ᠤᠢᠢᠷ᠎ᠠ ᠶᠢᠨ ᠵᠢᠯ ᠠᠴᠠ ᠨᠠᠭᠠᠰᠢ ᠦᠤᠰᠢᠨ ᠬᠤᠰᠢᠭᠤᠨ ᠤ ᠭᠠᠯᠠᠭᠤᠳᠤ ᠪᠠᠯᠭᠠᠰᠤ ᠨᠢ ᠪᠤᠯᠪᠠᠰᠤᠨ ᠲᠤᠰᠬᠤᠨ | ᠪᠠᠯᠭᠠᠰᠤ ᠶᠢᠨ ᠪᠦᠳᠦᠭᠡᠨ ᠪᠠᠶᠢᠭᠤᠯᠤᠯᠳᠠ ᠶᠢᠨ ᠠᠯᠬᠤᠴᠠ ᠪᠠᠨ ᠲᠦᠷᠭᠡᠳᠭᠡᠵᠤ᠂ ᠤᠳᠤᠬᠢᠴᠢᠯᠠᠭᠰᠠᠨ ᠰᠤᠶᠤᠯ ᠢᠶᠠᠷ | ᠵᠠᠮᠴᠢᠯᠠᠭᠤᠯᠵᠤ᠂ ᠰᠢᠨ᠎ᠡ ᠬᠡᠪ ᠰᠤᠷᠳᠠᠯ ᠢ ᠪᠤᠢ ᠪᠤᠯᠭᠠᠨ᠂ ᠨᠡᠶᠢᠭᠡᠮ ᠤᠨ ᠶᠡᠷᠦᠩᠭᠡᠶᠢᠯᠡᠭᠰᠡᠨ ᠪᠤᠯᠪᠠᠰᠤᠨ ᠤ ᠬᠢᠷᠢ | ᠲᠦᠪᠰᠢᠨ ᠢ ᠲᠡᠭᠡᠭᠰᠢᠯᠡᠬᠦᠯᠵᠤ᠂ᠭᠠᠯᠠᠭᠤᠳᠤ ᠪᠠᠯᠭᠠᠰᠤ ᠵᠢᠨᠤᠨᠴᠠᠯᠢᠭ ᠲᠠᠢ ᠪᠤᠯᠪᠠᠰᠤᠨ ᠤ ᠪᠠᠶᠢᠭᠤᠯᠤᠯᠳᠠ ᠶᠢᠨ ᠰᠢᠨ᠎ᠡ | ᠵᠠᠮ ᠢᠶᠠᠷ ᠵᠠᠮᠨᠠᠭᠰᠠᠨ ᠪᠠᠶᠢᠨ᠎ᠠ᠃ | ᠡᠬᠢ ᠰᠤᠷᠪᠤᠯᠵᠢ ᠶᠢ ᠨᠢᠭᠡᠳᠦᠯᠳᠡᠢ ᠲᠦᠯᠦᠪᠵᠢᠬᠦᠯᠵᠤ ᠪᠤᠯᠪᠠᠰᠤᠨ ᠰᠢᠨ᠎ᠡ ᠰᠤᠷᠳᠠᠯ ᠢ ᠪᠤᠢ ᠪᠤᠯᠭᠠᠪᠠ | ᠨᠠᠮ ᠵᠠᠰᠠᠭ ᠤᠨ ᠨᠢᠭᠡᠳᠦᠭᠡᠷ ᠭᠠᠷ ᠠᠴᠠ ᠶᠡᠷᠦᠩᠭᠡᠢ ᠳᠤ ᠨᠢ ᠠᠳᠬᠤᠵᠤ᠂ ᠬᠦᠳᠡᠭᠡ ᠲᠤᠰᠬᠤᠨ ᠤ | ᠪᠤᠯᠪᠠᠰᠤᠨ ᠤ ᠪᠠᠶᠢᠭᠤᠯᠤᠯᠳᠠ ᠶᠢ ᠨᠢᠭᠡᠳᠦᠯᠳᠡᠢ ᠲᠦᠯᠦᠪᠵᠢᠬᠦᠯᠵᠤ᠂ ᠪᠤᠳᠠᠳᠠᠢ ᠪᠠᠶᠢᠷᠢᠯᠠᠭᠤᠯᠤᠯᠳᠠ ᠬᠢᠪᠡ᠃ ᠪᠠᠯᠭᠠᠰᠤ | ᠪᠠ ᠲᠤᠰᠬᠤᠨ ᠬᠤᠶᠠᠷ ᠱᠠᠳᠤᠨ ᠤ ᠬᠦᠳᠡᠭᠡ ᠨᠤᠳᠤᠭ ᠤᠨ ᠪᠤᠯᠪᠠᠰᠤᠨ ᠤ ᠡᠭᠦᠳᠦᠨ ᠪᠠᠶᠢᠭᠤᠯᠤᠯᠳᠠ ᠶᠢᠨ ᠵᠤᠬᠢᠶᠠᠨ | ᠪᠠᠶᠢᠭᠤᠯᠤᠯᠳᠠ ᠶᠢ ᠲᠡᠭᠦᠯᠳᠡᠷᠵᠢᠬᠦᠯᠵᠤ᠂ ᠲᠤᠰᠬᠠᠢ ᠠᠵᠢᠯᠳᠠᠨ ᠲᠤᠬᠢᠷᠠᠭᠤᠯᠪᠠ᠃ ᠲᠤᠭᠳᠠᠭᠰᠠᠨ ᠬᠤᠭᠤᠴᠠᠭᠠᠨ ᠳᠤ | ᠬᠤᠷᠠᠯ ᠬᠤᠷᠠᠯᠳᠤᠭᠤᠯᠵᠤ᠂ ᠡᠭᠦᠷᠭᠡᠡ ᠶᠢᠨ ᠨᠠᠶᠢᠳᠠᠪᠤᠷᠢᠵᠢᠭᠤᠯᠤᠯᠳᠠ ᠶᠢ ᠴᠢᠩᠭ᠎ᠠ ᠠᠳᠬᠤᠨ᠂ ᠡᠯ᠎ᠡ ᠲᠦᠷᠦᠯ ᠤᠨ | ᠠᠵᠢᠯ ᠤᠨ ᠤᠷᠤᠭᠰᠢ ᠠᠬᠢᠬᠤ ᠶᠢ ᠪᠠᠳᠤᠯᠠᠵᠠᠢ᠃ ᠭᠠᠯᠠᠭᠤᠳᠤ ᠪᠠᠯᠭᠠᠰᠤ ᠶᠢᠨ 12 ᠭᠠᠴᠠᠭ᠎ᠠ ᠲᠤᠰᠬᠤᠨ ᠳᠤ ᠪᠦᠷ | ᠮᠠᠯᠴᠢᠨ ᠲᠠᠷᠢᠶᠠᠴᠢᠨ ᠠᠶᠢᠯ ᠤᠨ ᠨᠤᠮ ᠤᠨ ᠦᠷᠦᠭᠡ ᠭᠠᠷᠭᠠᠵᠤ᠂ ᠨᠤᠮ ᠤᠨ ᠬᠠᠳᠠᠭᠠᠯᠠᠭᠳᠠᠴᠠ ᠨᠢ 10 ᠲᠦᠮᠡᠨ | ᠪᠤᠳᠢ ᠳᠤ ᠬᠦᠷᠦᠭᠰᠡᠨ ᠪᠠᠶᠢᠨ᠎ᠠ᠃ ᠲᠤᠰᠬᠤᠨ ᠤ ᠠᠷᠠᠳ ᠤᠨ ᠰᠤᠶᠤᠯ ᠤᠷᠠᠯᠢᠭ ᠤᠨ ᠠᠵᠢᠯᠯᠠᠭ᠎ᠠ ᠶᠢᠨ ᠲᠦᠪ ᠢ 12 | ᠪᠠᠶᠢᠭᠤᠯᠵᠤ᠂ ᠠᠭᠤᠳᠠᠮ ᠲᠠᠯᠠᠪᠠᠢ ᠶᠢᠨ ᠪᠦᠵᠢᠭ ᠤᠨ ᠠᠩᠬᠢ ᠶᠢ ᠵᠤᠬᠢᠶᠠᠨ ᠪᠠᠶᠢᠭᠤᠯᠤᠭᠠᠳ᠂ ᠤᠯᠠᠨ ᠤᠳᠠᠭᠠᠨ ᠤ | ᠰᠤᠶᠤᠯ ᠤᠷᠠᠯᠢᠭ ᠤᠨ ᠪᠤᠯᠪᠠᠰᠤᠷᠠᠯ ᠢ ᠡᠷᠬᠢᠯᠡᠨ᠂ ᠰᠠᠭᠤᠭᠠᠯᠢ ᠠᠷᠠᠳ ᠲᠤ ᠪᠠᠶᠠᠯᠢᠭ ᠠᠭᠤᠯᠭ᠎ᠠ ᠪᠦᠬᠦᠢ ᠤᠷᠠᠨ | ᠰᠠᠶᠢᠬᠠᠨ ᠤ ᠲᠤᠭᠯᠠᠯᠳᠠ ᠰᠤᠨᠢᠷᠬᠠᠭᠤᠯᠤᠭᠰᠠᠨ ᠪᠠᠶᠢᠨ᠎ᠠ᠃ | ᠰᠠᠭᠤᠷᠢ ᠪᠠᠨ ᠪᠠᠳᠤᠳᠬᠠᠵᠤ᠂ ︽ᠬᠠᠳᠠᠭᠤ ᠪᠤᠳᠠᠳᠤ ᠬᠦᠴᠦᠨ︾ ᠢ ᠤᠷᠢᠳᠠᠪᠡᠷ ᠬᠦᠭᠵᠢᠬᠦᠯᠪᠡ᠃ ᠭᠠᠯᠠᠭᠤᠳᠤ | ᠪᠠᠯᠭᠠᠰᠤ ᠨᠢ ᠦᠵᠡᠰᠬᠦᠯᠡᠩᠳᠤ ᠬᠦᠳᠡᠭᠡ ᠲᠤᠰᠬᠤᠨ ᠤ ᠪᠦᠳᠦᠭᠡᠨ ᠪᠠᠶᠢᠭᠤᠯᠤᠯᠳᠠ ᠶᠢᠨ ᠠᠵᠠ ᠲᠤᠬᠢᠶᠠᠯ ᠢᠶᠠᠨ | ᠰᠠᠶᠢᠳᠤᠷ ᠠᠳᠬᠤᠨ᠂ ᠰᠤᠶᠤᠯ ᠵᠤᠭᠠᠴᠠᠯ ᠬᠢᠭᠡᠳ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ | ᠦᠢᠯᠡᠰ ᠢ ᠤᠷᠭᠠᠨᠢᠭ ᠢᠶᠠᠷ ᠠᠭᠤᠰᠤᠯᠴᠠᠭᠤᠯᠤᠨ ᠬᠦᠭᠵᠢᠬᠦᠯᠵᠤ᠂ ᠬᠦᠳᠡᠭᠡ ᠲᠤᠰᠬᠤᠨ ᠤ ᠰᠠᠭᠤᠷᠢ | ᠲᠦᠭᠦᠭᠡᠷᠦᠮᠵᠢ ᠶᠢ ᠰᠠᠶᠢᠵᠢᠷᠠᠭᠤᠯᠵᠤ᠂ ᠬᠦᠳᠡᠭᠡ ᠲᠤᠰᠬᠤᠨ ᠤ ᠲᠦᠷᠢ ᠲᠦᠷᠬᠦ ᠶᠢ ᠬᠤᠪᠢᠷᠠᠭᠤᠯᠤᠨ᠂ ︽ | ᠰᠤᠶᠤᠯ ᠤᠨ ᠲᠤᠮᠤ ᠪᠠᠯᠭᠠᠰᠤ︾ ᠶᠢ ᠬᠦᠴᠦᠯᠡᠨ ᠪᠠᠶᠢᠭᠤᠯᠤᠭᠰᠠᠨ ᠪᠠᠶᠢᠨ᠎ᠠ᠃ ᠨᠡᠶᠢᠳᠡ 1.4 ᠳ᠋ᠦᠡᠭᠰᠢᠭᠤᠷ | ᠲᠦᠭᠦᠷᠢᠭ ᠤᠨ ᠪᠡᠯᠡ ᠤᠷᠤᠭᠤᠯᠵᠤ᠂ 1124 ᠡᠷᠦᠭᠡ ᠶᠢᠨ ᠨᠤᠷᠠᠬᠤ ᠠᠶᠤᠯᠳᠠᠢ ᠬᠡᠷ ᠪᠠᠶᠢᠰᠢᠩ ᠢ ᠵᠠᠰᠠᠨ | ᠦᠭᠡᠷᠡᠴᠢᠯᠡᠵᠡᠢ︔ ᠵᠠᠮ ᠵᠡᠭᠡᠯᠢ ᠶᠢ ᠬᠠᠳᠠᠭᠤᠷᠠᠭᠤᠯᠵᠤ᠂ ᠦᠵᠡᠮᠵᠢ ᠶᠢᠨ ᠰᠡᠷᠢᠭᠦᠨ ᠲᠠᠭᠳᠤ ᠶᠢ ᠪᠠᠶᠢᠭᠤᠯᠤᠨ᠂ | ᠤᠢᠢᠵᠢᠭᠤᠯᠤᠯᠳᠠ ᠬᠢᠭᠰᠡᠨ ᠪᠠᠶᠢᠨ᠎ᠠ᠃ ᠤᠳᠤᠬᠠᠨ ᠪᠤᠯᠬᠤ ᠳᠤ ᠭᠠᠯᠠᠭᠤᠳᠤ ᠪᠠᠯᠭᠠᠰᠤ ᠶᠢᠨ ᠵᠠᠮ ᠬᠠᠷᠢᠯᠴᠠᠭ᠎ᠠ ᠨᠡᠩ | ᠲᠦᠭᠦᠮ ᠲᠦᠳᠡ᠂ ᠪᠦᠳᠦᠭᠡᠨ ᠪᠠᠶᠢᠭᠤᠯᠤᠯᠳᠠ ᠨᠡᠩ ᠲᠤᠬᠢᠷᠠᠮᠵᠢᠳᠠᠢ ᠪᠤᠯᠤᠭᠰᠠᠨ ᠪᠠᠶᠢᠨ᠎ᠠ᠃ | ᠤᠷᠴᠢᠨ ᠲᠤᠭᠤᠷᠢᠨ ᠢ ᠭᠤᠶᠤᠵᠢᠭᠤᠯᠵᠤ᠂ ᠬᠦᠳᠡᠭᠡ ᠲᠤᠰᠬᠤᠨ ᠤ ᠰᠢᠨ᠎ᠡ ᠲᠦᠷᠢ ᠲᠦᠷᠬᠦ ᠶᠢ ᠱᠤᠭᠤᠪᠠ᠃ | ᠭᠠᠯᠠᠭᠤᠳᠤ ᠪᠠᠯᠭᠠᠰᠤ ᠨᠢ ᠤᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠬᠦᠭᠡᠭᠡᠴᠡᠯᠳᠦᠯ ᠢ | ᠪᠡᠶᠡᠯᠡᠬᠦᠯᠬᠦ ᠪᠠᠷ ᠬᠠᠷᠠᠯᠳᠠ ᠪᠤᠯᠭᠠᠨ᠂ ᠤᠯᠠᠨ ᠲᠦᠮᠡᠨ ᠢ ᠵᠤᠯ ᠵᠢᠷᠭᠠᠯ ᠲᠠᠢ ᠠᠮᠢᠳᠤᠷᠠᠭᠤᠯᠬᠤ ᠪᠠᠷ ᠴᠢᠷᠮᠠᠶᠢᠭᠰᠠᠨ | ᠪᠠᠶᠢᠨ᠎ᠠ᠃ ᠨᠡᠶᠢᠳᠡ 1800 ᠭᠠᠷᠤᠢ ᠲᠦᠮᠡᠨ ᠲᠦᠭᠦᠷᠢᠭ ᠤᠨ ᠪᠡᠯᠡ ᠵᠠᠷᠤᠴᠠᠭᠤᠯᠵᠤ ᠡᠯ᠎ᠡ ᠭᠠᠴᠠᠭ᠎ᠠ ᠲᠤᠰᠬᠤᠨ ᠤ | ᠨᠤᠷᠠᠭᠠᠭᠰᠠᠨ ᠪᠠᠶᠢᠰᠢᠩ ᠬᠡᠷᠡᠮ ᠤᠨ ᠦᠯᠡᠳᠡᠭᠳᠡᠯ ᠢ ᠴᠡᠪᠡᠷᠯᠡᠵᠤ᠂ ᠡᠷᠡᠭᠦᠯ ᠬᠠᠮᠠᠭᠠᠯᠠᠯ ᠤᠨ ᠲᠤᠨᠤᠭ | ᠲᠦᠭᠦᠭᠡᠷᠦᠮᠵᠢ ᠶᠢ ᠰᠠᠶᠢᠵᠢᠷᠠᠭᠤᠯᠤᠨ᠂ ᠨᠡᠶᠢᠳᠡ ᠶᠢᠨ ᠵᠤᠷᠯᠤᠩ ᠢ ᠪᠠᠶᠢᠭᠤᠯᠵᠤ᠂ ᠲᠤᠰᠬᠤᠨ ᠤ | ᠤᠢᠢᠵᠢᠭᠤᠯᠤᠯᠳᠠ ᠶᠢᠨ ᠠᠵᠢᠯ ᠢ ᠲᠡᠭᠦᠯᠳᠡᠷᠵᠢᠬᠦᠯᠪᠡ᠃ ᠬᠤᠭ ᠤᠨ ᠬᠠᠶᠢᠷᠴᠠᠭ᠂ ᠮᠠᠰᠢᠨ ᠲᠡᠷᠭᠡ ᠵᠡᠷᠭᠡ ᠶᠢ | ᠬᠤᠳᠠᠯᠳᠤᠨ ᠠᠪᠴᠤ᠂ ᠰᠤᠶᠤᠯ ᠤᠨ ᠠᠭᠤᠳᠠᠮ ᠲᠠᠯᠠᠪᠠᠢ᠂ ᠰᠤᠶᠤᠯ ᠤᠨ ᠦᠷᠦᠭᠡ᠂ ᠰᠡᠯᠡᠬᠦᠴᠡᠨ ᠵᠤᠰᠠᠬᠤ ᠦᠷᠳᠡᠭᠡ | ᠵᠡᠷᠭᠡ ᠶᠢ ᠪᠠᠶᠢᠭᠤᠯᠵᠠᠢ︔ ᠤᠬᠠᠭᠤᠯᠭ᠎ᠠ ᠶᠢᠨ ᠰᠠᠮᠪᠠᠷ᠎ᠠ ᠭᠠᠷᠭᠠᠵᠤ᠂ ᠰᠤᠶᠤᠯ ᠤᠨ ᠬᠡᠷᠡᠮ ᠬᠠᠨ᠎ᠠ ᠶᠢ ᠴᠢᠮᠡᠭᠯᠡᠪᠡ᠃ | ᠬᠠᠮᠳᠤ ᠳᠤ ᠨᠢ ᠬᠦᠳᠡᠭᠡ ᠲᠤᠰᠬᠤᠨ ᠤ ᠪᠤᠯᠪᠠᠰᠤᠨ ᠤ ᠬᠠᠮᠢᠶᠠᠷᠤᠯᠳᠠ ᠶᠢᠨ ᠠᠷᠭ᠎ᠠ ᠶᠢ ᠲᠤᠭᠳᠠᠭᠠᠵᠤ᠂ ᠤᠷᠴᠢᠨ | ᠲᠤᠭᠤᠷᠢᠨ ᠢ ᠬᠠᠮᠠᠭᠠᠯᠠᠬᠤ ᠦᠢᠯᠡᠴᠢᠯᠡᠭᠡᠨ ᠤ ᠡ᠊ᠡᠭᠨᠡᠭᠡ ᠶᠢ ᠪᠠᠶᠢᠭᠤᠯᠪᠡ᠃ | ᠰᠤᠶᠤᠯ ᠢᠶᠠᠷ ᠠᠷᠠᠳ ᠢ ᠬᠠᠷᠠᠭᠠᠯᠵᠠᠨ ᠪᠤᠯᠪᠠᠰᠤᠨ ᠬᠦᠭᠵᠢᠯᠳᠡ ᠶᠢ ᠠᠬᠢᠭᠤᠯᠪᠠ | ᠤᠬᠠᠭᠤᠯᠭ᠎ᠠ ᠶᠢᠨ ᠬᠦᠴᠦᠯᠡᠴᠡ ᠪᠠᠨ ᠨᠡᠮᠡᠭᠳᠡᠬᠦᠯᠵᠤ ᠤᠯᠠᠨ ᠲᠦᠮᠡᠨ ᠤ ᠨᠡᠶᠢᠭᠡᠮ ᠵᠢᠷᠤᠮ ᠤᠨ ᠭᠤᠤᠯᠯᠠᠭᠴᠢ | ᠦᠷᠳᠡᠭ ᠤᠨ ᠦᠵᠡᠯᠳᠡ ᠶᠢᠨ ᠲᠤᠬᠠᠢ ᠬᠠᠮᠳᠤ ᠶᠢᠨ ᠲᠠᠨᠢᠯᠳᠠ ᠶᠢ ᠴᠢᠩᠭᠠᠳᠬᠠᠪᠠ᠃ ᠭᠠᠯᠠᠭᠤᠳᠤ ᠪᠠᠯᠭᠠᠰᠤ ᠨᠢ | ᠨᠡᠶᠢᠭᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠳᠡ ᠪᠠ ᠤᠶᠤᠨ ᠤ ᠪᠤᠯᠪᠠᠰᠤᠨ ᠤ ᠲᠤᠬᠠᠢ | ᠤᠬᠠᠭᠤᠯᠭ᠎ᠠ ᠶᠢᠨ ᠰᠠᠮᠪᠠᠷ᠎ᠠ ᠭᠠᠷᠭᠠᠵᠤ᠂ ᠦᠰᠦᠭ ᠵᠢᠷᠤᠭ ᠬᠠᠪᠰᠤᠷᠭᠠᠨ᠂ ᠤᠯᠠᠨ ᠲᠦᠮᠡᠨ ᠤ ᠦᠢᠯᠡᠳᠪᠤᠷᠢᠯᠡᠯ | ᠠᠮᠢᠳᠤᠷᠠᠯ ᠳᠤ ᠤᠢᠢᠷᠠᠳᠣᠬᠤ ᠬᠡᠯᠪᠡᠷᠢ ᠪᠠᠷ ᠤᠬᠠᠭᠤᠯᠭ᠎ᠠ ᠬᠢᠭᠰᠡᠨ ᠪᠠᠶᠢᠨ᠎ᠠ︔ ᠬᠦᠳᠡᠭᠡ ᠲᠤᠰᠬᠤᠨ ᠤ ᠰᠤᠶᠤᠯ | ᠵᠤᠭᠠᠴᠠᠯ᠂ ᠶᠠᠪᠠᠭᠠᠨ ᠠᠯᠬᠤᠬᠤ ᠠᠵᠢᠯᠯᠠᠭ᠎ᠠ ᠮᠡᠳᠦ ᠶᠢᠨ ᠠᠵᠢᠯᠯᠠᠭ᠎ᠠ ᠶᠢ ᠠᠮᠵᠢᠯᠳᠠ ᠲᠠᠢ ᠡᠷᠬᠢᠯᠡᠨ᠂ ᠤᠯᠠᠨ | ᠲᠦᠮᠡᠨ ᠤ ᠨᠡᠶᠢᠭᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠳᠡ ᠶᠢᠨ ᠲᠤᠬᠠᠢ ᠲᠠᠨᠢᠯᠳᠠ ᠶᠢ ᠠᠬᠢᠭᠤᠯᠵᠠᠢ᠃ | ᠨᠡᠶᠢᠳᠡᠯᠢᠭ ᠵᠢᠱᠢᠶ᠎ᠡ ᠪᠠᠷ ᠲᠠᠶᠢᠴᠢᠯᠠᠨ᠂ ᠨᠡᠶᠢᠭᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠳᠡ ᠶᠢᠨ | ᠤᠷᠢᠶᠠᠯᠠᠬᠤ ᠬᠦᠴᠦᠨ ᠢ ᠴᠢᠩᠭᠠᠳᠬᠠᠪᠠ᠃ ︽ᠶᠤᠰᠤ ᠰᠤᠷᠳᠠᠬᠤᠨ ᠤ ᠵᠢᠱᠢᠶᠡᠴᠢ︾᠂ ︽ᠰᠠᠶᠢᠨ ᠬᠠᠳᠠᠮ ᠡᠵᠢ᠂ | ᠰᠠᠶᠢᠨ ᠪᠡᠷᠢ︾᠂ ︽ᠬᠠᠮᠤᠭ ᠤᠨ ᠭᠤᠶᠤ ᠮᠠᠯᠴᠢᠨ ᠲᠠᠷᠢᠶᠠᠴᠢᠨ︾ ᠵᠡᠷᠭᠡ ᠶᠢ ᠰᠤᠩᠭᠤᠨ ᠰᠢᠯᠭᠠᠷᠠᠭᠤᠯᠵᠤ᠂ | ᠤᠳᠤᠬᠠᠨ ᠪᠤᠯᠳᠠᠯ᠎ᠠ ᠭᠠᠯᠠᠭᠤᠳᠤ ᠪᠠᠯᠭᠠᠰᠤᠨ ᠳᠤ ︽ᠪᠦᠬᠦ ᠤᠯᠤᠰ ᠤᠨ ᠶᠤᠰᠤ ᠰᠤᠷᠳᠠᠬᠤᠨ ᠤ ᠵᠢᠱᠢᠶᠡᠴᠢ︾ ᠶᠢᠨ | ᠢᠷᠠᠭᠤ ᠠᠯᠳᠠᠷ ᠢ ᠬᠦᠷᠳᠡᠭᠰᠡᠨ 1 ᠬᠦᠮᠦᠨ᠂ ᠦᠪᠡᠷᠳᠡᠭᠡᠨ ᠵᠠᠰᠠᠬᠤ ᠤᠷᠤᠨ᠂ ᠬᠤᠳᠠ ᠶᠢᠨ ᠲᠡᠰ ᠤᠨ ︽ᠠᠷᠪᠠᠨ | ᠤᠳᠤᠨ ᠲᠡᠰ ᠤᠨ ᠪᠤᠯᠪᠠᠰᠤᠨ ᠡᠷᠦᠭᠡ︾᠂ ︽ᠶᠤᠰᠤ ᠰᠤᠷᠳᠠᠬᠤᠨ ᠤ ᠵᠢᠱᠢᠶᠡᠴᠢ︾ ᠪᠠᠷ ᠬᠦᠬᠢᠬᠦᠯᠦᠭᠳᠡᠭᠰᠡᠨ 12 | ᠬᠦᠮᠦᠨ᠂ ᠬᠤᠰᠢᠭᠤᠨ ᠤ ᠲᠡᠰ ᠤᠨ ︽ᠠᠷᠪᠠᠨ ᠤᠳᠤᠨ ᠲᠡᠰ ᠤᠨ ᠪᠤᠯᠪᠠᠰᠤᠨ ᠡᠷᠦᠭᠡ︾᠂ ︽ᠨᠤᠮᠢᠨ ᠲᠠᠩᠰᠤᠭ | ᠦᠤᠰᠢᠨ ᠤ ᠵᠢᠱᠢᠶᠡᠴᠢ ᠡᠷᠦᠭᠡ︾ ᠪᠠᠷ ᠦᠨᠡᠯᠡᠭᠳᠡᠭᠰᠡᠨ 241 ᠬᠦᠮᠦᠨ ᠪᠠᠶᠢᠨ᠎ᠠ᠃ | ᠤᠯᠠᠮᠵᠢᠯᠠᠯᠳᠤ ᠰᠤᠶᠤᠯ ᠢᠶᠠᠷ ᠰᠡᠭᠡᠭᠡᠷᠡᠬᠦᠯᠦᠨ ᠬᠦᠮᠦᠵᠢᠬᠦᠯᠵᠤ᠂ ᠨᠡᠶᠢᠭᠡᠮ ᠵᠢᠷᠤᠮ ᠤᠨ ᠭᠤᠤᠯᠯᠠᠭᠴᠢ | ᠦᠷᠳᠡᠭ ᠤᠨ ᠦᠵᠡᠯᠳᠡ ᠶᠢᠨ ᠨᠦᠯᠦᠭᠡᠯᠡᠬᠦ ᠬᠦᠴᠦᠨ ᠢ ᠴᠢᠩᠭᠠᠳᠬᠠᠪᠠ᠃ 18 ᠰᠤᠶᠤᠯ ᠤᠨ ᠲᠤᠭᠤᠢᠢᠯᠠᠩ ᠢ | ᠪᠠᠶᠢᠭᠤᠯᠵᠤ᠂ ᠵᠢᠯ ᠪᠦᠷᠢ ᠶᠢᠨ ᠴᠤᠭᠯᠠᠭ᠎ᠠ ᠮᠠᠶᠢᠮᠠᠢ᠂ ᠤᠪᠤᠭᠠᠨ ᠲᠠᠬᠢᠯᠭ᠎ᠠ᠂ ᠰᠦᠮ᠎ᠡ ᠶᠢᠨ ᠬᠤᠷᠠᠯ᠂ ᠴᠢᠬᠤᠯᠠ ᠶᠡᠭᠡ | ᠪᠠᠶᠠᠷ ᠲᠤᠷᠠᠰᠬᠠᠯ ᠤᠨ ᠡᠳᠦᠷ ᠢ ᠲᠤᠬᠢᠶᠠᠯᠳᠤᠭᠤᠯᠤᠨ ᠡᠯ᠎ᠡ ᠵᠦᠢᠯ ᠤᠨ ᠰᠤᠶᠤᠯ ᠤᠨ ᠠᠵᠢᠯᠯᠠᠭ᠎ᠠ ᠦᠷᠨᠢᠬᠦᠯᠦᠭᠰᠡᠨ | ᠪᠠᠶᠢᠨ᠎ᠠ᠃ ᠡᠭᠦᠨ ᠳᠤ ᠨᠡᠯᠢᠶᠡᠳ ᠤᠯᠠᠨ ᠰᠤᠶᠤᠯ ᠤᠨ ᠲᠤᠭᠤᠢᠢᠯᠠᠩ ᠨᠢ ᠤᠯᠠᠨ ᠤᠯᠤᠰ ᠤᠨ ᠪᠦᠵᠢᠭ ᠤᠨ | ᠲᠠᠶᠢᠰᠠᠨ ᠳᠤ ᠭᠠᠷᠴᠤ ᠱᠠᠩᠨᠠᠯ ᠬᠦᠬᠢᠬᠦᠯᠦᠯ ᠬᠦᠷᠳᠡᠭᠰᠡᠨ ᠪᠢᠯᠡ᠃ ᠵᠢᠯ ᠪᠦᠷᠢ ᠨᠠᠰᠤᠳᠠᠨ ᠢᠶᠠᠨ ᠬᠦᠨᠳᠦᠯᠡᠬᠦ | ᠠᠵᠢᠯᠯᠠᠭ᠎ᠠ᠂ ᠰᠠᠶᠢᠨ ᠲᠤᠷ᠎ᠠ ᠶᠢᠨ ᠦᠢᠯᠡᠴᠢᠯᠡᠭᠡ᠂ ᠬᠤᠪᠢᠰᠬᠠᠯᠳᠤ ᠲᠠᠭᠤᠨ ᠤ ᠤᠷᠤᠯᠳᠤᠭᠠᠨ ᠵᠡᠷᠭᠡ ᠪᠠᠶᠠᠷ | ᠲᠤᠷᠠᠰᠬᠠᠯ ᠤᠨ ᠠᠵᠢᠯᠯᠠᠭ᠎ᠠ ᠶᠢ 20 ᠭᠠᠷᠤᠢ ᠲᠠᠯᠠᠪᠤᠷ ᠦᠷᠨᠢᠬᠦᠯᠵᠤ᠂ ᠤᠳᠬ᠎ᠠ ᠤᠷᠠᠯᠢᠭ ᠢ ᠬᠦᠳᠡᠭᠡ ᠪᠠᠭᠤᠯᠭᠠᠨ᠂ | ᠤᠯᠠᠨ ᠲᠦᠮᠡᠨᠴᠢ ᠴᠢᠨᠠᠷ ᠲᠠᠢ ᠰᠤᠶᠤᠯ ᠤᠨ ᠠᠵᠢᠯᠯᠠᠭ᠎ᠠ ᠶᠢ ᠦᠷᠨᠢᠬᠦᠯᠦᠭᠰᠡᠨ ᠪᠠᠶᠢᠨ᠎ᠠ᠃ ᠡᠳᠡᠭᠡᠷ ᠪᠠᠶᠠᠯᠢᠭ | ᠠᠭᠤᠯᠭ᠎ᠠ ᠪᠦᠬᠦᠢ ᠰᠤᠶᠤᠯ ᠤᠨ ᠠᠵᠢᠯᠯᠠᠭ᠎ᠠ ᠪᠠᠷ ᠲᠠᠮᠵᠢᠭᠠᠳ ᠤᠯᠠᠮᠵᠢᠯᠠᠯᠳᠤ ᠰᠤᠶᠤᠯ ᠢ ᠠᠷᠠᠳ ᠤᠨ ᠰᠡᠳᠬᠢᠯ ᠳᠤ | ᠬᠦᠨ ᠦᠨᠳᠦᠰᠦᠯᠡᠬᠦᠯᠵᠤ᠂ ᠤᠯᠠᠨ ᠲᠦᠮᠡᠨ ᠳᠤ ᠨᠡᠶᠢᠭᠡᠮ ᠨᠡᠶᠢᠳᠡ ᠳᠤ ᠦᠢᠯᠡᠴᠢᠯᠡᠬᠦ᠂ ᠠᠶᠢᠯ ᠰᠠᠭᠠᠬᠠᠯᠳᠠ ᠡᠶ᠎ᠡ | ᠨᠠᠶᠢᠷᠳᠠᠢ ᠪᠠᠶᠢᠬᠤ ᠤᠨᠤᠯᠵᠢᠭᠤᠨ ᠢ ᠲᠠᠮᠵᠢᠭᠤᠯᠵᠤ᠂ ᠠᠷᠠᠳ ᠤᠯᠠᠨ ᠤ ᠪᠤᠯᠪᠠᠰᠤᠨ ᠤ ᠲᠤᠬᠠᠢ ᠲᠠᠨᠢᠯᠳᠠ ᠶᠢ ᠢᠯᠡᠷᠭᠡᠢ | ᠲᠡᠭᠡᠭᠰᠢᠯᠡᠬᠦᠯᠵᠤ ᠴᠢᠳᠠᠪᠠ᠃ | ᠡᠶ᠎ᠡ ᠵᠤᠬᠢᠴᠠᠯ ᠲᠠᠢ ︽ᠬᠡᠷ ᠪᠦᠯᠢ︾ ᠶᠢ ᠬᠠᠮᠳᠤ ᠪᠠᠷ ᠡᠭᠦᠳᠦᠨ ᠪᠠᠶᠢᠭᠤᠯᠪᠠ | ᠤᠯᠠᠨ ᠲᠦᠮᠡᠨ ᠢ ᠤᠳᠤᠷᠢᠳᠴᠤ᠂ ᠡᠯ᠎ᠡ ᠵᠦᠢᠯ ᠤᠨ ᠪᠤᠯᠬᠢ ᠮᠠᠭᠤᠬᠠᠢ ᠰᠤᠷᠳᠠᠯ ᠢ ᠬᠤᠷᠢᠭᠯᠠᠨ᠂ ᠪᠤᠯᠪᠠᠰᠤᠨ ᠢ | ᠡᠭᠦᠳᠦᠨ ᠪᠠᠶᠢᠭᠤᠯᠬᠤ ᠠᠭᠤᠷ ᠠᠮᠢᠰᠬᠤᠯ ᠢ ᠪᠤᠢ ᠪᠤᠯᠭᠠᠵᠠᠢ᠃ ᠬᠠᠮᠳᠤ ᠳᠤ ᠨᠢ ᠨᠡᠶᠢᠭᠡᠮ ᠵᠢᠷᠤᠮ ᠤᠨ ᠭᠤᠤᠯᠯᠠᠭᠴᠢ | ᠦᠷᠳᠡᠭ ᠤᠨ ᠦᠵᠡᠯᠳᠡ᠂ ᠲᠤᠮᠳᠠᠳᠤ ᠶᠢᠨ ᠬᠦᠰᠡᠯ ᠵᠡᠭᠦᠳᠦ᠂ ᠪᠤᠯᠪᠠᠰᠤᠨ ᠰᠤᠷᠳᠠᠯ᠂ ᠬᠡᠷ ᠤᠨ ᠰᠤᠷᠭᠠᠯ ᠵᠡᠷᠭᠡ | ᠭᠤᠤᠯ ᠰᠡᠳᠦᠪᠳᠤ ᠤᠬᠠᠭᠤᠯᠭ᠎ᠠ ᠶᠢ ᠰᠠᠶᠢᠳᠤᠷ ᠬᠢᠵᠤ᠂ ᠤᠯᠠᠨ ᠲᠦᠮᠡᠨ ᠤ ᠨᠡᠶᠢᠭᠡᠮ ᠵᠢᠷᠤᠮ ᠤᠨ ᠭᠤᠤᠯᠯᠠᠭᠴᠢ | ᠦᠷᠳᠡᠭ ᠤᠨ ᠦᠵᠡᠯᠳᠡ ᠶᠢᠨ ᠲᠤᠬᠠᠢ ᠲᠠᠨᠢᠯᠳᠠ ᠶᠢ ᠴᠢᠩᠭᠠᠳᠬᠠᠪᠠ᠃ | ᠤᠷᠳᠤ ᠬᠤᠭᠤᠴᠠᠭᠠᠨ ᠤ ᠬᠠᠮᠢᠶᠠᠷᠤᠯᠳᠠ ᠶᠢᠨ ᠲᠤᠭᠳᠠᠴᠠ ᠶᠢ ᠪᠠᠶᠢᠭᠤᠯᠵᠤ᠂ ᠤᠷᠳᠤ ᠬᠤᠭᠤᠴᠠᠭᠠᠨ ᠤ | ᠲᠦᠯᠦᠪᠯᠡᠭᠡ ᠲᠤᠭᠳᠠᠭᠠᠨ᠂ ᠡᠭᠦᠷᠭᠡ ᠶᠢᠨ ᠨᠠᠶᠢᠳᠠᠪᠤᠷᠢᠵᠢᠭᠤᠯᠤᠯᠳᠠ ᠶᠢ ᠴᠢᠩᠭᠠᠳᠬᠠᠭᠰᠠᠨ ᠪᠠᠶᠢᠨ᠎ᠠ᠃ ᠪᠤᠳᠠᠳᠤ | ᠪᠠᠶᠢᠳᠠᠯ ᠲᠠᠢ ᠪᠠᠨ ᠤᠶᠠᠯᠳᠤᠭᠤᠯᠤᠨ᠂ ᠬᠡᠷᠡᠭᠵᠢᠬᠦᠯᠦᠯᠳᠦ ᠴᠢᠨᠠᠷ ᠢᠶᠠᠷ ᠴᠢᠩᠭ᠎ᠠ ᠦᠵᠡᠰᠬᠦᠯᠡᠩᠳᠤ ᠬᠦᠳᠡᠭᠡ | ᠲᠤᠰᠬᠤᠨ ᠤ ᠪᠦᠳᠦᠭᠡᠨ ᠪᠠᠶᠢᠭᠤᠯᠤᠯᠳᠠ ᠶᠢᠨ ᠬᠠᠮᠢᠶᠠᠷᠤᠯᠳᠠ ᠶᠢᠨ ᠠᠷᠭ᠎ᠠ ᠶᠢ ᠲᠤᠭᠳᠠᠭᠠᠨ ᠬᠡᠷᠡᠭᠵᠢᠬᠦᠯᠵᠡᠢ᠃ | ᠭᠠᠯᠠᠭᠤᠳᠤ ᠪᠠᠯᠭᠠᠰᠤ ᠨᠢ ᠨᠠᠮ ᠤᠨ ᠬᠤᠷᠢᠶᠠᠨ ᠤ ᠨᠢᠭᠡᠳᠦᠯᠳᠡᠢ ᠤᠳᠤᠷᠢᠳᠤᠯᠭ᠎ᠠ ᠶᠢ ᠪᠠᠷᠢᠮᠳᠠᠯᠠᠨ᠂ ᠨᠠᠮ | ᠵᠠᠰᠠᠭ ᠠᠴᠠ ᠬᠠᠮᠳᠤ ᠪᠠᠷ ᠬᠠᠷᠢᠭᠤᠴᠠᠨ᠂ ︽ᠭᠠᠯᠠᠭᠤᠳᠤ ᠪᠠᠯᠭᠠᠰᠤ ᠶᠢᠨ ᠪᠤᠯᠪᠠᠰᠤᠨ ᠲᠤᠰᠬᠤᠨ ᠪᠠᠯᠭᠠᠰᠤ ᠶᠢ | ᠡᠭᠦᠳᠦᠨ ᠪᠠᠶᠢᠭᠤᠯᠬᠤ ᠠᠵᠢᠯᠯᠠᠭ᠎ᠠ ᠶᠢᠨ ᠤᠷᠳᠤ ᠬᠤᠭᠤᠴᠠᠭᠠᠨ ᠤ ᠲᠦᠯᠦᠪᠵᠢᠬᠦᠯᠭᠡ︾ ᠶᠢ ᠰᠢᠨᠵᠢᠯᠡᠬᠦ | ᠤᠬᠠᠭᠠᠨᠴᠢ ᠪᠠᠷ ᠲᠤᠭᠳᠠᠭᠠᠵᠤ᠂ ︽ᠠᠷᠠᠳ ᠢᠶᠠᠨ ᠪᠠᠶᠠᠵᠢᠭᠤᠯᠵᠤ ᠪᠠᠯᠭᠠᠰᠤ ᠪᠠᠨ ᠬᠦᠴᠦᠷᠭᠡᠭᠵᠢᠬᠦᠯᠬᠦ︾ | ᠭᠤᠤᠯᠳᠠᠯᠭ᠎ᠠ ᠶᠢᠨ ᠲᠤᠭᠤᠷᠢᠨ ᠳᠤ ᠪᠤᠯᠪᠠᠰᠤᠨ ᠲᠤᠰᠬᠤᠨ ᠪᠠᠯᠭᠠᠰᠤ ᠶᠢ ᠡᠭᠦᠳᠦᠨ ᠪᠠᠶᠢᠭᠤᠯᠬᠤ ᠠᠵᠢᠯ ᠤᠨ ᠬᠠᠷᠠᠯᠳᠠ | ᠡᠭᠦᠷᠭᠡ᠂ ᠪᠤᠳᠠᠳᠠᠢ ᠱᠠᠭᠠᠷᠳᠠᠯᠭ᠎ᠠ᠂ ᠵᠢᠭᠠᠯᠳᠠ ᠲᠤᠭ᠎ᠠ ᠵᠡᠷᠭᠡ ᠶᠢ ᠲᠤᠳᠤᠷᠬᠠᠢ ᠪᠤᠯᠭᠠᠵᠤ᠂ ᠡᠭᠦᠳᠦᠨ ᠪᠠᠶᠢᠭᠤᠯᠬᠤ | ᠠᠵᠢᠯ ᠳᠤ ᠲᠦᠷᠢᠮ ᠤᠨ ᠪᠠᠳᠤᠯᠠᠭ᠎ᠠ ᠬᠠᠨᠭ᠍ᠭᠠᠭᠰᠠᠨ ᠪᠠᠶᠢᠨ᠎ᠠ᠃ ᠤᠢᠢᠷ᠎ᠠ ᠶᠢᠨ ᠵᠢᠯ ᠤᠨ ᠴᠢᠷᠮᠠᠶᠢᠯᠭ᠎ᠠ ᠪᠠᠷ ᠲᠠᠮᠵᠢᠭᠠᠳ | ᠭᠠᠯᠠᠭᠤᠳᠤ ᠪᠠᠯᠭᠠᠰᠤ ᠶᠢᠨ ᠲᠦᠷᠢ ᠲᠦᠷᠬᠦ ᠳᠤ ᠰᠢᠨ᠎ᠡ ᠬᠤᠪᠢᠷᠠᠯᠳᠠ ᠭᠠᠷᠴᠤ᠂ ᠮᠠᠯᠴᠢᠨ ᠲᠠᠷᠢᠶᠠᠴᠢᠳ ᠠᠵᠢᠯᠴᠢ | ᠠᠷᠪᠢᠴᠢ ᠪᠠᠷ ᠦᠢᠯᠡᠰ ᠪᠤᠰᠬᠠᠵᠤ᠂ ᠬᠡᠷ ᠤᠷᠤᠨ ᠢᠶᠠᠨ ᠬᠠᠶᠢᠷᠠᠯᠠᠨ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠨ᠂ | ᠨᠠᠰᠤᠳᠠᠨ ᠢᠶᠠᠨ ᠬᠦᠨᠳᠦᠯᠡᠵᠤ ᠨᠢᠯᠬᠠᠰ ᠢᠶᠠᠨ ᠬᠠᠶᠢᠷᠠᠯᠠᠬᠤ ᠰᠢᠨ᠎ᠡ ᠬᠡᠪ ᠰᠤᠷᠳᠠᠯ ᠨᠢᠭᠡᠨᠳᠡ ᠪᠦᠷᠢᠯᠳᠦᠵᠤ᠂ ᠨᠡᠶᠢᠭᠡᠮ | ᠵᠢᠷᠤᠮ ᠤᠨ ᠰᠢᠨ᠎ᠡ ᠮᠠᠯᠵᠢᠬᠤ ᠲᠠᠷᠢᠶᠠᠯᠠᠬᠤ ᠤᠷᠤᠨ ᠢ ᠪᠦᠳᠦᠭᠡᠨ ᠪᠠᠶᠢᠭᠤᠯᠬᠤ ᠰᠠᠶᠢᠨ ᠰᠠᠶᠢᠬᠠᠨ ᠲᠦᠷᠰᠦ ᠪᠠᠶᠢᠳᠠᠯ | ᠢᠯᠡᠷᠡᠭᠰᠡᠨ ᠪᠠᠶᠢᠨ᠎ᠠ᠃ | | |