ᠬᠤᠳᠠ ᠶᠢᠨ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠬᠡᠯᠳᠡᠰ ᠤᠨ ᠪᠠᠶᠢᠴᠠᠭᠠᠨ ᠰᠣᠳᠤᠯᠤᠯᠳᠠ ᠶᠢᠨ ᠳᠣᠭᠤᠶᠢᠯᠠᠩ ᠤᠨ ᠬᠢᠨ ᠮᠠᠨ ᠤ ᠬᠤᠰᠢᠭᠤᠨ ᠳᠤ ᠢᠷᠡᠵᠦ ᠪᠠᠶᠢᠴᠠᠭᠠᠨ ᠰᠣᠳᠤᠯᠤᠯᠳᠠ ᠬᠢᠪᠡ
ᠨᠡᠶᠢᠲᠡᠯᠡᠭᠰᠡᠨ ᠴᠠᠭ᠄
2018-05-24
     5 ᠰᠠᠷ᠎ᠠ ᠶᠢᠨ 22 ᠤᠨ ᠡᠳᠦᠷ᠂ ᠬᠤᠳᠠ ᠶᠢᠨ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠭᠡᠯᠳᠡᠰ ᠤᠨ ᠵᠢᠩᠬᠢᠨᠢ ᠭᠠᠵᠠᠷ ᠤᠨ ᠳᠡᠰ ᠤᠨ ᠣᠳᠣᠷᠢᠳᠣᠯᠭ᠎ᠠ ᠸᠠᠩ ᠾᠧᠩ ᠨᠠᠷ ᠮᠠᠨ ᠤ ᠬᠤᠰᠢᠭᠤᠨ ᠳᠤ ᠢᠷᠡᠵᠦ ᠨᠠᠮ ᠤᠨ ᠵᠣᠬᠢᠶᠠᠨ ᠪᠠᠶᠢᠭᠤᠯᠣᠯᠳᠠ ᠵᠢᠴᠢ ᠭᠠᠴᠠᠭ᠎ᠠ ᠲᠣᠰᠬᠤᠨ ᠨᠡᠶᠢᠬᠡᠮ ᠲᠣᠭᠤᠷᠢᠭ ᠤᠨ ︽ᠬᠤᠶᠠᠷ ᠵᠦᠪᠯᠡᠯ︾ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠪᠠᠶᠢᠴᠠᠭᠠᠨ ᠵᠢᠯᠤᠭᠤᠳᠴᠦ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠵᠣᠬᠢᠶᠠᠨ ᠪᠠᠶᠢᠭᠤᠯᠬᠤ ᠭᠡᠯᠳᠡᠰ ᠤᠨ ᠳᠠᠷᠤᠭ᠎ᠠ ᠸᠠᠩ ᠯᠢ ᠫᠢᠩ᠂ ᠲᠤᠭ ᠪᠠᠯᠭᠠᠰᠦᠨ ᠤ ᠬᠠᠮᠢᠶ᠎ᠠ ᠪᠦᠭᠦᠢ ᠬᠠᠷᠢᠭᠤᠴᠠᠯᠭᠠᠳᠠᠨ ᠪᠠᠷᠠᠳᠠᠪᠠ᠃      ᠪᠠᠶᠢᠴᠠᠭᠠᠨ ᠰᠣᠳᠣᠯᠬᠤ ᠲᠣᠭᠤᠶᠢᠯᠠᠩ ᠤᠨ ᠬᠢᠨ ᠳᠤᠭ ᠪᠠᠯᠭᠠᠰᠣᠨ ᠤ ᠬᠤᠸᠠᠳᠣᠯᠣᠭᠠᠢ ᠭᠠᠴᠠᠭ᠎ᠠ᠂ ᠮᠡᠶᠢᠷᠡᠨᠰᠦ᠋ᠮ᠎ᠡ ᠨᠡᠶᠢᠬᠡᠮ ᠲᠣᠭᠤᠷᠢᠭ ᠲᠤ ᠭᠦᠷᠴᠦ ᠨᠠᠮ ᠤᠨ ᠪᠠᠶᠢᠭᠤᠯᠣᠯᠳᠠ ᠶᠢᠨ ᠠᠵᠢᠯ᠂ ᠰᠠᠭᠤᠷᠢᠨ ᠭᠠᠵᠠᠷ ᠤᠨ ᠪᠦᠲᠦᠬᠡᠨ ᠪᠠᠶᠢᠭᠤᠯᠣᠯᠳᠠ᠂ ᠰᠠᠭᠤᠷᠢ ᠲᠦᠭᠦᠬᠡᠷᠦᠮᠵᠢ ᠶᠢᠨ ᠪᠦᠲᠦᠬᠡᠨ ᠪᠠᠶᠢᠭᠤᠯᠣᠯᠳᠠ ᠵᠡᠷᠭᠡ ᠶᠢ ᠪᠠᠶᠢᠴᠠᠭᠠᠨ ᠦᠵᠡᠭᠰᠡᠨ ᠪᠠᠶᠢᠨ᠎ᠠ᠃ ᠪᠠᠯᠭᠠᠰᠦᠨ ᠤ ᠣᠳᠣᠷᠢᠳᠣᠯᠭ᠎ᠠ ᠠᠴᠠ ᠭᠠᠴᠠᠭ᠎ᠠ ᠲᠣᠰᠬᠤᠨ᠂ ᠨᠡᠶᠢᠬᠡᠮ ᠲᠣᠭᠤᠷᠢᠭ ᠤᠨ ᠲᠦᠢᠮᠦ ᠪᠠᠶᠢᠳᠠᠯ᠂ ᠡᠩᠨᠡᠭᠡᠨ ᠤ ᠪᠦᠲᠦᠬᠡᠨ ᠪᠠᠶᠢᠭᠤᠯᠣᠯᠳᠠ᠂ ᠰᠠᠭᠤᠷᠢᠨ ᠭᠠᠵᠠᠷ ᠤᠨ ᠪᠦᠲᠦᠬᠡᠨ ᠪᠠᠶᠢᠭᠤᠯᠣᠯᠳᠠ᠂ ᠨᠠᠮ ᠤᠨ ᠰᠣᠷᠳᠠᠯ ᠴᠢᠭᠡᠴᠢ ᠵᠠᠰᠠᠭ ᠤᠨ ᠪᠠᠶᠢᠭᠤᠯᠣᠯᠳᠠ ᠵᠢᠴᠢ ᠨᠡᠶᠢᠬᠡᠮ ᠲᠣᠭᠤᠷᠢᠭ ᠤᠨ ︽ᠬᠤᠶᠠᠷ ᠵᠦᠪᠯᠡᠯ︾ ᠤᠨ ᠬᠤᠭᠤᠴᠠᠭ᠎ᠠ ᠰᠣᠯᠢᠬᠤ ᠰᠤᠩᠭᠤᠭᠤᠯᠢ ᠶᠢᠨ ᠠᠵᠢᠯ ᠢ ᠦᠷᠨᠢᠬᠦᠯᠵᠦ ᠪᠠᠶᠢᠭ᠎ᠠ ᠪᠠᠶᠢᠳᠠᠯ ᠤᠨ ᠬᠠᠷᠢᠭᠤ ᠮᠡᠳᠡᠭᠦᠯᠦᠯᠳᠡ ᠬᠢᠪᠡ᠃      ᠪᠠᠶᠢᠴᠠᠭᠠᠨ ᠰᠣᠳᠣᠯᠬᠤ ᠲᠣᠭᠤᠶᠢᠯᠠᠩ ᠨᠢ ᠳᠤᠭ ᠪᠠᠯᠭᠠᠰᠦᠨ ᠤ ᠨᠠᠮ ᠤᠨ ᠵᠣᠬᠢᠶᠠᠨ ᠪᠠᠶᠢᠭᠤᠯᠣᠯᠳᠠ ᠵᠢᠴᠢ ᠭᠠᠴᠠᠭ᠎ᠠ ᠲᠣᠰᠬᠤᠨ ᠨᠡᠶᠢᠬᠡᠮ ᠲᠣᠭᠤᠷᠢᠭ ᠤᠨ ︽ᠬᠤᠶᠠᠷ ᠵᠦᠪᠯᠡᠯ︾ ᠤᠨ ᠬᠤᠭᠤᠴᠠᠭ᠎ᠠ ᠰᠣᠯᠢᠬᠤ ᠰᠣᠩᠭᠤᠭᠤᠯᠢ  ᠶᠢᠨ ᠠᠵᠢᠯ ᠢ ᠨᠤᠳᠠᠯᠠᠵᠤ᠂ ᠨᠠᠮ ᠤᠨ ᠪᠠᠶᠢᠭᠤᠯᠣᠯᠳᠠ ᠶᠢᠨ ᠠᠵᠢᠯ ᠢ ᠦᠷᠭᠦᠯᠵᠢᠯᠡᠨ ᠪᠠᠳᠣᠳᠬᠠᠵᠤ ᠨᠡᠶᠢᠬᠡᠮ ᠲᠣᠭᠤᠷᠢᠭ ᠤᠨ ︽ᠬᠤᠶᠠᠷ ᠵᠦᠪᠯᠡᠯ︾ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠨᠢᠮᠪᠡᠢ ᠲᠦᠯᠦᠪᠯᠡᠵᠣ᠂ ᠴᠠᠭ ᠬᠤᠭᠤᠴᠠᠭ᠎ᠠ ᠶᠢ ᠰᠠᠶᠢᠳᠣᠷ ᠡᠵᠡᠮᠳᠡᠨ᠂ ᠳᠣᠭᠳᠠᠭᠰᠠᠨ ᠴᠠᠭ ᠲᠤ ᠪᠠᠨ ᠪᠡᠶᠡᠯᠡᠭᠦᠯᠬᠦ ᠭᠡᠷᠡᠭᠳᠡᠢ ᠬᠡᠵᠦ ᠱᠠᠭᠠᠷᠳᠠᠪᠠ᠃
 
ᠢᠷᠡᠯᠲᠡ᠄ ᠲᠤᠭ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号