ᠤᠷᠳᠤᠰ ᠬᠤᠲᠠ ᠶᠢᠨ ᠴᠦᠭᠡᠨ ᠲᠤᠭᠠᠲᠤ ᠦᠨᠳᠤᠰᠤᠳᠠᠨ ᠤ ᠶᠡᠭᠡ ᠳᠡᠭᠡᠲᠤ ᠰᠤᠷᠭᠠᠭᠤᠯᠢ ᠶᠢᠨ ᠰᠤᠷᠤᠭᠴᠢᠳ ᠲᠤ ᠨᠦᠭᠦᠪᠤᠷᠢ ᠤᠯᠭᠤᠬᠤ ᠲᠦᠷᠦ ᠶᠢᠨ ᠪᠤᠳᠤᠯᠭ᠎ᠠ
ᠨᠡᠶᠢᠲᠡᠯᠡᠭᠰᠡᠨ ᠴᠠᠭ᠄
2018-05-23
      ᠲᠤᠰᠠᠯᠠᠬᠤ ᠭᠦᠷᠢᠶ᠎ᠡ ᠬᠡᠪᠴᠢᠶ᠎ᠡ᠄ ᠪᠦᠬᠦ ᠤᠯᠤᠰ ᠤᠨ ᠶᠡᠭᠡ ᠳᠡᠭᠡᠳᠤ ᠰᠤᠷᠭᠠᠭᠤᠯᠢ ᠳᠤ ᠰᠤᠷᠤᠭᠴᠢ ᠡᠯᠰᠡᠬᠦ ᠨᠢᠭᠡᠳᠤᠯᠲᠠᠢ ᠰᠢᠯᠭᠠᠯᠲᠠ ᠪᠠᠷ ᠳᠠᠮᠵᠢᠨ ᠡᠯᠰᠡᠭᠳᠡᠭᠰᠡᠨ ᠤᠷᠳᠤᠰ ᠤᠨ ᠡᠷᠤᠬᠡ ᠠᠮᠠ ᠲᠠᠢ ᠶᠡᠭᠡ ᠳᠡᠭᠡᠳᠤ ᠰᠤᠷᠭᠠᠭᠤᠯᠢ  ᠳᠤ ᠰᠤᠷᠤᠯᠴᠠᠵᠤ ᠪᠠᠶᠢᠭ᠎ᠠ ᠮᠤᠩᠭᠤᠯ ᠦᠨᠳᠤᠰᠤᠳᠡᠨ ᠤ ᠰᠤᠷᠤᠭᠴᠢᠳ ︵ᠦᠪᠡᠷᠲᠡᠭᠡᠨ ᠵᠠᠰᠠᠬᠤ ᠤᠷᠤᠨ᠂ ᠤᠷᠳᠤᠰ ᠬᠤᠲᠠ ᠶᠢᠨ ᠬᠤᠲᠠ ᠭᠦᠳᠡᠭᠡ ᠰᠠᠭᠤᠭᠠᠯᠢ ᠠᠷᠠᠳ ᠤᠨ ᠠᠮᠢᠳᠤᠷᠠᠯ ᠤᠨ ᠦᠨᠳᠤᠰᠤᠨ ᠪᠠᠲᠤᠯᠭᠠᠲᠤ ᠭᠡᠷ ᠪᠦᠯᠢ ᠶᠢᠨ ᠶᠡᠭᠡ ᠳᠡᠭᠡᠳᠤ ᠰᠤᠷᠭᠠᠭᠤᠯᠢ ᠳᠤ ᠰᠤᠷᠤᠯᠴᠠᠵᠤ ᠪᠠᠶᠢᠭ᠎ᠠ ᠰᠤᠷᠤᠭᠴᠢᠳ ᠢ ᠲᠤᠰᠠᠯᠠᠬᠤ ᠲᠦᠷᠦ ᠶᠢᠨ ᠪᠤᠳᠤᠯᠭ᠎ᠠ ᠵᠢᠴᠢ ᠤᠷᠳᠤᠰ ᠬᠤᠳᠠ ᠶᠢᠨ ᠬᠤᠲᠠ ᠬᠦᠳᠡᠭᠡ ᠶᠢᠨ ᠭᠡᠷ ᠪᠦᠯᠢ ᠶᠢᠨ ᠠᠵᠤ ᠠᠮᠢᠳᠤᠷᠠᠯ ᠨᠢ ᠬᠦᠴᠢᠷᠳᠡᠯᠲᠠᠢ ᠡᠷᠤᠬᠡ ᠶᠢᠨ ᠶᠡᠭᠡ ᠳᠡᠭᠡᠳᠤ ᠰᠤᠷᠭᠠᠭᠤᠯᠢ ᠳᠤ ᠪᠠᠶᠢᠭ᠎ᠠ ᠰᠤᠷᠤᠭᠴᠢᠳ ᠲᠤ ᠲᠤᠰᠠᠯᠠᠬᠤ ᠲᠦᠷᠦ ᠶᠢᠨ ᠪᠤᠳᠤᠯᠭ᠎ᠠ ᠶᠢᠨ ᠲᠤᠰᠠᠯᠠᠮᠵᠢ  ᠶᠢ ᠬᠦᠷᠳᠡᠵᠤ ᠪᠠᠶᠢᠭ᠎ᠠ ᠰᠤᠷᠤᠭᠴᠢᠳ ᠲᠤ ᠲᠤᠰ ᠨᠦᠭᠦᠪᠦᠷᠢ ᠶᠢ ᠳᠠᠪᠬᠤᠷᠳᠠᠭᠤᠯᠤᠨ ᠬᠦᠷᠲᠡᠭᠡᠬᠦ ᠦᠭᠡᠢ︶᠃      ᠲᠤᠰᠠᠯᠠᠬᠤ ᠪᠠᠷᠢᠮᠵᠢᠶ᠎ᠠ᠄ ᠤᠯᠤᠰ ᠤᠨ ᠭᠤᠤᠯᠳᠠᠯᠭᠠᠲᠤ ᠶᠡᠭᠡ ᠳᠡᠭᠡᠳᠤ ᠰᠤᠷᠭᠠᠭᠤᠯᠢ ᠶᠢᠨ ᠵᠢᠩᠬᠢᠨᠢ ᠠᠩᠬᠢ  ᠶᠢᠨ ᠰᠤᠷᠤᠭᠴᠢ ᠵᠢᠯ ᠪᠦᠷᠢ 7000 ᠲᠦᠭᠦᠷᠢᠭ᠂ ᠡᠩ ᠤᠨ ᠳᠡᠭᠡᠳᠤ ᠰᠤᠷᠭᠠᠭᠤᠯᠢ ᠶᠢᠨ ᠵᠢᠩᠬᠢᠨᠢ ᠠᠩᠭᠢ ᠶᠢᠨ ᠰᠤᠷᠤᠭᠴᠢ ᠳᠤ ᠵᠢᠯ ᠪᠦᠷᠢ 5000 ᠲᠦᠭᠦᠷᠢᠭ᠂ ᠡᠩ ᠤᠨ ᠶᠡᠭᠡ ᠳᠡᠭᠡᠳᠤ ᠰᠤᠷᠭᠠᠭᠤᠯᠢ ᠶᠢᠨ ᠲᠤᠰᠬᠠᠢ ᠮᠡᠷᠭᠡᠵᠢᠯ  ᠤᠨ ᠠᠩᠭᠢ ᠶᠢᠨ ᠰᠤᠷᠤᠭᠴᠢ ᠳᠤ ᠵᠢᠯ ᠪᠦᠷᠢ 3000 ᠲᠦᠭᠦᠷᠢᠭ᠃      ᠲᠤᠳᠤᠷᠬᠠᠶᠢᠯᠠᠬᠤ ᠨᠢ᠄ ᠦᠤᠰᠢᠨ ᠬᠤᠰᠢᠭᠤᠨ ᠤ ᠦᠨᠳᠤᠰᠤᠳᠡᠨ ᠱᠠᠰᠢᠨ ᠰᠤᠷᠳᠠᠬᠤᠨ ᠤ ᠬᠡᠷᠡᠭ ᠡᠷᠬᠢᠯᠡᠬᠦ ᠲᠤᠪᠴᠢᠶᠠᠨ ᠳᠤ ᠬᠦᠷᠴᠤ ᠲᠤᠰ ᠨᠦᠬᠦᠪᠦᠷᠢ ᠶᠢ ᠭᠤᠶᠤᠪᠴᠢᠯᠠᠬᠤ ᠭᠠᠷ ᠭᠦᠢᠴᠡᠳᠭᠡᠯ ᠢ ᠬᠢᠨ᠎ᠡ᠃
 
ᠢᠷᠡᠯᠲᠡ᠄ ᠦᠤᠰᠢᠨ ᠬᠤᠰᠢᠭᠤᠨ ᠤ ᠰᠤᠷᠤᠭᠴᠢᠳ ᠢ ᠲᠤᠰᠠᠯᠠᠬᠤ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠭᠠᠷ ᠳᠡᠪᠳᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号