ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠭᠦᠨ ᠵᠣᠬᠢᠶᠠᠨ ᠪᠠᠶᠢᠭᠤᠯᠬᠤ ᠬᠡᠯᠳᠡᠰ ᠤᠨ ᠳᠠᠷᠤᠭ᠎ᠠ ᠯᠢᠦ ᠷᠦᠢ ᠵᠢᠶᠧ ᠨᠠᠷ ᠮᠠᠨ ᠤ ᠬᠤᠰᠢᠭᠤᠨ ᠳᠤ ᠢᠷᠡᠵᠤ ᠪᠠᠶᠢᠴᠠᠭᠠᠨ ᠰᠤᠳᠤᠯᠤᠯᠳᠠ ᠬᠢᠪᠡ
ᠨᠡᠶᠢᠲᠡᠯᠡᠭᠰᠡᠨ ᠴᠠᠭ᠄
2018-05-23
     5 ᠰᠠᠷ᠎ᠠ ᠶᠢᠨ 16 ᠤ ᠡᠳᠦᠷ ᠠᠴᠠ 17 ᠤ ᠡᠳᠦᠷ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠭᠦᠨ᠂ ᠵᠣᠬᠢᠶᠠᠨ ᠪᠠᠶᠢᠭᠤᠯᠬᠤ ᠬᠡᠯᠳᠡᠰ ᠤᠨ ᠳᠠᠷᠤᠭ᠎ᠠ ᠯᠢᠦ ᠷᠦᠢ ᠵᠢᠶᠧ᠂ ᠬᠤᠳᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠳᠡᠰ ᠤᠨ ᠳᠡᠳ᠋ ᠳᠠᠷᠤᠭ᠎ᠠ᠂ ᠵᠢᠩᠬᠢᠨᠢ ᠭᠠᠵᠠᠷ ᠤᠨ ᠳᠡᠰ ᠤᠨ ᠵᠣᠬᠢᠶᠠᠨ ᠪᠠᠶᠢᠭᠤᠯᠤᠭᠴᠢ ᠵᠠᠩ ᠫᠧᠩ ᠴᠧᠩ ᠨᠠᠷ ᠮᠠᠨ ᠤ ᠬᠤᠰᠢᠭᠤᠨ ᠳᠤ ᠢᠷᠡᠵᠤ ᠪᠠᠶᠢᠴᠠᠭᠠᠨ ᠰᠤᠳᠤᠯᠤᠯᠳᠠ ᠬᠢᠵᠤ᠂ ᠮᠠᠨ ᠤ ᠬᠤᠰᠢᠭᠤᠨ  ᠤ ᠤᠳᠤᠷᠢᠳᠤᠯᠭ᠎ᠠ ᠴᠢᠶᠣᠤ ᠶᠥᠨ ᠯᠢ᠂ ᠸᠠᠩ ᠯᠢ ᠫᠢᠩ ᠪᠠᠷᠠᠳᠠᠨ ᠪᠠᠶᠢᠴᠠᠭᠠᠪᠠ᠃      ᠯᠢᠦ ᠷᠦᠢ ᠵᠢᠶᠧ ᠨᠠᠷ ᠤᠷᠢᠳ ᠬᠤᠵᠢᠳ ᠲᠤᠭ ᠪᠠᠯᠭᠠᠰᠤᠨ ᠤ ᠲᠤᠭᠤᠯᠳᠠᠢ ᠭᠠᠴᠠᠭ᠎ᠠ᠂ ᠥᠵᠡᠰᠬᠦᠯᠡᠩᠳᠤ ᠰᠠᠶᠢᠬᠠᠨ ᠬᠦᠳᠡᠭᠡ ᠲᠤᠰᠬᠤᠨ ᠢ ᠵᠢᠱᠢᠶ᠎ᠡ ᠥᠵᠡᠬᠦᠯᠬᠦ ᠡᠷᠥᠬᠡ ᠮᠥᠩᠭᠦᠨᠪᠤᠤ᠂ ᠤᠯᠠᠭᠠᠨᠳᠣᠯᠣᠭᠠᠢ ᠪᠠᠯᠭᠠᠰᠤᠨ ᠤ ᠢᠯᠠᠯᠳᠠ ᠲᠤᠰᠬᠤᠨ᠂ ᠲᠠᠪᠰᠢᠯᠳᠠ ᠲᠤᠰᠬᠤᠨ᠂ ᠭᠠᠯᠠᠭᠤᠳᠤ ᠪᠠᠯᠭᠠᠰᠤᠨ ᠤ ᠰᠡᠪᠬᠦᠯ ᠭᠠᠴᠠᠭ᠎ᠠ᠂ ᠮᠤᠳᠤᠨᠴᠠᠶᠢᠳᠠᠮ ᠲᠤᠰᠬᠤᠨ᠂ ᠪᠠᠶᠠᠨᠴᠠᠶᠢᠳᠠᠮ ᠲᠤᠰᠬᠤᠨ᠂ ᠷᠠᠰᠢᠶᠠᠨ ᠲᠣᠬᠤᠢ ᠲᠣᠰᠬᠤᠨ᠂ ᠲᠠᠷᠢᠶᠠᠴᠢᠨ ᠡᠷᠥᠬᠡ ᠵᠢᠶᠠᠩ ᠬᠠᠢ ᠴᠧᠩ᠂ ᠠᠷᠤ ᠴᠠᠶᠢᠵᠠ ᠲᠣᠰᠬᠤᠨ᠂ ᠬᠤᠷᠠᠬᠤ ᠨᠡᠶᠢᠬᠡᠮ ᠲᠣᠭᠤᠷᠢᠭ ᠪᠣᠯᠤᠨ ᠥᠥᠰᠢᠨᠵᠣᠣ ᠶᠢᠨ ︽ᠮᠠᠯᠵᠢᠬᠤ ᠳ᠋ᠠᠵᠠᠢ︾ ᠮᠥᠽᠸᠢ ᠪᠠᠷ ᠲᠣᠭᠤᠷᠢᠨ᠂ ᠭᠠᠴᠠᠭ᠎ᠠ ᠲᠤᠰᠬᠤᠨ ᠨᠡᠶᠢᠬᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ᠂ ᠶᠠᠳᠠᠭᠤ ᠠᠴᠠ ᠠᠩᠬᠢᠵᠢᠷᠠᠵᠤ ᠪᠣᠭᠤᠮᠳᠠ ᠰᠢᠪᠳᠤᠯᠬᠤ ᠠᠵᠢᠯ᠂ ᠭᠠᠴᠠᠭ᠎ᠠ ᠲᠤᠰᠬᠤᠨ ᠤ ᠬᠠᠮᠳᠤ ᠶᠢᠨ ᠠᠵᠤ ᠠᠬᠤᠢ ᠶᠢᠨ ᠬᠥᠭᠵᠢᠯᠳᠡ ᠪᠤᠯᠤᠨ ᠥᠨᠳᠥᠰᠥᠨ ᠱᠠᠳᠤᠨ ᠤ ᠵᠣᠬᠢᠶᠠᠨ ᠪᠠᠶᠢᠭᠤᠯᠤᠯᠳᠠ ᠶᠢᠨ ᠪᠠᠶᠢᠭᠤᠯᠤᠯᠳᠠ᠂ ᠨᠠᠮ ᠤᠨ ᠬᠡᠰᠢᠭᠦᠨ ᠺᠠᠳ᠋ᠷᠴᠤᠳ ᠤᠨ ᠬᠥᠮᠥᠵᠢᠯ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠣᠶᠢᠯᠠᠭᠠᠪᠠ᠃
     ᠯᠢᠦ ᠷᠦᠢ ᠵᠢᠶᠧ ᠬᠥᠷᠥᠭᠰᠡᠨ ᠭᠠᠵᠠᠷ ᠪᠤᠯᠭᠠᠨ ᠳᠤ ᠭᠠᠴᠠᠭ᠎ᠠ ᠲᠤᠰᠬᠤᠨ ᠤ ᠺᠠᠳ᠋ᠷ᠂ ᠲᠤᠰᠬᠤᠨ ᠳᠤ ᠰᠠᠭᠤᠭ᠎ᠠ ᠺᠠᠳ᠋ᠷ᠂ ᠬᠤᠷᠰᠢᠭᠰᠠᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠶᠢᠨ ᠬᠠᠷᠢᠭᠤᠴᠠᠯᠭᠠᠳᠠᠨ ᠵᠢᠴᠢ ᠮᠠᠯᠴᠢᠨ ᠲᠠᠷᠢᠶᠠᠴᠢᠨ ᠲᠠᠢ ᠲᠣᠳᠣᠨᠤᠰᠤᠭ ᠢᠶᠠᠷ ᠶᠠᠷᠢᠯᠴᠠᠵᠤ᠂ ᠭᠠᠴᠠᠭ᠎ᠠ ᠲᠤᠰᠬᠤᠨ ᠨᠡᠶᠢᠬᠡᠮ ᠲᠤᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠤᠯᠢᠬᠤ᠂ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠰᠢᠪᠳᠤᠯᠬᠤ ᠠᠵᠢᠯ ᠂ ᠭᠠᠴᠠᠭ᠎ᠠ ᠲᠤᠰᠬᠤᠨ ᠤ ᠬᠠᠮᠳᠤ ᠶᠢᠨ ᠠᠵᠤ ᠠᠬᠤᠢ ᠶᠢᠨ ᠬᠥᠭᠵᠢᠯᠳᠡ ᠶᠢᠨ ᠲᠥᠷᠥᠯ ᠵᠦᠢᠯ ᠤᠨ ᠠᠬᠢᠭᠤᠯᠤᠯᠳᠠ  ᠶᠢᠨ ᠪᠠᠶᠢᠳᠠᠯ ᠢ ᠨᠠᠷᠢᠨ ᠤᠶᠢᠯᠠᠭᠠᠭᠰᠠᠨ ᠪᠠᠶᠢᠨ᠎ᠠ᠃ ᠲᠤᠭ ᠪᠠᠯᠭᠠᠰᠤᠨ ᠤ ᠲᠤᠭᠤᠯᠳᠠᠢ ᠭᠠᠴᠠᠭᠠᠨ ᠳᠤ ᠯᠢᠦ ᠷᠦᠢ ᠵᠢᠶᠧ ᠨᠠᠷ ᠰᠠᠭᠤᠷᠢᠨ ᠭᠠᠵᠠᠷ ᠤᠨ ᠪᠠᠶᠢᠭᠤᠯᠣᠯᠳᠠ ᠶᠢ ᠪᠠᠶᠢᠴᠠᠭᠠᠨ ᠰᠤᠳᠤᠯᠬᠤ ᠶᠢᠨ ᠬᠠᠮᠳᠤ ᠭᠠᠴᠠᠭ᠎ᠠ ᠲᠤᠰᠬᠤᠨ ᠤ ︽ᠬᠤᠶᠠᠷ ᠵᠥᠪᠯᠡᠯ︾ ᠤᠨ ᠬᠠᠷᠢᠭᠤᠴᠠᠯᠭᠠᠳᠠᠨ ᠠᠴᠠ ᠬᠤᠭᠤᠴᠠᠭ᠎ᠠ ᠰᠣᠯᠢᠬᠤ ᠰᠤᠩᠭᠤᠭᠤᠯᠢ ᠶᠢᠨ ᠠᠵᠢᠯ ᠤᠨ ᠠᠬᠢᠴᠠ ᠶᠢᠨ ᠪᠠᠶᠢᠳᠠᠯ ᠢ ᠣᠶᠢᠯᠠᠭᠠᠵᠤ᠂ ᠬᠤᠭᠤᠴᠠᠭ᠎ᠠ ᠰᠣᠯᠢᠬᠤ ᠠᠵᠢᠯ ᠢ ᠤᠬᠠᠭᠤᠯᠤᠨ ᠳᠠᠶᠢᠴᠢᠯᠠᠬᠤ ᠴᠠᠭ ᠬᠤᠭᠤᠴᠠᠭᠠᠨ ᠤ ᠲᠣᠬᠢᠷᠠᠭᠤᠯᠤᠯᠳᠠ ᠵᠢᠴᠢ ᠬᠤᠭᠤᠴᠠᠭ᠎ᠠ ᠰᠣᠯᠢᠬᠤ ᠰᠤᠩᠭᠤᠭᠤᠯᠢ ᠶᠢᠨ ᠠᠵᠢᠯ ᠳᠤ ᠣᠷᠣᠰᠢᠵᠤ ᠪᠠᠶᠢᠭ᠎ᠠ ᠠᠰᠠᠭᠤᠳᠠᠯ ᠪᠤᠯᠤᠨ ᠬᠥᠴᠢᠷᠳᠡᠯ ᠵᠡᠷᠭᠡ ᠳᠤ ᠵᠢᠯᠣᠭᠤᠳᠣᠯᠭ᠎ᠠ ᠬᠢᠵᠤ ᠰᠠᠨᠠᠯ ᠰᠠᠨᠠᠭᠤᠯᠭ᠎ᠠ ᠪᠠᠨ ᠳᠤᠷᠠᠳᠪᠠ᠃ ᠤᠯᠠᠭᠠᠨᠳᠤᠯᠤᠭᠠᠢ ᠪᠠᠯᠭᠠᠰᠤᠨ ᠤ ᠢᠯᠠᠯᠳᠠ ᠲᠤᠰᠬᠤᠨ ᠳᠤ ᠬᠦᠷᠦᠭᠡᠳ ᠪᠠᠯᠭᠠᠰᠤᠨ ᠤ ᠨᠠᠮ ᠤᠨ ᠬᠤᠷᠢᠶ᠎ᠠ ᠪᠤᠯᠤᠨ ᠲᠤᠰᠬᠤᠨ ᠤ ᠨᠠᠮ ᠤᠨ ᠡᠭᠦᠷ ᠤᠨ ᠬᠠᠷᠢᠭᠤᠴᠠᠯᠭᠠᠳᠠᠨ ᠤ ᠲᠠᠨᠢᠯᠴᠠᠭᠤᠯᠭ᠎ᠠ ᠶᠢ ᠰᠣᠨᠣᠰᠤᠭᠰᠠᠨ ᠤ ᠳᠠᠷᠠᠭ᠎ᠠ ᠲᠤᠰ ᠪᠠᠯᠭᠠᠰᠤᠨ ᠤ ᠬᠥᠳᠡᠭᠡ ᠲᠤᠰᠬᠤᠨ ᠤ ᠵᠤᠭᠠᠴᠠᠯ ᠢ ᠬᠦᠭᠵᠢᠭᠦᠯᠬᠦ᠂ ︽ᠬᠤᠸᠠᠩ ᠰᠢᠶᠠᠩ︾ ᠭᠠᠭ᠋ᠠᠢ ᠶᠢᠨ ᠮᠢᠬ᠎ᠠ ᠶᠢᠨ ᠨᠡᠷᠡᠳᠤ ᠲᠡᠮᠳᠡᠭ ᠢ ᠪᠠᠶᠢᠭᠤᠯᠬᠤ᠂ ︽ᠠᠬᠠᠮᠠᠳ ᠳᠤᠰᠬᠤᠨ ᠳᠠᠷᠤᠭ᠎ᠠ ᠶᠢᠨ ᠥᠯᠢᠭᠡᠷ ᠤᠨ ᠴᠤᠭᠯᠠᠭᠠᠨ︾ ᠳᠤ ᠠᠬᠠᠮᠠᠳ ᠲᠤᠰᠬᠤᠨ ᠳᠠᠷᠤᠭ᠎ᠠ ᠶᠢᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠶᠠᠷᠢᠬᠤ ᠵᠡᠷᠭᠡ ᠠᠷᠭ᠎ᠠ ᠠᠪᠴᠠᠯ ᠳᠤ ᠭᠦᠢᠴᠡᠳ ᠨᠤᠳᠠᠯᠠᠯᠳᠠ ᠦᠭᠴᠤ᠂ ᠪᠡᠭᠡᠵᠢᠩ ᠱᠠᠩᠬᠠᠢ ᠳᠤ ᠰᠠᠭᠤᠭ᠎ᠠ ᠣᠷᠳᠣᠰ ᠤᠨ ᠴᠢᠳᠠᠪᠤᠷᠢᠳᠠᠨ ᠤ ᠠᠵᠢᠯᠯᠠᠬᠤ ᠥᠷᠳᠡᠭᠡ ᠶᠢ ᠠᠰᠢᠭᠯᠠᠨ ︽ᠬᠤᠸᠠᠩ ᠰᠢᠶᠠᠩ︾ ᠲᠡᠮᠳᠡᠭᠳᠤ ᠭᠠᠭ᠋ᠠᠢ ᠶᠢᠨ ᠮᠢᠬᠠᠨ ᠤ ᠨᠡᠷᠡᠳᠤ ᠲᠡᠮᠳᠡᠭ ᠢ ᠳᠡᠯᠭᠡᠷᠡᠭᠦᠯᠥᠨ ᠲᠠᠨᠢᠯᠴᠠᠭᠤᠯᠬᠤ᠂ ᠪᠣᠷᠣᠯᠠᠭᠤᠯᠬᠤ ᠠᠵᠢᠯᠯᠠᠭ᠎ᠠ ᠶᠢ ᠰᠠᠶᠢᠳᠤᠷ ᠠᠳᠬᠤᠬᠤ ᠬᠡᠷᠡᠭᠳᠡᠢ ᠭᠡᠵᠦ ᠱᠠᠭᠠᠷᠳᠠᠪᠠ᠃      ᠰᠡᠪᠬᠦᠯ ᠭᠠᠴᠠᠭᠠᠨ ᠤ ᠭᠤᠯᠢᠷ ᠪᠤᠯᠪᠠᠰᠤᠷᠠᠭᠤᠯᠬᠤ ᠲᠠᠰᠤᠭ ᠲᠤ ᠯᠢᠦ ᠷᠦᠢ ᠵᠢᠶᠧ ᠨᠠᠷ ᠪᠠᠯᠭᠠᠰᠤᠨ ᠤ ᠨᠠᠮ  ᠤᠨ ᠬᠤᠷᠢᠶ᠎ᠠ ᠪᠤᠯᠤᠨ ᠭᠠᠴᠠᠭᠠᠨ ᠤ ᠬᠤᠷᠰᠢᠭᠰᠠᠨ ᠠᠵᠤ ᠠᠬᠤᠢ ᠶᠢᠨ ᠬᠠᠷᠢᠭᠤᠴᠠᠯᠭᠠᠳᠠᠨ ᠤ ᠪᠤᠭᠤᠳᠠᠢ ᠲᠠᠷᠢᠬᠤ᠂ ᠪᠤᠯᠪᠠᠰᠤᠷᠠᠭᠤᠯᠬᠤ ᠪᠣᠷᠣᠯᠠᠭᠤᠯᠬᠤ ᠲᠤᠬᠠᠢ ᠲᠠᠨᠢᠯᠴᠠᠭᠤᠯᠭ᠎ᠠ ᠶᠢ ᠨᠠᠷᠢᠨ ᠰᠣᠨᠣᠰᠴᠤ᠂ ᠭᠤᠯᠢᠷ ᠪᠤᠯᠪᠠᠰᠤᠷᠠᠭᠤᠯᠬᠤ ᠲᠠᠰᠤᠭ ᠤᠨ ᠪᠡᠯᠡ ᠣᠷᠣᠭᠤᠯᠣᠯᠳᠠ ᠶᠢᠨ ᠪᠥᠳᠥᠭᠡᠨ ᠪᠠᠶᠢᠭᠤᠯᠤᠯᠳᠠ᠂ ᠬᠤᠷᠰᠢᠭᠰᠠᠨ ᠠᠵᠤ ᠠᠬᠤᠢ ᠶᠢᠨ ᠬᠦᠭᠵᠢᠯᠳᠡ ᠶᠢᠨ ᠪᠠᠶᠢᠳᠠᠯ ᠵᠡᠷᠭᠡ ᠶᠢ ᠯᠠᠪᠯᠠᠨ ᠠᠰᠠᠭᠤᠵᠤ᠂ ᠭᠠᠴᠠᠭᠠᠨ ᠤ ᠨᠠᠮ ᠤᠨ ᠡᠭᠦᠷ ᠤᠨ ᠳᠠᠭᠠᠭᠤᠯᠭ᠎ᠠ ᠳᠤᠤᠷ᠎ᠠ ᠵᠢᠱᠢᠶ᠎ᠡ ᠥᠵᠡᠭᠦᠯᠥᠨ ᠳᠠᠭᠠᠭᠤᠯᠬᠤ ᠦᠢᠯᠡᠳᠦᠯ ᠢᠶᠠᠨ ᠤᠯᠠᠮ ᠨᠢᠭᠡ ᠠᠯᠬᠤᠮ ᠰᠠᠶᠢᠳᠤᠷ ᠪᠠᠳᠠᠷᠠᠭᠤᠯᠵᠤ ᠠᠵᠤ ᠦᠢᠯᠡᠰ ᠤᠨ ᠬᠦᠭᠵᠢᠯᠳᠡ ᠶᠢᠨ ᠪᠤᠳᠠᠳᠤ ᠪᠠᠶᠢᠳᠠᠯ ᠲᠠᠢ ᠪᠠᠨ ᠨᠢᠭᠳᠠ ᠤᠶᠠᠯᠳᠤᠭᠤᠯᠤᠨ᠂ ︽ᠨᠠᠮ ᠤᠨ ᠡᠭᠦᠷ + ᠡᠪᠯᠡᠯ + ᠮᠠᠯᠴᠢᠨ ᠲᠠᠷᠢᠶᠠᠴᠢᠨ ᠡᠷᠦᠬᠡ︾ ᠶᠢᠨ ᠬᠡᠯᠪᠡᠷᠢ ᠪᠠᠷ ᠳᠠᠮᠵᠢᠨ ᠣᠶᠢᠷ᠎ᠠ ᠬᠠᠪᠢ ᠶᠢᠨ ᠨᠡᠩ ᠣᠯᠠᠨ ᠮᠠᠯᠴᠢᠨ ᠲᠠᠷᠢᠶᠠᠴᠢᠨ ᠢ ᠳᠠᠭᠠᠭᠤᠯᠤᠨ ᠪᠠᠶᠠᠵᠢᠭᠤᠯᠬᠤ ᠬᠡᠷᠡᠭᠳᠡᠢ ᠭᠡᠵᠤ ᠵᠢᠭᠠᠨ ᠭᠠᠷᠭᠠᠪᠠ᠃ ᠵᠠᠯᠭᠠᠭᠠᠳ ᠯᠢᠦ ᠷᠦᠢ ᠵᠢᠶᠧ ᠨᠠᠷ ᠥᠩᠭᠡᠷᠡᠭᠰᠡᠨ ᠤ ᠬᠠᠮᠳᠤ ᠶᠢᠨ ᠠᠵᠤ ᠠᠬᠤᠢ ᠶᠢᠨ ︽ᠬᠥᠨᠳᠡᠢ ᠬᠤᠭᠤᠰᠣᠨ ᠲᠤᠰᠬᠤᠨ︾ ᠮᠤᠳᠤᠨᠴᠠᠶᠢᠳᠠᠮ ᠲᠤᠰᠬᠤᠨ ᠤ ᠪᠤᠳᠤᠩ ᠭᠠᠭ᠋ᠠᠢ ᠥᠷᠡᠵᠢᠭᠦᠯᠥᠨ ᠪᠣᠶᠢᠵᠢᠭᠤᠯᠬᠤ ᠰᠠᠭᠤᠷᠢᠨ ᠭᠠᠵᠠᠷ ᠢᠶᠠᠷ ᠪᠠᠶᠢᠴᠠᠭᠠᠳ ᠥᠰᠥᠯᠳᠡ ᠪᠤᠶᠢᠵᠢᠯᠳᠠ ᠨᠢ ᠰᠠᠶᠢᠨ ᠬᠠᠷ᠎ᠠ ᠭᠠᠭ᠋ᠠᠢ ᠶᠢᠨ ᠳᠣᠷᠣᠢ ᠶᠢᠨ ᠪᠠᠶᠢᠳᠠᠯ ᠢ ᠥᠵᠡᠭᠡᠳ ᠭᠦᠢᠴᠡᠳ ᠨᠤᠳᠠᠯᠠᠯᠳᠠ ᠬᠢᠵᠤ᠂ ᠲᠡᠵᠢᠭᠡᠨ ᠥᠷᠡᠵᠢᠭᠦᠯᠬᠦ ᠰᠠᠭᠤᠷᠢᠨ ᠭᠠᠵᠠᠷ ᠤᠨ ᠪᠦᠬᠦ ᠲᠠᠯ᠎ᠠ ᠶᠢᠨ ᠲᠥᠯᠥᠪᠵᠢᠭᠦᠯᠭᠡ ᠪᠠ ᠡᠷᠡᠭᠦᠯ ᠬᠠᠮᠠᠭᠠᠯᠠᠯ ᠬᠢᠵᠢᠭ ᠤᠨ ᠰᠡᠷᠭᠡᠶᠢᠯᠡᠭᠡ ᠶᠢ ᠡᠷᠬᠡᠪᠰᠢ ᠴᠢᠩᠭ᠎ᠠ ᠠᠳᠬᠤᠬᠤ ᠬᠡᠷᠡᠭᠳᠡᠢ ᠭᠡᠵᠤ ᠱᠠᠭᠠᠷᠳᠠᠪᠠ᠃ ᠲᠡᠷᠡ ᠲᠤᠰ ᠲᠤᠰᠬᠤᠨ ᠠᠴᠠ ᠶᠠᠪᠤᠬᠤ ᠳᠠᠭᠠᠨ᠂ ᠬᠤᠳᠠ ᠶᠢᠨ ᠪᠥᠳᠥᠭᠡᠨ ᠪᠠᠶᠢᠭᠤᠯᠤᠯᠳᠠ  ᠶᠢᠨ ᠵᠥᠪᠯᠡᠯ ᠬᠠᠷᠢᠯᠴᠠᠨ ᠬᠤᠯᠪᠤᠭᠠᠯᠠᠨ ᠳᠡᠮᠵᠢᠬᠦ ᠭᠠᠴᠠᠭ᠎ᠠ ᠲᠤᠰᠬᠤᠨ ᠳᠤ ᠰᠠᠭᠤᠭ᠎ᠠ ᠺᠠᠳ᠋ᠷ ᠪᠠ ᠬᠤᠰᠢᠭᠤ ᠪᠠᠯᠭᠠᠰᠤ ᠬᠤᠶᠠᠷ ᠱᠠᠳᠤᠨ ᠤ ᠬᠠᠷᠢᠯᠴᠠᠨ ᠬᠤᠯᠪᠤᠭᠠᠯᠠᠨ ᠳᠡᠮᠵᠢᠬᠦ ᠺᠠᠳ᠋ᠷᠴᠤᠳ ᠡᠷᠬᠡᠪᠰᠢ ᠰᠡᠳᠬᠢᠯ ᠰᠠᠨᠠᠭ᠎ᠠ ᠪᠠᠨ ᠲᠥᠪᠯᠡᠷᠡᠭᠦᠯᠵᠤ ᠢᠯᠡᠭᠦᠬᠡᠨ ᠶᠠᠪᠤᠵᠤ ᠥᠵᠡᠨ᠂ ᠢᠯᠡᠭᠦᠦ ᠪᠠᠶᠢᠴᠠᠭᠠᠨ ᠰᠤᠳᠤᠯᠤᠯᠳᠠ ᠬᠢᠵᠤ᠂ ᠭᠠᠴᠠᠭ᠎ᠠ ᠲᠤᠰᠬᠤᠨ ᠪᠤᠯᠤᠨ ᠠᠷᠠᠳ ᠤᠨ ᠬᠦᠴᠢᠷᠳᠡᠯ ᠢ ᠪᠣᠳᠠᠳᠠᠢ ᠰᠢᠢᠳᠪᠦᠷᠢᠯᠡᠵᠤ ᠥᠭᠬᠦ ᠬᠡᠷᠡᠭᠳᠡᠢ ᠭᠡᠵᠦ ᠰᠠᠨᠠᠭᠤᠯᠪᠠ᠃
     ᠷᠠᠰᠢᠶᠠᠨ ᠲᠣᠬᠤᠢ ᠲᠤᠰᠬᠤᠨ ᠪᠠ ᠠᠷᠤ ᠴᠠᠶᠢᠵᠠ ᠲᠤᠰᠬᠤᠨ ᠳᠤ ᠬᠦᠷᠥᠭᠡᠳ᠂ ᠯᠢᠦ ᠷᠦᠢ ᠵᠢᠶᠧ ᠨᠠᠷ ᠭᠠᠴᠠᠭ᠎ᠠ ᠲᠤᠰᠬᠤᠨ ᠤ ︽ᠬᠤᠶᠠᠷ ᠵᠥᠪᠯᠡᠯ︾ ᠤᠨ ᠤᠳᠤᠷᠢᠳᠬᠤ ᠪᠠᠭ ᠤᠨ ᠪᠥᠷᠢᠯᠳᠦᠭᠦᠨ᠂ ᠥᠨᠳᠥᠰᠥᠨ ᠱᠠᠳᠤᠨ  ᠤ ᠨᠠᠮ ᠤᠨ ᠬᠡᠰᠢᠭᠦᠨ ᠺᠠᠳ᠋ᠷ ᠪᠠ ᠲᠤᠰᠬᠤᠨ ᠳᠤ ᠰᠠᠭᠤᠭ᠎ᠠ ᠺᠠᠳ᠋ᠷᠴᠤᠳ ᠲᠠᠢ ᠶᠠᠷᠢᠯᠴᠠᠵᠤ ᠬᠤᠭᠤᠴᠠᠭ᠎ᠠ ᠰᠣᠯᠢᠬᠤ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠠ ᠬᠦᠴᠢᠷᠳᠡᠯ ᠢ ᠭᠦᠨᠵᠡᠭᠡᠢ ᠣᠶᠢᠯᠠᠭᠠᠪᠠ᠃ ᠯᠢᠦ ᠷᠦᠢ ᠵᠢᠶᠧ ᠱᠠᠭᠠᠷᠳᠠᠬᠤ ᠳᠠᠭᠠᠨ᠂ ᠬᠤᠭᠤᠴᠠᠭ᠎ᠠ ᠰᠤᠯᠢᠬᠤ ᠠᠵᠢᠯ ᠤᠨ ᠳᠠᠶᠢᠴᠢᠯᠠᠯᠳᠠ ᠤᠬᠠᠭᠤᠯᠭ᠎ᠠ ᠶᠢ ᠴᠢᠩᠭᠠᠳᠬᠠᠵᠤ᠂ ᠢᠯᠠᠩᠭᠤᠶ᠎ᠠ ᠷᠠᠳᠢᠤ᠋᠂ ᠲᠧᠯᠸᠢᠰ᠂ ᠰᠣᠨᠢᠨ ᠰᠡᠳᠬᠦᠯ᠂ ᠲᠤᠤᠷ ᠰᠥᠯᠵᠢᠶ᠎ᠡ ᠵᠡᠷᠭᠡ ᠳᠠᠪᠴᠠᠩ ᠢ ᠠᠰᠢᠭᠯᠠᠨ᠂ ᠭᠠᠴᠠᠭᠠᠨ ᠤ ᠰᠢᠯᠢᠳᠡᠭ ᠺᠠᠳ᠋ᠷ ᠤᠨ ᠵᠥᠪ ᠲᠠᠯ᠎ᠠ ᠶᠢᠨ ᠨᠡᠶᠢᠳᠡᠯᠢᠭ ᠵᠢᠱᠢᠶᠡᠨ ᠤ ᠤᠬᠠᠭᠤᠯᠭ᠎ᠠ ᠶᠢᠨ ᠬᠦᠴᠦᠯᠡᠴᠡ ᠶᠢ ᠴᠢᠩᠭᠠᠳᠬᠠᠵᠤ᠂ ᠬᠤᠭᠤᠴᠠᠭ᠎ᠠ ᠰᠣᠯᠢᠬᠤ ᠰᠤᠩᠭᠤᠭᠤᠯᠢ ᠶᠢᠨ ᠭᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠵᠤ ᠂ ᠰᠣᠩᠭᠤᠭᠤᠯᠢ ᠶᠢᠨ ᠠᠷᠠᠳ ᠢ ᠪᠥᠷᠢᠳᠬᠡᠬᠦ ᠠᠵᠢᠯ ᠢ ᠪᠣᠳᠠᠳᠠᠢ ᠨᠠᠷᠢᠨ ᠬᠢᠵᠤ᠂ ᠭᠠᠴᠠᠭ᠎ᠠ ᠲᠤᠰᠬᠤᠨ ᠨᠡᠶᠢᠬᠡᠮ ᠲᠤᠭᠤᠷᠢᠭ ᠤᠨ ᠬᠤᠭᠤᠴᠠᠭ᠎ᠠ ᠰᠣᠯᠢᠬᠤ ᠰᠣᠩᠭᠤᠭᠤᠯᠢ ᠳᠤ ᠣᠷᠣᠯᠴᠠᠬᠤ ᠨᠤᠷᠮ᠎ᠠ ᠶᠢ ᠪᠠᠳᠤᠯᠠᠬᠤ ᠬᠡᠷᠡᠭᠳᠡᠢ ᠭᠡᠪᠡ᠃      ᠪᠠᠶᠢᠴᠠᠭᠠᠨ ᠰᠤᠳᠤᠯᠤᠯᠳᠠ ᠶᠢᠨ ᠬᠤᠭᠤᠴᠠᠭᠠᠨ ᠳᠤ ᠯᠢᠦ ᠷᠦᠢ ᠵᠢᠶᠧ ᠴᠢᠬᠤᠯᠠᠴᠢᠯᠠᠬᠤ ᠳᠠᠭᠠᠨ᠂ ᠥᠵᠡᠯ ᠰᠠᠨᠠᠭ᠎ᠠ ᠲᠠᠨᠢᠯᠳᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠤ᠂ ᠬᠠᠷᠢᠭᠤᠴᠠᠯᠭ᠎ᠠ ᠪᠠᠨ ᠲᠣᠳᠣᠷᠬᠠᠶᠢᠯᠠᠵᠤ ᠭᠤᠤᠯᠳᠠᠯᠭ᠎ᠠ ᠪᠠᠨ ᠳᠣᠪᠣᠶᠢᠯᠭᠠᠨ ᠬᠠᠮᠢᠶ᠎ᠠ ᠪᠦᠬᠦᠢ ᠠᠵᠢᠯ ᠤᠨ ᠳᠥᠰᠥᠯ ᠢᠶᠠᠨ ᠨᠠᠷᠢᠯᠢᠭᠵᠢᠭᠤᠯᠵᠤ᠂ ᠠᠵᠢᠯ ᠤᠨ ᠳᠡᠰ ᠳᠠᠷᠠᠭ᠎ᠠ ᠪᠠᠨ ᠴᠢᠩᠭᠠᠳᠬᠠᠨ ᠬᠤᠭᠤᠴᠠᠭ᠎ᠠ ᠰᠣᠯᠢᠬᠤ ᠰᠤᠩᠭᠤᠭᠤᠯᠢ ᠶᠢᠨ ᠡᠯ᠎ᠡ ᠲᠥᠷᠥᠯ ᠤᠨ ᠠᠵᠢᠯ ᠢ ᠰᠠᠶᠢᠳᠤᠷ ᠬᠢᠵᠤ᠂ ᠢᠯᠠᠩᠭᠤᠶ᠎ᠠ ᠭᠤᠤᠯᠳᠠᠯᠭ᠎ᠠ ᠲᠠᠢ ᠲᠤᠰᠬᠤᠨ᠂ ᠬᠦᠴᠢᠷᠳᠡᠢ ᠲᠤᠰᠬᠤᠨ ᠤ ᠪᠣᠭᠤᠮᠳᠠ ᠰᠢᠪᠳᠤᠯᠬᠤ ᠠᠵᠢᠯ ᠢ ᠰᠠᠶᠢᠳᠤᠷ ᠠᠳᠬᠤᠵᠤ ᠲᠠᠬᠢᠨ ᠣᠶᠢᠯᠠᠭᠠᠵᠤ ᠪᠠᠶᠢᠴᠠᠭᠠᠨ ᠵᠢᠩᠬᠢᠨᠢ ᠠᠰᠠᠭᠤᠳᠠᠯ ᠢ ᠣᠨᠣᠪᠴᠢᠳᠠᠢ ᠡᠷᠢᠵᠤ ᠪᠦᠳᠦᠮᠵᠢᠳᠡᠢ ᠠᠷᠭ᠎ᠠ ᠬᠡᠮᠵᠢᠶ᠎ᠡ ᠲᠤᠭᠳᠠᠭᠠᠨ ᠭᠠᠴᠠᠭ᠎ᠠ ᠲᠤᠰᠬᠤᠨ ᠤ ᠬᠤᠭᠤᠴᠠᠭ᠎ᠠ ᠰᠣᠯᠢᠬᠤ ᠰᠣᠩᠭᠤᠭᠤᠯᠢ ᠶᠢᠨ ᠡᠭᠦᠷᠭᠡ ᠶᠢ ᠴᠠᠭ ᠳᠠᠷᠤᠢ ᠳᠤᠨᠢ ᠴᠢᠨᠠᠷᠯᠢᠭ ᠪᠡᠶᠡᠯᠡᠭᠦᠯᠬᠦ ᠶᠢ ᠪᠠᠳᠤᠯᠠᠬᠤ ᠬᠡᠷᠡᠭᠳᠡᠢ᠃ ᠬᠤᠳᠠ ᠬᠤᠰᠢᠭᠤ ᠬᠤᠶᠠᠷ ᠱᠠᠳᠤᠨ ᠤ ᠲᠤᠰᠬᠤᠨ ᠳᠤ ᠰᠠᠭᠤᠭ᠎ᠠ ᠠᠵᠢᠯᠯᠠᠬᠤ ᠠᠩᠬᠢ ᠶᠢᠨ ᠬᠠᠷᠢᠯᠴᠠᠭ᠎ᠠ ᠵᠣᠬᠢᠴᠠᠭᠤᠯᠭ᠎ᠠ᠂ ᠬᠠᠪᠰᠤᠷᠤᠨ ᠳᠡᠳᠬᠦᠵᠤ ᠵᠢᠯᠣᠭᠤᠳᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠭᠠᠴᠠᠭ᠎ᠠ ᠲᠤᠰᠬᠤᠨ ᠢ ᠬᠠᠪᠰᠤᠷᠤᠨ ᠪᠣᠳᠠᠳᠠᠢ ᠬᠦᠴᠢᠷ ᠠᠰᠠᠭᠤᠳᠠᠯ ᠢ ᠰᠢᠢᠳᠪᠤᠷᠢᠯᠡᠵᠤ᠂ ᠬᠦᠳᠡᠭᠡ ᠲᠤᠰᠬᠤᠨ ᠢ ᠬᠦᠭᠵᠢᠭᠦᠯᠥᠨ ᠮᠠᠨᠳᠤᠭᠤᠯᠬᠤ᠂ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠰᠢᠪᠳᠤᠯᠬᠤ ᠠᠵᠢᠯ ᠤᠨ ᠳᠤᠮᠳᠠ ᠢᠳᠡᠪᠬᠢ ᠦᠢᠯᠡᠳᠦᠯ ᠢᠶᠠᠨ ᠪᠠᠳᠠᠷᠠᠭᠤᠯᠬᠤ ᠬᠡᠷᠡᠭᠳᠡᠢ ᠃ ᠵᠣᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠲᠠᠰᠤᠷᠠᠯᠳᠠ ᠦᠭᠡᠢ ᠴᠢᠩᠭᠠᠳᠬᠠᠵᠤ᠂ ᠭᠠᠴᠠᠭ᠎ᠠ ᠲᠤᠰᠬᠤᠨ  ᠤ ᠲᠤᠰ ᠪᠡᠶ᠎ᠡ ᠶᠢᠨ ᠬᠦᠭᠵᠢᠯᠳᠡ ᠪᠠ ᠣᠶᠢᠷ᠎ᠠ ᠬᠠᠪᠢ ᠶᠢᠨ ᠠᠵᠤ ᠦᠢᠯᠡᠰ ᠤᠨ ᠬᠡᠪᠴᠢᠶᠡᠵᠢᠭᠰᠡᠨ᠂ ᠨᠡᠷᠡᠳᠤ ᠲᠡᠮᠳᠡᠭᠴᠢᠯᠡᠭᠰᠡᠨ ᠬᠠᠮᠳᠤ ᠶᠢᠨ ᠠᠵᠤ ᠠᠬᠤᠢ ᠶᠢᠨ ᠲᠥᠷᠥᠯ ᠵᠦᠢᠯ ᠢ ᠰᠢᠨᠵᠢᠯᠡᠬᠦ ᠤᠬᠠᠭᠠᠨᠴᠢ ᠪᠠᠷ ᠵᠢᠯᠣᠭᠤᠳᠣᠨ ᠭᠠᠴᠠᠭ᠎ᠠ ᠲᠣᠰᠬᠤᠨ ᠠᠷᠠᠳ ᠤᠨ ᠲᠥᠯᠥᠭᠡ ᠪᠤᠳᠠᠳᠠᠢ ᠠᠵᠢᠯ ᠬᠢᠬᠦ ᠴᠢᠳᠠᠪᠤᠷᠢ ᠶᠢ ᠲᠠᠰᠤᠷᠠᠯᠳᠠ ᠦᠭᠡᠢ ᠳᠡᠭᠡᠭᠰᠢᠯᠡᠭᠦᠯᠵᠤ᠂ ᠭᠠᠴᠠᠭ᠎ᠠ ᠱᠠᠳᠤᠨ ᠤ ᠵᠣᠬᠢᠶᠠᠨ ᠪᠠᠶᠢᠭᠤᠯᠤᠯᠳᠠ ᠶᠢᠨ ᠳᠥᠷᠢᠮᠵᠢᠭᠦᠯᠥᠭᠰᠡᠨ ᠪᠥᠳᠥᠭᠡᠨ ᠪᠠᠶᠢᠭᠤᠯᠤᠯᠳᠠ ᠶᠢ ᠥᠷᠭᠦᠯᠵᠢᠯᠡᠨ ᠰᠠᠶᠢᠳᠤᠷ ᠠᠳᠬᠤᠵᠤ᠂ ᠭᠠᠴᠠᠭ᠎ᠠ ᠲᠤᠰᠬᠤᠨ ᠤ ᠨᠠᠮ ᠤᠨ ᠪᠠᠶᠢᠭᠤᠯᠤᠯᠳᠠ ᠶᠢᠨ ᠪᠠᠬᠢᠯᠡᠯᠳᠡ ᠶᠢᠨ ᠦᠢᠯᠡᠳᠦᠯ ᠢ ᠪᠠᠳᠠᠷᠠᠭᠤᠯᠬᠤ ᠶᠢᠨ ᠲᠥᠯᠥᠭᠡ ᠰᠠᠭᠤᠷᠢ ᠪᠠᠨ ᠪᠠᠳᠤᠳᠬᠠᠬᠤ ᠬᠡᠷᠡᠭᠳᠡᠢ ᠭᠡᠵᠡᠢ᠃
 
ᠢᠷᠡᠯᠲᠡ᠄ ᠳᠣᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号