩᠭ᠎ᠠ ᠬᠠᠮᠢᠶᠠᠷᠴᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠡ ᠰᠢᠪᠳᠤᠯᠬᠤ ᠲᠠᠶᠢᠯᠠᠯᠳᠤᠭᠠᠨ ᠤ ᠢᠯᠡᠯᠳᠡ ᠶᠢ ᠡᠷᠡᠰ ᠲᠡᠮᠡᠴᠡᠨ ᠤᠯᠬᠤ ᠬᠡᠷᠡᠭᠳᠡᠢ ᠬᠡᠵᠡᠢ᠃     ᠬᠤᠷᠠᠯ ᠤᠨ ᠭᠤᠤᠯ ᠲᠠᠯᠠᠪᠤᠷ ᠢ ᠬᠦᠬᠡᠬᠤᠳᠡ ᠳᠤ ᠲᠤᠬᠢᠷᠠᠭᠤᠯᠵᠤ᠂ ᠡᠯ᠎ᠡ ᠠᠶᠢᠮᠠᠬ ᠬᠤᠳᠡ᠂ ᠬᠤᠰᠢᠭᠤ ᠰᠢᠶᠠᠨ ᠳᠤ ᠬᠤᠪᠢᠶᠠᠷᠢ ᠲᠠᠯᠠᠪᠤᠷ ᠲᠤᠬᠢᠷᠠᠭᠤᠯᠵᠡᠢ᠃ ᠬᠤᠷᠠᠯ ᠲᠡᠬᠡᠷ᠎ᠡ ᠭᠡᠰᠡᠭ ᠬᠤᠰᠢᠭᠤ ᠰᠢᠶᠠᠨ᠂ ᠰᠤᠮᠤ ᠰᠢᠶᠠᠩ ᠪᠠᠯᠭᠠᠰᠤ ᠵᠢᠴᠢ ᠭᠠᠴᠠᠭ᠎ᠠ ᠲᠤᠰᠬᠤᠨ ᠤ ᠲᠦᠯᠦᠬᠡᠯᠡᠭᠴᠢ ᠲᠤᠷᠰᠢᠯᠭ᠎ᠠ ᠰᠤᠯᠢᠯᠴᠠᠠ ᠶᠠᠷᠢᠶ᠎ᠡ ᠲᠡᠯᠪᠢᠵᠡᠢ᠃ ᠮᠠᠨ ᠤ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠴᠢᠶᠤᠤ ᠶᠦᠨ ᠯᠢ᠂ ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ᠂ ᠤᠯᠤᠰ ᠲᠦᠷᠦ ᠬᠠᠥᠯᠢ ᠴᠠᠭᠠᠵᠠ ᠶᠢᠨ ᠬᠤᠷᠢᠶᠠᠨ ᠤ ᠱᠦᠵᠢ ᠰᠤᠷᠭᠠᠯᠲᠤ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠸᠠᠩ ᠵᠢᠷᠭᠠᠯ᠂ ᠠᠷᠠᠳ ᠤᠨ ᠵᠠᠰᠠᠭ ᠤᠨ ᠣᠷᠳᠣᠨ ᠤ ᠬᠤᠰᠢᠭᠤ ᠲᠡᠳ᠋ ᠲᠠᠷᠤᠭ᠎ᠠ᠂ ᠡᠳ᠋ ᠤᠨ ᠵᠠᠰᠠᠭ ᠤᠨ ᠲᠣᠪᠴᠢᠶᠠᠨ ᠤ ᠲᠣᠪᠴᠢᠶᠠᠨ ᠲᠠᠷᠤᠭ᠎ᠠ ᠪᠠᠶᠠᠨᠴᠡᠩᠬᠡᠯ᠂ ᠣᠯᠣᠰ ᠲᠦᠷᠦ ᠶᠢᠨ ᠵᠦᠪᠯᠡᠯᠭᠡᠨ ᠤ ᠳᠡᠳ᠋ ᠳᠡᠷᠢᠬᠦᠯᠡᠭᠴᠢ᠂ ᠰᠢᠷᠬᠤᠰᠤᠨ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠸᠠᠩ ᠭᠠᠩ ᠵᠢᠴᠢ ᠡᠯ᠎ᠡ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ ᠤᠨ ᠬᠠᠷᠢᠭᠤᠴᠠᠯᠭᠠᠲᠠᠳ ᠦᠥᠰᠢᠨ ᠬᠤᠰᠢᠭᠤᠨ ᠤ ᠬᠤᠪᠢᠶᠠᠷᠢ ᠲᠠᠯᠠᠪᠤᠷ ᠤᠨ ᠬᠤᠷᠠᠯ ᠳᠤ ᠤᠷᠤᠯᠴᠠᠵᠢ᠃  
 
ᠢᠷᠡᠯᠲᠡ᠄ ᠳᠣᠰ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号