ᠦᠦᠰᠢᠨ ᠬᠤᠰᠢᠭᠤ ᠵᠠᠬ᠎ᠠ ᠲᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠵᠤ ᠪᠠᠶᠢᠨ᠎ᠠ
ᠨᠡᠶᠢᠲᠡᠯᠡᠭᠰᠡᠨ ᠴᠠᠭ᠄
2018-05-24
       ᠤᠢᠢᠷ᠎ᠠ ᠶᠢᠨ ᠵᠢᠯ ᠳᠤ᠂ ᠦᠦᠰᠢᠨ ᠬᠤᠰᠢᠭᠤ ᠨᠢ ᠵᠠᠬ᠎ᠠ ᠲᠡᠯᠭᠡᠭᠦᠷ ᠤᠨ ᠬᠢᠨᠠᠨ ᠬᠠᠮᠢᠶᠠᠷᠤᠯᠲᠠ ᠶᠢᠨ ︽ᠠᠷᠠᠳ ᠤᠨ ᠠᠮᠢᠳᠤᠷᠠᠯ ᠤᠨ ᠲᠤᠤᠷ︾ ᠢ ᠬᠦᠴᠦᠯᠡᠨ ᠪᠠᠶᠢᠭᠤᠯᠵᠤ᠂ ᠵᠠᠬ᠎ᠠ ᠲᠡᠯᠬᠡᠬᠦᠷ ᠤᠨ ᠬᠢᠨᠠᠨ ᠬᠠᠮᠢᠶᠠᠷᠤᠯᠲᠠ ᠶᠢᠨ ᠴᠢᠩᠭ᠎ᠠ ᠰᠡᠶᠢᠨ ᠠᠮᠤᠷ ᠲᠦᠪᠰᠢᠨ ᠢ ᠪᠠᠳᠤᠯᠠᠨ᠂ ᠰᠠᠨᠠᠭ᠎ᠠ ᠠᠮᠤᠷ ᠠᠶᠤᠯᠭᠦᠢ ᠬᠡᠷᠡᠭᠯᠡᠭᠡ ᠬᠢᠬᠦ ᠪᠠ ᠴᠢᠨᠠᠷ ᠰᠠᠶᠢᠲᠠᠢ ᠬᠦᠭᠵᠢᠯᠲᠡ ᠶᠢᠨ ᠤᠷᠴᠢᠨ ᠲᠤᠭᠤᠷᠢᠨ ᠢ ᠪᠤᠢ ᠪᠤᠯᠭᠠᠵᠤ᠂ ᠰᠢᠨ᠎ᠡ ᠶᠢ ᠡᠬᠦᠳᠴᠦ᠂ ᠴᠢᠩᠭ᠎ᠠ ᠶᠢ ᠪᠠᠷᠢᠮᠳᠠᠯᠠᠭᠰᠠᠨ ᠵᠠᠬ᠎ᠠ ᠲᠡᠯᠬᠡᠬᠦᠷ ᠤᠨ ᠬᠢᠨᠠᠨ ᠬᠠᠮᠢᠶᠠᠷᠤᠯᠲᠠ ᠨᠢ ᠢᠳᠡᠬᠡᠨ ᠡᠮ ᠤᠨ ᠠᠶᠤᠯᠭᠦᠢ ᠶᠢ ᠪᠠᠳᠤᠯᠠᠬᠤ ᠳᠤ ᠴᠢᠨᠡᠷ ᠤᠨ ︽ᠲᠠᠭᠠᠳᠬᠠᠯ︾ ᠪᠤᠯᠵᠤ ᠪᠥᠷᠢᠯᠳᠤᠪᠡ᠃        ︽345︾ ᠬᠢᠨᠠᠨ ᠬᠠᠮᠢᠶᠠᠷᠤᠯᠲᠠ ᠶᠢᠨ ᠲᠤᠭᠲᠠᠯᠴᠠᠭ᠎ᠠ        ᠵᠠᠬ᠎ᠠ ᠲᠡᠯᠬᠡᠬᠦᠷ ᠤᠨ ᠬᠢᠨᠠᠨ ᠬᠠᠮᠢᠶᠠᠷᠤᠯᠲᠠ ᠶᠢᠨ ᠠᠵᠢᠯ ᠪᠤᠯ ᠤᠯᠠᠨ ᠲᠦᠮᠡᠨ ᠤ ᠬᠤᠪᠢ ᠪᠡᠶ᠎ᠠ ᠶᠢᠨ ᠠᠰᠢᠭ ᠲᠤᠰᠠ ᠲᠠᠢ ᠬᠤᠯᠪᠤᠭᠲᠠᠬᠤ᠂ ᠠᠷᠠᠳ ᠤᠨ ᠠᠮᠢᠳᠤᠷᠠᠯ ᠤᠨ ᠢᠨᠵᠧᠨᠧᠷᠢᠩ ᠪᠤᠯᠬᠤ ᠪᠠᠷ ᠪᠠᠷᠠᠬᠤ ᠦᠬᠡᠢ ᠠᠷᠠᠳ ᠤᠨ ᠰᠡᠳᠬᠢᠯ ᠤᠨ ᠢᠨᠵᠧᠨᠧᠷᠢᠩ ᠶᠤᠮ᠃ ᠬᠡᠷᠡᠭᠯᠡᠭᠴᠢᠳ ᠤᠨ ᠬᠤᠳᠠᠯᠳᠤᠨ ᠠᠪᠬᠤ ᠳᠤ ᠰᠠᠨᠠᠭ᠎ᠠ ᠠᠮᠤᠷ᠂ ᠢᠳᠡᠬᠦ ᠳᠤ ᠠᠮᠤᠷ ᠲᠦᠪᠰᠢᠨ ᠪᠠᠶᠢᠬᠤ ᠶᠢ ᠪᠡᠶᠡᠯᠡᠬᠦᠯᠦᠶ᠎ᠡ ᠬᠡᠪᠡᠯ᠂ ᠶᠠᠭᠤᠨ ᠤ ᠤᠷᠢᠳᠠ ᠵᠠᠬ᠎ᠠ ᠲᠡᠯᠬᠡᠬᠦᠷ ᠤᠨ ᠬᠢᠨᠠᠨ ᠬᠠᠮᠢᠶᠠᠷᠤᠯᠳᠠ ᠶᠢᠨ ᠴᠢᠳᠠᠪᠤᠷᠢ ᠶᠢ ᠲᠡᠭᠡᠭᠰᠢᠯᠡᠬᠦᠯᠵᠦ᠂ ᠠᠰᠠᠭᠤᠲᠠᠯ ᠲᠠᠢ ᠪᠦᠲᠦᠬᠡᠭᠲᠡᠬᠦᠨ ᠢ ᠤᠷᠤᠰᠢᠬᠤ ᠭᠠᠵᠠᠷ ᠦᠭᠡᠢ᠂ ᠬᠠᠤᠯᠢ ᠪᠤᠰᠤ ᠥᠢᠯᠡᠳᠤᠨ ᠪᠤᠷᠤᠯᠠᠭᠤᠯᠤᠭᠴᠢ ᠬᠠᠤᠯᠢ ᠶᠢᠨ ᠲᠤᠤᠷ ᠠᠴᠠ ᠲᠤᠲᠠᠭᠠᠵᠤ ᠲᠡᠶᠢᠯᠬᠦ ᠦᠬᠡᠢ ᠪᠤᠯᠭᠠᠬᠤ ᠬᠡᠷᠡᠭᠲᠡᠢ᠃        ︽ᠪᠠᠶᠢᠭᠤᠯᠤᠮᠵᠢ ᠶᠢᠨ ᠥᠭᠡᠷᠡᠴᠢᠯᠡᠯᠳᠡ ᠶᠢᠨ ᠰᠠᠭᠤᠷᠢ ᠶᠢ ᠪᠠᠳᠤᠳᠬᠠᠬᠤ ᠪᠠᠷ ᠳᠠᠮᠵᠢᠭᠤᠯᠤᠨ᠂ ᠮᠠᠨ ᠤ ᠬᠤᠰᠢᠭᠤ ︿ᠭᠤᠷᠪᠠᠨ ᠲᠠᠪᠬᠤᠷ ᠬᠢᠨᠠᠨ ᠬᠠᠮᠢᠶᠠᠷᠬᠤ ᠲᠤᠤᠷ﹀᠂ ︿ᠲᠦᠷᠪᠡᠨ ᠱᠠᠳᠤ ᠪᠠᠷ ᠢᠶᠠᠨ ᠵᠤᠬᠢᠴᠠᠭᠤᠯᠤᠨ ᠬᠤᠯᠪᠤᠭᠠᠯᠠᠬᠤ﹀᠂ ︿ᠲᠠᠪᠤᠨ ᠶᠡᠭᠡ ᠨᠠᠶᠢᠬᠡᠮ ᠤᠨ ᠬᠠᠷᠢᠭᠤᠴᠠᠯᠭ᠎ᠠ ᠶᠢᠨ ᠲᠤᠭᠲᠠᠯᠴᠠᠭ᠎ᠠ﹀ ᠪᠤᠯᠬᠤ ︿345﹀ ᠬᠢᠨᠠᠨ ᠬᠠᠮᠢᠶᠠᠷᠤᠯᠳᠠ ᠬᠢᠬᠦ ᠲᠤᠭᠲᠠᠯᠴᠠᠭ᠎ᠠ ᠶᠢ ᠰᠢᠨᠵᠢᠯᠡᠬᠦ ᠤᠬᠠᠭᠠᠨᠴᠢ ᠪᠠᠷ ᠪᠠᠶᠢᠭᠤᠯᠵᠤ᠂ ᠢᠳᠡᠬᠡᠨ ᠡᠮ ᠤᠨ ᠵᠥᠢᠯ ᠤᠨ ᠠᠶᠤᠯᠭᠦᠢ ᠶᠢ ᠪᠠᠲᠤᠯᠠᠪᠠ᠃︾ ᠭᠡᠵᠤ ᠦᠦᠰᠢᠨ ᠬᠤᠰᠢᠭᠤᠨ ᠤ ᠢᠳᠡᠬᠡᠨ ᠤ ᠠᠶᠤᠯᠭᠦᠢ ᠶᠢᠨ ᠵᠥᠪᠯᠡᠯ ᠤᠨ ᠡᠷᠬᠢᠯᠡᠭᠴᠢ᠂ ᠵᠠᠬ᠎ᠠ ᠲᠡᠯᠬᠡᠬᠦᠷ ᠤᠨ ᠬᠢᠨᠠᠨ ᠬᠠᠮᠢᠶᠠᠷᠤᠯᠲᠠ ᠶᠢᠨ ᠲᠤᠪᠴᠢᠶᠠᠨ ᠤ ᠲᠠᠷᠤᠭ᠎ᠠ ᠯᠢᠦ ᠽᠢ ᠪᠢᠨ ᠪᠦᠬᠦ ᠬᠤᠰᠢᠭᠤᠨ ᠤ ᠬᠡᠪᠴᠢᠶᠠᠨ ᠳᠤ ᠪᠠᠶᠢᠭᠤᠯᠤᠭᠰᠠᠨ ︽ᠪᠦᠬᠦ ᠲᠠᠯ ᠎ᠠ ᠪᠠᠷ ᠪᠦᠷᠬᠦᠬᠦ᠂ ᠳᠡᠰ ᠬᠤᠪᠢᠶᠠᠨ ᠬᠢᠨᠠᠨ ᠬᠠᠮᠢᠶᠠᠷᠬᠤ᠂ ᠲᠠᠪᠬᠤᠷ ᠲᠠᠪᠬᠤᠷ ᠬᠠᠷᠢᠭᠤᠴᠠᠯᠭ᠎ᠠ ᠡᠬᠦᠷᠬᠡᠯᠡᠬᠦ᠂ ᠬᠠᠷᠢᠭᠤᠴᠠᠯᠭ᠎ᠠ ᠶᠢ ᠬᠥᠮᠥᠨ ᠪᠥᠬᠦᠨ ᠳᠤ ᠨᠠᠶᠢᠳᠠᠪᠤᠷᠢᠵᠢᠭᠤᠯᠬᠤ︾ ᠪᠠᠷ ᠭᠤᠤᠯᠳᠠᠯᠭ᠎ᠠ ᠪᠤᠯᠭᠠᠭᠰᠠᠨ ᠬᠤᠰᠢᠭᠤ᠂ ᠰᠤᠮᠤ ᠪᠠᠯᠭᠠᠰᠤ᠂ ᠭᠠᠴᠠᠭ᠎ᠠ ᠲᠤᠰᠬᠤᠨ ᠤ ᠢᠳᠡᠬᠡᠨ ᠡᠮ ᠤᠨ ᠵᠥᠢᠯ ᠢ ᠬᠢᠨᠠᠨ ᠬᠠᠮᠢᠶᠠᠷᠬᠤ ᠭᠤᠷᠪᠠᠨ ᠲᠠᠪᠬᠤᠷ ᠲᠤᠤᠷ ᠲᠤ ᠪᠠᠨ ᠢᠳᠡᠬᠡᠯ ᠲᠦᠬᠦᠷᠡᠩ ᠪᠠᠶᠢᠵᠤ᠂ ᠡᠨᠡ ᠬᠦ ᠰᠢᠨᠵᠢᠯᠡᠬᠦ ᠤᠬᠠᠭᠠᠨ ᠤ ᠲᠤᠭᠲᠠᠯᠴᠠᠭ᠎ᠠ ᠨᠢ ᠢᠳᠡᠬᠡᠨ ᠡᠮ ᠤᠨ ᠵᠥᠢᠯ ᠤᠨ ᠠᠶᠤᠯᠭᠦᠢ ᠶᠢᠨ ᠬᠠᠮᠢᠶᠠᠷᠤᠯᠲᠠ ᠬᠢᠬᠦ ︽ᠡᠴᠤᠰ ᠤᠨ ᠨᠢᠬᠡ ᠺᠢᠯᠤᠮᠧᠲᠷ︾ ᠢ ᠤᠯᠠᠮ ᠨᠡᠪᠳᠡᠷᠬᠡᠢ ᠪᠤᠯᠭᠠᠯ᠎ᠠ ᠬᠡᠵᠦ ᠲᠡᠷᠡ ᠦᠵᠡᠵᠦ ᠪᠠᠶᠢᠯ᠎ᠠ᠃        ︽ᠳᠡᠭᠡᠳᠤ ᠳᠤᠤᠷᠡᠳᠤ ᠱᠠᠳᠤ ᠬᠤᠯᠪᠤᠭᠠᠯᠠᠬᠤ᠂ ᠰᠢᠰᠲ᠋ᠧᠮ ᠤᠨ ᠳᠤᠳᠤᠭᠠᠳᠤ ᠳᠤ ᠬᠤᠯᠪᠤᠭᠠᠯᠠᠬᠤ᠂ ᠰᠠᠯᠠᠭ᠎ᠠ ᠮᠥᠴᠢᠷ ᠬᠤᠯᠪᠤᠭᠠᠯᠠᠬᠤ᠂ ᠬᠥᠷᠰᠢ ᠵᠡᠷᠭᠡᠯᠡᠳᠡᠭᠡ ᠬᠤᠯᠪᠤᠭᠠᠯᠠᠬᠤ︾ ᠲᠥᠷᠪᠡᠨ ᠱᠠᠳᠤᠨ ᠤ ᠬᠤᠯᠪᠤᠭᠠᠯᠠᠬᠤ ᠳᠤᠭᠳᠠᠯᠴᠠᠭ᠎ᠠ ᠨᠢ ᠢᠳᠡᠬᠡᠨ ᠡᠮ ᠤᠨ ᠵᠥᠢᠯ ᠤᠨ ᠠᠶᠤᠯᠭᠦᠢ ᠶᠢ ᠶᠡᠷᠤᠩᠬᠡᠶᠢᠯᠡᠨ ᠵᠠᠰᠠᠬᠤ ᠥᠷ᠎ᠠ ᠠᠰᠢᠭ ᠢ ᠤᠯᠠᠮ ᠢᠯᠡᠷᠬᠡᠢ ᠪᠤᠯᠭᠠᠪᠠ᠃ ᠨᠠᠮ ᠵᠠᠰᠠᠭ ᠬᠠᠮᠳᠤ ᠪᠠᠷ ᠬᠠᠷᠢᠭᠤᠴᠠᠬᠤ᠂ ᠰᠠᠯᠠᠭ᠎ᠠ ᠮᠥᠴᠢᠷ ᠬᠢᠨᠠᠨ ᠬᠠᠮᠢᠶᠠᠷᠴᠤ ᠬᠠᠷᠢᠭᠤᠴᠠᠬᠤ᠂ ᠠᠵᠤ ᠠᠬᠤᠢᠢᠯᠠᠯ ᠭᠤᠤᠯ ᠴᠤᠭᠴᠠ ᠠᠴᠠ ᠬᠠᠷᠢᠭᠤᠴᠠᠬᠤ᠂ ᠠᠵᠢᠯ ᠲᠥᠷᠥᠯ ᠤᠨ ᠬᠢᠨ ᠤᠬᠠᠮᠰᠠᠷ ᠠᠴᠠ ᠬᠠᠷᠢᠭᠤᠴᠠᠬᠤ᠂ ᠨᠡᠶᠢᠬᠡᠮ ᠠᠴᠠ ᠬᠢᠨᠠᠯᠳᠠ ᠳᠠᠯᠪᠢᠵᠤ ᠬᠠᠷᠢᠭᠤᠴᠠᠬᠤ ᠵᠡᠷᠭᠡ ᠳᠠᠪᠤᠨ ᠶᠡᠭᠡ ᠬᠠᠷᠢᠭᠤᠴᠠᠯᠭ᠎ᠠ ᠶᠢᠨ ᠳᠤᠭᠳᠠᠯᠴᠠᠭ᠎ᠠ ᠶᠢ ᠴᠢᠩᠭᠠᠳᠬᠠᠵᠤ᠂ ᠨᠡᠶᠢᠬᠡᠮ ᠤᠨ ᠬᠠᠮᠳᠤ ᠶᠢᠨ ᠵᠠᠰᠠᠯᠳᠠ ᠶᠢ ᠠᠬᠢᠭᠤᠯᠪᠠ᠃        ᠵᠠᠬ᠎ᠠ ᠲᠡᠯᠬᠡᠬᠦᠷ ᠤᠨ ᠬᠢᠨᠠᠨ ᠬᠠᠮᠢᠶᠠᠷᠤᠯᠲᠠ ᠶᠢᠨ ᠳᠤᠤᠷᠵᠢᠯᠳᠡ᠂ ᠤᠷᠤᠮ ᠦᠯᠡᠳᠡᠬᠡᠬᠦ᠂ ᠬᠠᠷᠢᠭᠤᠴᠠᠯᠭ᠎ᠠ ᠨᠡᠬᠡᠮᠵᠢᠯᠡᠬᠦ ᠠᠷᠭ᠎ᠠ ᠬᠡᠮᠵᠢᠶ᠎ᠠ ᠪᠠᠷ ᠳᠠᠮᠵᠢᠭᠤᠯᠤᠨ ᠬᠢᠨᠠᠨ ᠬᠠᠮᠢᠶᠠᠷᠤᠯᠲᠠ ᠪᠥᠬᠦᠨ ᠢ ᠪᠦᠷᠬᠦᠬᠦ ᠶᠢ ᠪᠡᠶᠡᠯᠡᠬᠦᠯᠵᠦ᠂ ᠬᠢᠨᠠᠨ ᠬᠠᠮᠢᠶᠠᠷᠬᠤ ᠴᠢᠲᠠᠪᠤᠷᠢ ᠪᠠ ᠬᠢᠨᠠᠨ ᠬᠠᠮᠢᠶᠠᠷᠬᠤ ᠦᠢᠯᠡᠳᠦᠯ ᠢᠯᠡᠷᠬᠡᠢ ᠳᠡᠭᠡᠭᠰᠢᠯᠡᠯᠳᠡ ᠲᠠᠢ ᠪᠤᠯᠪᠠ︔ ᠢᠳᠡᠬᠡᠨ ᠢ ᠪᠤᠯᠪᠠᠰᠤᠷᠠᠭᠤᠯᠬᠤ ᠬᠦᠷᠢᠶᠡᠯᠡᠩ ᠳᠤ᠂ ︽ᠨᠢᠬᠡ ᠪᠢᠯᠧᠲ ᠢᠶᠠᠷ ᠨᠡᠪᠲᠡᠷᠡᠬᠦ︾ ᠲᠦᠷᠢᠮ ᠢ ᠴᠢᠩᠭ᠎ᠠ ᠬᠡᠷᠡᠭᠵᠢᠬᠦᠯᠤᠨ᠂ ᠨᠢᠬᠡᠲᠦᠯᠲᠡᠢ ᠪᠤᠭᠤᠲᠠᠯᠯᠠᠵᠤ ᠡᠯᠧᠺᠲᠷᠤᠨ ᠮᠡᠷᠭᠡᠨ ᠴᠤᠬᠤᠷ ᠢ ᠲᠠᠷᠤᠮᠠᠯᠯᠠᠬᠤ ᠶᠢ ᠬᠡᠷᠡᠭᠵᠢᠬᠦᠯᠵᠦ᠂ ᠭᠤᠤᠯᠲᠠᠯᠭᠠᠲᠤ ᠢᠳᠡᠭᠡᠨ᠂ ᠨᠤᠲᠤᠭ ᠤᠨ ᠢᠳᠡᠬᠡᠨ ᠤ ᠡᠬᠢ ᠰᠤᠷᠪᠤᠯᠵᠢ ᠶᠢ ᠮᠥᠷᠲᠡᠬᠦ᠂ ᠪᠤᠷᠤᠯᠠᠭᠤᠯᠬᠤ ᠴᠢᠭᠯᠡᠯ ᠢ ᠪᠠᠶᠢᠴᠠᠭᠠᠵᠤ ᠲᠡᠶᠢᠯᠬᠦ ᠶᠢ ᠦᠨᠳᠦᠰᠦᠨ ᠳᠤ ᠪᠠᠨ ᠪᠠᠶᠡᠯᠡᠭᠦᠯᠪᠡ︔ ᠲᠤᠮᠤ ᠬᠡᠯᠪᠡᠷᠢ ᠶᠢᠨ ᠬᠤᠭᠤᠯᠠ ᠤᠮᠲᠠᠭᠠᠨ ᠤ ᠦᠢᠯᠡᠴᠢᠯᠡᠬᠡᠨ ᠤ ᠨᠢᠬᠡᠴᠢ ᠶᠢᠨ 4D ᠬᠠᠮᠢᠶᠠᠷᠤᠯᠲᠠ᠂ ᠲᠤᠮᠲᠠᠲᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ ᠬᠤᠭᠤᠯᠠᠨ ᠲᠠᠩᠭᠢᠮ ᠤᠨ 6S ᠬᠠᠮᠢᠶᠠᠷᠤᠯᠲᠠ ᠶᠢᠨ ᠬᠡᠪ ᠵᠠᠭᠪᠤᠷ ᠢ ᠶᠡᠭᠡ ᠪᠠᠷ ᠲᠦᠬᠡᠮᠡᠯᠵᠢᠬᠦᠯᠦᠨ ᠬᠡᠷᠡᠭᠵᠢᠬᠦᠯᠵᠦ᠂ ᠬᠦᠳᠡᠭᠡ ᠲᠤᠰᠬᠤᠨ ᠮᠠᠯᠵᠢᠬᠤ ᠤᠷᠤᠨ ᠤ 100 ᠬᠦᠮᠦᠨ ᠠᠴᠠ ᠲᠡᠭᠡᠭᠰᠢ ᠬᠥᠮᠥᠨ ᠴᠤᠭᠯᠠᠷᠠᠨ ᠬᠤᠭᠤᠯᠠ ᠪᠤᠳᠠᠭ᠎ᠠ ᠢᠳᠡᠬᠦ ᠲᠦᠷᠢᠮ ᠢ ᠴᠢᠩᠭ᠎ᠠ ᠭᠡᠷᠡᠭᠵᠢᠬᠦᠯᠵᠦ᠂ ᠪᠦᠬᠦ ᠬᠤᠰᠢᠭᠤᠨ ᠤ ᠬᠤᠭᠤᠯᠠ ᠤᠮᠲᠠᠭᠠᠨ ᠤ ᠦᠢᠯᠡᠴᠢᠯᠡᠬᠡᠨ ᠤ ᠨᠢᠬᠡᠴᠢ ᠶᠢᠨ ᠢᠯᠡ ᠴᠡᠪᠡᠷ ᠲᠤᠭᠤᠭᠠᠨ ᠭᠡᠷ ᠤᠨ ᠨᠤᠷᠮ᠎ᠠ ᠨᠢ 91% ᠲᠤ ᠬᠦᠷᠴᠤ᠂ ᠬᠡᠷᠡᠭᠯᠡᠭᠴᠢᠳ ᠨᠢᠭᠡᠪᠤᠷᠢ ᠪᠦᠷ ᠬᠢᠨᠠᠯᠲᠠ ᠲᠠᠯᠪᠢᠬᠤ ᠪᠤᠯᠵᠤ᠂ ᠢᠳᠡᠬᠡᠨ ᠤᠮᠲᠠᠭᠠᠨ ᠤ ᠬᠠᠮᠢᠶᠠᠷᠤᠯᠲᠠ ᠶᠢᠨ ᠬᠢᠷᠢ ᠲᠦᠪᠰᠢᠨ ᠤᠯᠠᠮ ᠨᠢᠬᠡ ᠠᠯᠬᠤᠮ ᠲᠡᠭᠡᠭᠰᠢᠯᠡᠭᠰᠡᠨ ᠪᠠᠶᠢᠨ᠎ᠠ᠃       ᠬᠦᠳᠡᠭᠡ ᠲᠤᠰᠬᠤᠨ ᠮᠠᠯᠵᠢᠬᠤ ᠤᠷᠤᠨ ᠳᠤ ︽ᠲᠦᠷᠪᠡᠨ ᠰᠡᠶᠢᠨ︾ ᠵᠢᠱᠢᠶ᠎ᠠ ᠦᠵᠡᠬᠦᠯᠬᠦ ᠲᠡᠯᠬᠡᠬᠦᠷ᠂ ᠰᠠᠨᠠᠭ᠎ᠠ ᠠᠮᠤᠷ ᠮᠢᠬ᠎ᠠ ᠨᠤᠭᠤᠭ᠎ᠠ ᠶᠢᠨ ᠵᠢᠱᠢᠶ᠎ᠠ ᠦᠵᠡᠬᠦᠯᠬᠦ ᠬᠠᠮ ᠲᠡᠯᠬᠡᠬᠦᠷ᠂ ᠵᠢᠱᠢᠶ᠎ᠠ ᠦᠵᠡᠬᠦᠯᠬᠦ ᠮᠠᠯ ᠲᠠᠷᠢᠶᠠᠯᠠᠩ ᠤᠨ ᠵᠠᠬ᠎ᠠ ᠲᠡᠯᠬᠡᠬᠦᠷ ᠢ ᠪᠦᠲᠦᠬᠡᠨ ᠪᠠᠶᠢᠭᠤᠯᠵᠤ᠂ ᠬᠡᠷᠡᠴᠢ ᠪᠢᠯᠧᠲ ᠠᠪᠬᠤ ᠲᠦᠷᠢᠮ ᠢ ᠰᠠᠶᠢᠳᠤᠷ ᠨᠠᠶᠢᠲᠠᠪᠤᠷᠢᠵᠢᠭᠤᠯᠤᠨ᠂ ᠢᠳᠡᠬᠡᠨ ᠢ ᠮᠦᠷᠲᠡᠬᠦ ᠬᠢᠬᠡᠳ ᠢᠳᠡᠬᠡᠨ ᠢ ᠵᠠᠬ᠎ᠠ ᠲᠡᠯᠬᠡᠬᠦᠷ ᠠᠴᠠ ᠪᠤᠴᠠᠭᠠᠬᠤ ᠲᠦᠷᠢᠮ ᠢ ᠪᠠᠶᠢᠭᠤᠯᠪᠠ᠃ ᠡᠮ ᠡᠮᠨᠡᠯᠬᠡ ᠶᠢᠨ ᠪᠠᠭᠠᠵᠢ ᠬᠡᠷᠡᠭᠰᠡᠯ ᠵᠢᠴᠢ ᠡᠷᠡᠬᠦᠯᠵᠢᠯ ᠢᠳᠡᠬᠡᠨ ᠭᠤᠶᠤᠯᠠᠯ ᠤᠨ ᠡᠳ᠋ ᠤᠨ ᠬᠤᠲᠠᠯ ᠬᠠᠭᠤᠷᠮᠠᠭ ᠵᠢᠴᠢ ᠬᠤᠲᠠᠯ ᠬᠠᠭᠤᠷᠮᠠᠭ ᠤᠬᠠᠭᠤᠯᠭ᠎ᠠ ᠳᠤ ᠴᠢᠩᠭ᠎ᠠ ᠴᠤᠬᠢᠯᠲᠠ ᠦᠭᠴᠦ᠂ ᠤᠯᠠᠨ ᠰᠠᠯᠠᠭ᠎ᠠ ᠮᠥᠴᠢᠷ ᠬᠠᠮᠲᠤᠷᠠᠨ ᠬᠠᠤᠯᠢ ᠶᠢ ᠬᠡᠷᠡᠭᠵᠢᠬᠦᠯᠬᠦ ᠶᠢ ᠲᠤᠭᠲᠠᠮᠠᠯ ᠬᠤᠭᠤᠴᠠᠭ᠎ᠠ ᠲᠠᠢ ᠪᠠᠷ ᠦᠷᠨᠢᠬᠦᠯᠪᠡ᠃       ᠮᠡᠷᠭᠡᠵᠢᠯ ᠴᠢᠳᠠᠪᠤᠷᠢ ᠶᠢᠨ ᠭᠤᠷᠪᠠᠨ ᠶᠡᠭᠡ ᠲᠦᠰᠢᠭ ᠲᠤᠯᠭᠠᠭᠤᠷᠢ       ᠨᠢᠭᠡ᠂ ᠰᠢᠯᠭᠠᠨ ᠪᠠᠶᠢᠴᠠᠭᠠᠬᠤ ᠲᠦᠷᠬᠡᠨ ᠪᠠᠶᠢᠴᠠᠭᠠᠯᠲᠠ ᠪᠦᠬᠦᠨ ᠢ ᠪᠦ᠋ᠷᠬᠦᠬᠦᠯᠪᠡ᠃ ᠦᠦᠰᠢᠨ ᠬᠤᠰᠢᠭᠤ ᠨᠢ ᠢᠳᠡᠬᠡᠨ ᠡᠮ ᠤᠨ ᠵᠥᠢᠯ ᠢ ᠰᠢᠯᠭᠠᠨ ᠪᠠᠶᠢᠴᠠᠭᠠᠬᠤ ᠲᠦᠪ ᠢᠶᠠᠷ ᠭᠤᠤᠯ ᠪᠤᠯᠭᠠᠨ᠂ ᠰᠤᠮᠤ ᠪᠠᠯᠭᠠᠰᠤᠨ ᠤ ᠲᠦᠷᠭᠡᠨ ᠪᠠᠶᠢᠴᠠᠭᠠᠯᠲᠠ ᠪᠠᠷ ᠦᠨᠳᠦᠰᠦ ᠪᠠᠨ ᠪᠤᠯᠭᠠᠵᠤ᠂ ᠠᠵᠤ ᠠᠬᠤᠢᠢᠯᠠᠯ ᠠᠵᠢᠯ ᠦᠢᠯᠡᠰ ᠤᠨ ᠨᠢᠬᠡᠴᠢ ᠶᠢᠨ ᠲᠦᠷᠬᠡᠨ ᠪᠠᠶᠢᠴᠠᠭᠠᠯᠲᠠ ᠪᠠᠷ ᠨᠦᠬᠦᠪᠦᠷᠢᠯᠡᠯ ᠪᠤᠯᠭᠠᠭᠰᠠᠨ ᠬᠢᠨᠠᠨ ᠰᠢᠯᠭᠠᠬᠤ ᠲᠤᠭᠲᠠᠯᠴᠠᠭ᠎ᠠ ᠶᠢ ᠪᠦᠬᠦ ᠲᠠᠯ ᠎ᠠ ᠪᠠᠷ ᠪᠦᠲᠦᠬᠡᠨ ᠪᠠᠶᠢᠭᠤᠯᠪᠠ᠃ ᠥᠤᠰᠢᠨ ᠬᠤᠰᠢᠭᠤᠨ ᠤ ᠢᠳᠡᠬᠡᠨ ᠡᠮ ᠤᠨ ᠵᠥᠢᠯ ᠢ ᠰᠢᠯᠭᠠᠨ ᠪᠠᠶᠢᠴᠠᠭᠠᠬᠤ ᠲᠦᠪ ᠨᠢ 381 ᠲᠦᠷᠦᠯ ᠤᠨ ᠡᠰᠢ ᠲᠤᠭ᠎ᠠ ᠶᠢ ᠪᠠᠶᠢᠴᠠᠭᠠᠵᠤ᠂ 432 ᠲᠦᠷᠦᠯ ᠤᠨ ᠰᠢᠯᠭᠠᠨ ᠬᠡᠮᠵᠢᠬᠦ ᠠᠷᠭ᠎ᠠ ᠠᠪᠴᠠᠯ ᠲᠠᠢ᠂ ᠵᠢᠯ ᠤᠨ ᠰᠢᠯᠭᠠᠨ ᠬᠡᠮᠵᠢᠬᠦ ᠴᠢᠳᠠᠪᠤᠷᠢ ᠨᠢ 1000 ᠤᠳᠠᠭ᠎ᠠ ᠠᠴᠠ ᠳᠠᠪᠠᠨ᠎ᠠ᠃ ᠪᠦᠬᠦ ᠬᠤᠰᠢᠭᠤᠨ ᠤ ᠡᠯ᠎ᠠ ᠲᠤᠮᠲᠠᠲᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ᠂ ᠶᠡᠭᠡ ᠰᠢᠭ ᠠᠵᠤ ᠠᠬᠤᠢᠢᠯᠠᠯ ᠪᠠᠶᠢᠭᠤᠯᠭ᠎ᠠ ᠨᠢᠬᠡᠴᠢ ᠶᠢᠨ ᠠᠵᠢᠯᠲᠠᠨ ᠤ ᠬᠤᠭᠤᠯᠠᠨ ᠭᠡᠷ᠂ ᠶᠡᠭᠡ ᠬᠡᠯᠪᠡᠷᠢ ᠶᠢᠨ ᠬᠤᠲᠠᠯᠳᠤᠭᠠᠨ ᠤ ᠬᠠᠮ ᠲᠡᠯᠭᠡᠭᠦᠷ ᠪᠦᠬᠦᠨ ᠳᠤ ᠴᠥᠮ ᠲᠦᠷᠬᠡᠨ ᠪᠠᠶᠢᠴᠠᠭᠠᠬᠤ ᠦᠷᠦᠬᠡ ᠶᠢ ᠪᠠᠶᠢᠭᠤᠯᠤᠭᠰᠠᠨ ᠪᠠᠶᠢᠨ᠎ᠠ᠃ 6 ᠰᠤᠮᠤ ᠪᠠᠯᠭᠠᠰᠤᠨ ᠳᠤ ᠪᠦᠷ ᠲᠦᠷᠬᠡᠨ ᠪᠠᠶᠢᠴᠠᠭᠠᠯᠲᠠ ᠶᠢᠨ ᠲᠡᠷᠭᠡ ᠲᠤᠬᠢᠷᠠᠭᠤᠯᠵᠤ᠂ ᠡᠯ ᠎ᠡ ᠰᠤᠮᠤ ᠪᠠᠯᠭᠠᠰᠤᠨ ᠤ ᠴᠤᠭᠯᠠᠭ᠎ᠠ ᠮᠠᠶᠢᠮᠠᠢ᠂ ᠬᠦᠲᠡᠭᠡ ᠲᠤᠰᠬᠤᠨ ᠤ ᠬᠠᠮᠲᠤ ᠶᠢᠨ ᠨᠠᠶᠢᠷ᠂ ᠠᠵᠤ ᠠᠬᠤᠢᠢᠯᠠᠯ᠂ ᠵᠢᠵᠢᠭ ᠦᠢᠯᠡᠳᠪᠦᠷᠢ ᠳᠤ ᠡᠬᠦᠲᠡᠨ ᠳᠤ ᠨᠢ ᠤᠴᠢᠵᠤ ᠰᠢᠯᠭᠠᠨ ᠪᠠᠶᠢᠴᠠᠭᠠᠬᠤ ᠦᠢᠯᠡᠴᠢᠯᠡᠭᠡ ᠬᠠᠨᠭ᠍ᠭᠠᠵᠤ᠂ ᠲᠦᠷᠬᠡᠨ ᠪᠠᠶᠢᠴᠠᠭᠠᠯᠲᠠ ᠪᠦᠬᠦᠨ ᠢ ᠪᠦᠷᠬᠦᠬᠦ ᠶᠢ ᠪᠡᠶᠡᠯᠡᠬᠦᠯᠦᠭᠰᠡᠨ ᠪᠠᠶᠢᠨ᠋ ᠎ᠠ᠃      ᠬᠤᠶᠠᠷ᠂ ᠴᠢᠮᠡᠭᠡ ᠵᠠᠩᠭᠢᠵᠢᠯᠳᠡ ᠶᠢᠨ ᠬᠢᠨᠡᠨ ᠬᠠᠮᠢᠶᠠᠷᠬᠤ ᠠᠷᠭ᠎ᠠ ᠬᠡᠮᠵᠢᠶ᠎ᠠ - ᠡᠯᠧᠺᠲᠷᠤᠨ ᠨᠢᠳᠤ      ᠦᠤᠰᠢᠨ ᠬᠤᠰᠢᠭᠤᠨ ᠤ ᠢᠳᠡᠬᠡᠨ ᠡᠮ ᠤᠨ ᠵᠥᠢᠯ ᠢ ᠬᠢᠨᠠᠨ ᠬᠠᠮᠢᠶᠠᠷᠬᠤ ᠲᠠᠪᠴᠠᠩ ᠨᠢ 2017 ᠤᠨ ᠳᠤ ᠵᠢᠩᠭᠢᠨᠢ ᠪᠠᠷ ᠬᠡᠷᠡᠭᠯᠡᠯᠳᠡ ᠳᠤ ᠤᠷᠤᠵᠤ᠂ ᠬᠤᠰᠢᠭᠤᠨ ᠤ ᠶᠡᠭᠡ ᠳ᠋ᠠᠶᠢᠲ᠋ᠡ ᠶᠢᠨ ᠲᠦᠪ ᠪᠤᠯᠤᠨ ᠬᠤᠳᠡ ᠶᠢᠨ ᠢᠳᠡᠬᠡᠨ ᠡᠮ ᠤᠨ ᠵᠥᠢᠯ ᠢ ᠬᠢᠨᠠᠨ ᠬᠠᠮᠢᠶᠠᠷᠬᠤ ᠲᠠᠪᠴᠠᠩ ᠲᠠᠢ ᠬᠠᠷᠢᠯᠴᠡᠨ ᠬᠤᠯᠪᠤᠵᠤ ᠬᠠᠷᠢᠯᠴᠡᠨ ᠨᠡᠪᠳᠡᠷᠡᠵᠤ᠂ ᠳ᠋ᠠᠶᠢᠲ᠋ᠠ ᠶᠢᠨ ᠡᠮᠬᠢᠳᠭᠡᠯ᠂ ᠴᠢᠮᠡᠭᠡ ᠵᠠᠩᠭᠢ ᠶᠢ ᠬᠠᠮᠳᠤ ᠪᠠᠷ ᠡᠳ᠋ᠯᠡᠭᠦ ᠶᠢ ᠪᠡᠶᠡᠯᠡᠭᠦᠯᠦᠭᠰᠡᠨ ᠪᠠᠶᠢᠨ᠎ᠠ᠃ ᠪᠦᠭᠦ ᠬᠤᠰᠢᠭᠤᠨ ᠤ ᠢᠳᠡᠭᠡᠨ ᠥᠢᠯᠡᠳᠪᠤᠷᠢᠯᠡᠵᠤ ᠪᠤᠷᠤᠯᠠᠭᠤᠯᠵᠤ ᠡᠵᠡᠩᠨᠡᠵᠤ ᠪᠠᠶᠢᠭ᠎ᠠ 2894 ᠨᠢᠬᠡᠴᠢ᠂ ᠡᠮ ᠤᠨ ᠵᠥᠢᠯ ᠢ ᠬᠡᠷᠡᠭᠯᠡᠵᠤ ᠪᠤᠷᠤᠯᠠᠭᠤᠯᠵᠤ ᠪᠠᠶᠢᠭ᠎ᠠ 126 ᠨᠢᠬᠡᠴᠢ ᠵᠢᠴᠢ ᠡᠷᠡᠭᠦᠯᠵᠢᠯ ᠢᠳᠡᠭᠡᠨ ᠪᠤᠯᠤᠠ ᠭᠤᠶᠤᠯᠠᠯ ᠤᠨ ᠡᠳ᠋ ᠡᠵᠡᠩᠨᠡᠵᠤ ᠪᠠᠶᠢᠭ᠎ᠠ 145 ᠨᠢᠬᠡᠴᠢ ᠶᠢ ᠲᠠᠪᠴᠠᠩ ᠳᠤ ᠪᠠᠨ ᠤᠷᠤᠭᠤᠯᠵᠤ᠂ ᠰᠢᠯᠵᠢᠮᠡᠯ ᠠᠯᠪᠡᠨ ᠤ ᠲᠤᠨᠤᠭ ᠲᠦᠬᠦᠬᠡᠷᠦᠮᠵᠢ ᠶᠢ ᠵᠤᠬᠢᠴᠠᠭᠤᠯᠤᠨ ᠬᠡᠷᠡᠭᠯᠡᠬᠦ ᠪᠠᠷ ᠲᠠᠮᠵᠢᠨ ᠡᠳᠤᠷ ᠲᠤᠳᠤᠮ ᠤᠨ ᠬᠢᠨᠡᠨ ᠪᠠᠶᠢᠴᠠᠭᠠᠬᠤ ᠬᠠᠤᠯᠢ ᠬᠡᠷᠡᠭᠵᠢᠬᠦᠯᠬᠦ ᠦᠷ ᠎ᠡ ᠠᠰᠢᠭ ᠢ ᠲᠡᠭᠡᠭᠰᠢᠯᠡᠭᠦᠯᠦᠭᠰᠡᠨ ᠪᠠᠶᠢᠨ᠎ᠠ᠃ ᠪᠦᠭᠦ ᠬᠤᠰᠢᠭᠤᠨ ᠳᠤ ᠨᠡᠶᠢᠳᠡ 359 ᠲᠡᠭᠡᠳᠤ ᠲᠤᠳᠤᠴᠠᠳᠤ ᠰᠡᠭᠦᠳᠡᠷᠯᠡᠭᠦ ᠮᠠᠰᠢᠨ ᠢ ᠤᠨᠨᠰᠠᠷᠡᠭᠤᠯᠵᠤ᠂ ᠪᠦᠭᠦ ᠬᠤᠰᠢᠭᠤᠨ ᠤ ᠭᠤᠤᠯᠳᠠᠯᠭ᠎ᠠ ᠲᠠᠢ ᠢᠳᠡᠬᠡᠨ ᠡᠮ ᠤᠨ ᠵᠥᠢᠯ ᠤᠨ ᠡᠵᠡᠩᠨᠡᠯᠳᠡ ᠶᠢᠨ ᠲᠠᠯᠠᠪᠤᠷ ᠢ ᠪᠦᠷᠬᠦᠵᠤ᠂ ᠸᠢᠳᠢᠣ᠋ ᠬᠢᠨᠡᠯᠳᠡ ᠶᠢᠨ ᠰᠢᠰᠲ᠋ᠧᠮ ᠢᠶᠠᠷ ᠲᠠᠮᠵᠢᠨ ᠬᠠᠤᠯᠢ ᠶᠢ ᠵᠦᠷᠢᠴᠡᠭᠰᠡᠨ ᠠᠵᠢᠯᠯᠠᠭ᠎ᠠ ᠶᠢ ᠢᠯᠡᠷᠡᠬᠦᠯᠵᠦ᠂ ᠶᠠᠷᠢᠯᠴᠠᠭᠤᠷ ᠤᠨ ᠰᠢᠰᠲ᠋ᠧᠮ ᠢᠶᠠᠷ ᠲᠠᠮᠵᠢᠨ ᠲᠤᠬᠢᠶ᠎ᠠ ᠥᠭᠴᠤ᠂ ᠬᠠᠤᠯᠢ ᠶᠢ ᠵᠦᠷᠢᠴᠡᠭᠰᠡᠨ ᠠᠵᠢᠯᠯᠠᠭ᠎ᠠ ᠶᠢ ᠳᠠᠷᠤᠢ ᠳᠤ ᠨᠢ ᠬᠤᠷᠢᠨᠨᠯᠠᠬᠤ ᠶᠢ ᠪᠡᠶᠡᠯᠡᠭᠦᠯᠪᠡ᠃       ᠭᠤᠷᠪᠠ᠂ ᠴᠢᠩᠭ᠎ᠠ ᠪᠤᠯᠪᠠᠰᠤᠷᠠᠯ ᠲᠠᠢ ᠡ᠊ᠡᠭᠨᠡᠬᠡᠨ ᠤ ᠪᠠᠶᠢᠭᠤᠯᠤᠯᠳᠡ      ︽ᠤᠷᠢᠵᠤ ᠠᠪᠴᠢᠷᠠᠬᠤ᠂ ᠭᠠᠷᠴᠤ ᠶᠠᠪᠤᠬᠤ︾ ᠵᠡᠷᠭᠡ ᠠᠷᠭ᠎ᠠ ᠪᠠᠷ ᠲᠠᠮᠵᠢᠨ᠂ ᠵᠢᠯ ᠪᠤᠯᠭᠠᠨ ᠬᠢᠨᠡᠨ ᠬᠠᠮᠢᠶᠠᠷᠤᠨᠨᠴᠢ ᠳᠤ 40 ᠴᠠᠭ ᠭᠠᠷᠤᠢ ᠶᠢᠨ ᠲᠤᠰᠬᠠᠢ ᠠᠵᠢᠯ ᠮᠡᠷᠭᠡᠵᠢᠯ ᠤᠨ ᠪᠤᠯᠪᠠᠰᠤᠷᠡᠯ ᠢ ᠦᠷᠨᠢᠬᠦᠯᠵᠦ᠂ ᠲᠤᠰᠬᠠᠢ ᠮᠡᠷᠭᠡᠵᠢᠯ ᠪᠤᠯᠤᠠ ᠬᠢᠨᠠᠨ ᠬᠠᠮᠢᠶᠠᠷᠬᠤ ᠴᠢᠳᠡᠪᠤᠷᠢ ᠶᠢ ᠲᠡᠭᠡᠭᠰᠢᠯᠡᠭᠦᠯᠳᠡᠭ᠃ 2017 ᠤᠨ ᠳᠤ ᠬᠢᠨᠠᠨ ᠬᠠᠮᠢᠶᠠᠷᠤᠨᠨᠴᠢ ᠶᠢᠨ ᠪᠤᠯᠪᠠᠰᠤᠷᠡᠯ ᠢ 42 ᠤᠳᠠᠭ᠎ᠠ ᠦᠷᠨᠢᠬᠦᠯᠵᠦ᠂ ᠨᠠᠶᠢᠲᠠ ᠪᠤᠯᠪᠠᠰᠤᠷᠡᠯ ᠳᠤ ᠤᠷᠤᠯᠴᠬᠠᠰᠠᠨ ᠭᠦᠮᠤᠨ ᠤᠳᠠᠭ᠎ᠠ 1600 ᠭᠠᠷᠤᠢ ᠪᠠᠶᠢᠵᠤ᠂ ᠬᠦᠮᠤᠨ ᠲᠤᠮᠳᠠᠴᠢ ᠶᠢᠨ ᠪᠤᠯᠪᠠᠰᠤᠷᠠᠯ ᠬᠦᠷᠲᠡᠭᠰᠡᠨ ᠴᠠᠭ ᠨᠢ 78 ᠴᠠᠭ ᠠᠴᠠ ᠲᠡᠭᠡᠭᠰᠢ ᠪᠠᠶᠢᠪᠠ᠃ ᠪᠦᠬᠦ ᠲᠤᠪᠴᠢᠶᠡᠨ ᠤ ᠺᠠᠳ᠋ᠷ ᠠᠵᠢᠯᠳᠡᠳ ᠪᠦᠬᠦ ᠮᠤᠵᠢ ᠤᠷᠤᠨ ᠤ ᠰᠡᠷᠭᠡᠶᠢᠯᠡᠨ ᠪᠠᠶᠢᠴᠠᠭᠠᠬᠤ ᠬᠠᠤᠯᠢ ᠶᠢ ᠬᠡᠷᠡᠭᠵᠢᠬᠦᠯᠦᠭᠴᠢ ᠶᠢᠨ ᠭᠤᠷᠪᠠᠳᠤᠭᠠᠷ ᠲᠠᠰ ᠤᠨ ᠰᠢᠯᠭᠠᠯᠳᠠ ᠳᠤ ᠤᠷᠤᠯᠴᠠᠭᠠᠳ 111 ᠭᠦᠮᠤᠨ ᠦᠡᠭᠭᠡᠷᠡᠵᠤ᠂ ᠬᠤᠶᠠᠳᠤᠭᠠᠷ ᠲᠠᠰ ᠤᠨ ᠰᠢᠯᠭᠠᠯᠳᠡ ᠳᠤ 106 ᠭᠦᠮᠤᠨ ᠦᠡᠭᠭᠡᠷᠡᠵᠤ᠂ ᠤᠯᠠᠮ ᠨᠢᠬᠡ ᠠᠯᠬᠤᠮ ᠬᠢᠨᠠᠨ ᠬᠠᠮᠢᠶᠠᠷᠤᠨᠨᠴᠢ ᠶᠢᠨ ᠲᠤᠬᠠᠢᠢᠯᠠᠭᠰᠠᠨ ᠠᠵᠢᠯ ᠤᠨ ᠬᠢᠷᠢ ᠲᠦᠪᠰᠢᠨ ᠢ ᠨᠢ ᠲᠡᠭᠡᠭᠰᠢᠯᠡᠭᠦᠯᠦᠭᠰᠡᠨ ᠪᠠᠶᠢᠨ᠎ᠠ᠃       4D᠂ 6S ᠬᠠᠮᠢᠶᠠᠷᠤᠯᠳᠠ ᠶᠢᠨ ᠬᠡᠪ ᠵᠠᠭᠪᠤᠷ      ᠢᠳᠡᠭᠡᠨ ᠢ ᠤᠷᠤᠭᠤᠯᠬᠤ ᠳᠤ ᠪᠠᠰᠠ ᠲᠤᠰᠬᠠᠢ ᠢᠳᠡᠬᠡᠨ ᠤ ᠠᠮᠤᠷ ᠲᠦᠪᠰᠢᠨ ᠢ ᠲᠦᠷᠬᠡᠨ ᠪᠠᠶᠢᠴᠠᠭᠠᠬᠤ ᠦᠷᠦᠬᠡ ᠲᠠᠢ ᠪᠠᠶᠢᠵᠤ᠂ ᠢᠳᠡᠬᠡᠨ ᠤ ᠲᠦᠬᠦᠬᠡᠢ ᠡᠳ᠋ ᠬᠦᠮᠦᠷᠭᠡ ᠳᠤ ᠤᠷᠤᠬᠤ ᠦᠶᠡᠰ ᠤᠷᠢᠳᠠᠪᠠᠷ ᠪᠢᠯᠧᠲ ᠠᠪᠴᠤ ᠬᠡᠷᠡᠴᠢ ᠠᠪᠬᠤ ᠶᠢ ᠴᠢᠩᠭ᠎ᠠ ᠪᠠᠷᠢᠮᠳᠠᠯᠠᠵᠤ᠂ ᠲᠠᠷᠠᠭ᠎ᠠ ᠨᠢ ᠰᠡᠷᠡᠯ ᠤᠨ ᠡᠷᠬᠡᠲᠡᠨ ᠢᠶᠠᠷ ᠰᠢᠯᠭᠠᠨ ᠪᠠᠶᠢᠴᠠᠭᠠᠵᠤ᠂ ᠲᠡᠬᠦᠨ ᠤ ᠲᠠᠷᠠᠭ᠎ᠠ ᠨᠢ ᠬᠠᠮᠢᠶ ᠎ᠠ ᠪᠦᠬᠦᠢ ᠲᠦᠷᠦᠯ ᠵᠦᠢᠯ ᠳᠤ ᠲᠤᠬᠠᠢ ᠶᠢᠨ ᠲᠠᠯᠠᠪᠤᠷ ᠲᠤ ᠨᠢ ᠲᠦᠷᠬᠡᠨ ᠪᠠᠶᠢᠴᠠᠭᠠᠯᠲᠠ ᠶᠠᠪᠤᠭᠲᠠᠭᠤᠯᠳᠠᠭ᠂ ᠵᠢᠱᠢᠶᠡᠯᠡᠪᠡᠯ ᠮᠢᠠᠬᠨ ᠤ ᠲᠦᠷᠦᠯ ᠳᠤ ᠪᠤᠷᠤᠭ ᠮᠢᠬ᠎ᠠ ᠨᠡᠮᠡᠭᠲᠡᠬᠦᠯᠦᠭᠴᠢ ᠬᠢᠭᠰᠡᠨ᠂ ᠤᠰᠤ ᠲᠠᠢ ᠮᠢᠬ ᠎ᠠ ᠵᠡᠷᠬᠡ ᠳᠤ ᠲᠦᠷᠬᠡᠨ ᠪᠠᠶᠢᠴᠠᠭᠠᠯᠲᠠ ᠬᠢᠬᠦ᠂ ᠢᠳᠡᠰᠢᠨ ᠨᠤᠭᠤᠭᠠᠨ ᠤ ᠲᠠᠷᠢᠶᠠᠯᠠᠩ ᠤᠨ ᠡᠮ ᠤᠨ ᠦᠯᠡᠳᠡᠭᠲᠡᠯ ᠳᠤ ᠲᠦᠷᠭᠡᠨ ᠪᠠᠶᠢᠴᠠᠭᠠᠯᠲᠠ ᠬᠢᠬᠦ᠂ ᠢᠳᠡᠰᠢᠨ ᠲᠤᠰᠤᠨ ᠳᠤ ᠢᠰᠦᠯᠳᠦᠬᠦᠯᠦᠭᠴᠢ ᠬᠢᠭᠰᠡᠨ ᠳᠤ ᠲᠦᠷᠭᠡᠨ ᠪᠠᠶᠢᠴᠠᠭᠠᠯᠲᠠ ᠬᠢᠬᠦ᠂ ᠠᠮᠤ ᠭᠤᠯᠢᠷ ᠤᠨ ᠲᠦᠷᠦᠯ ᠤᠨ ᠢᠳᠡᠭᠡᠨ ᠤ ᠬᠦᠬᠦᠷ ᠤᠨ ᠲᠠᠪᠬᠤᠷ ᠢᠰᠦᠯ ᠤᠨ ᠲᠦᠷᠬᠡᠨ ᠪᠠᠶᠢᠴᠠᠭᠠᠯᠲᠠ ᠬᠢᠬᠦ ᠵᠡᠷᠬᠡ ᠪᠠᠶᠢᠵᠤ᠂ ᠡᠳᠦᠷ ᠪᠤᠯᠭᠠᠨ ᠤ ᠢᠳᠡᠬᠡᠨ ᠤ ᠲᠦᠬᠦᠬᠡᠢ ᠡᠳ᠋ ᠤᠨ ᠠᠮᠤᠷ ᠲᠦᠪᠰᠢᠨ ᠰᠠᠨᠠᠭ᠎ᠠ ᠠᠮᠤᠷ ᠪᠠᠶᠢᠬᠤ ᠶᠢ ᠪᠠᠲᠤᠯᠠᠪᠠ᠃ ᠲᠦᠷᠬᠡᠨ ᠪᠠᠶᠢᠴᠠᠭᠠᠯᠲᠠ ᠶᠢᠨ ᠦᠷᠦᠬᠡ ᠨᠢ ᠪᠠᠰᠠ ᠬᠤᠭᠤᠯᠠ ᠤᠮᠲᠠᠭᠠᠨ ᠤ ᠬᠡᠷᠡᠭᠰᠡᠯ ᠤᠨ ᠴᠡᠪᠡᠷ ᠤᠨ ᠬᠡᠮᠵᠢᠶ᠎ᠡ ᠳᠤ ᠲᠦᠷᠬᠡᠨ ᠪᠠᠶᠢᠴᠠᠭᠠᠯᠲᠠ ᠶᠢ ᠬᠢᠨ ᠲᠡᠶᠢᠯᠵᠦ᠂ ᠬᠤᠭᠤᠯᠠ ᠤᠮᠲᠠᠭᠠᠨ ᠤ ᠬᠡᠷᠡᠭᠰᠡᠯ ᠤᠨ ᠤᠬᠢᠶᠠᠵᠤ ᠠᠷᠢᠭᠤᠳᠬᠠᠬᠤ ᠠᠰᠠᠭᠤᠲᠠᠯ ᠢ ᠪᠦᠲᠦᠮᠵᠢ ᠲᠠᠢ ᠪᠠᠷ ᠪᠠᠲᠤᠯᠠᠭᠰᠠᠨ ᠪᠠᠶᠢᠨ᠎ᠠ᠃       ᠮᠤᠩᠭᠤᠯ ᠦᠨᠳᠦᠰᠦᠲᠡᠨ ᠤ ᠬᠡᠦᠬᠡᠳ ᠤᠨ ᠴᠡᠴᠡᠷᠯᠢᠭ ᠨᠢ 2016 ᠤᠨ ᠳᠤ ᠬᠤᠲᠠ ᠶᠢᠨ ᠲᠡᠰ ᠤᠨ ᠢᠳᠡᠭᠡᠨ ᠤᠮᠲᠠᠭᠠᠨ ᠤ ᠠᠮᠤᠷ ᠲᠦᠪᠰᠢᠨ ᠵᠢᠱᠢᠶ ᠎ᠠ ᠦᠵᠡᠬᠦᠯᠬᠦ ᠲᠡᠯᠬᠡᠬᠦᠷ ᠢᠶᠠᠷ ᠦᠨᠡᠯᠡᠭᠳᠡᠭᠰᠡᠨ ᠪᠠᠶᠢᠨ᠎ᠠ᠃ ᠲᠤᠰ ᠴᠡᠴᠡᠷᠯᠢᠭ ᠨᠢ ᠪᠠᠶᠢᠭᠤᠯᠤᠭᠳᠠᠭᠰᠠᠨ ᠠᠴᠠ ᠬᠤᠶᠢᠰᠢ ᠤᠳᠤ ᠪᠤᠯᠲᠠᠯ ᠎ᠠ᠂ ᠶᠡᠷᠦ ᠠᠴᠠ ᠪᠠᠨ ᠢᠳᠡᠭᠡᠨ ᠤᠮᠲᠠᠭᠠᠨ ᠤ ᠠᠮᠤᠷ ᠲᠦᠪᠰᠢᠨ ᠤ ᠠᠳᠡᠯ ᠭᠠᠷᠴᠤ ᠦᠡᠭᠭᠡᠷᠡᠭᠰᠡᠨ ᠦᠬᠡᠢ᠂ 6S ᠬᠠᠮᠢᠶᠠᠷᠤᠯᠳᠠ ᠶᠢᠨ ᠬᠡᠪ ᠵᠠᠭᠪᠤᠷ ᠨᠢ ᠴᠤ ᠬᠡᠷ ᠤᠨ ᠠᠬᠠᠮᠠᠳ ᠪᠤᠯᠤᠨ ᠨᠡᠶᠢᠬᠡᠮ ᠤᠨ ᠪᠠᠲᠤᠯᠠᠯᠲᠠ ᠪᠤᠯᠤᠨ ᠵᠦᠪᠰᠢᠶᠡᠷᠡᠯᠲᠡ ᠶᠢ ᠤᠯᠤᠭᠰᠠᠨ ᠪᠠᠶᠢᠨ᠎ᠠ᠃ ᠡᠬᠦᠨ ᠲᠠᠢ ᠠᠳᠠᠯᠢᠬᠠᠨ ᠢᠶᠠᠷ᠂ ᠦᠦᠰᠢᠨ ᠬᠤᠰᠢᠭᠤᠨ ᠤ ᠰᠢ ᠵᠢᠩ ᠵᠤᠴᠢᠯᠠᠭ᠎ᠠ ᠶᠢᠨ ᠭᠠᠵᠠᠷ ᠨᠢ ᠤᠳᠤ 82 ᠠᠵᠢᠯᠲᠠᠨ ᠲᠠᠢ ᠪᠠᠶᠢᠵᠤ᠂ 2000 ᠬᠦᠮᠦᠨ ᠢ ᠪᠠᠭᠲᠠᠭᠠᠨ ᠬᠤᠭᠤᠯᠠ ᠬᠠᠩᠭᠠᠵᠤ ᠲᠠᠶᠢᠯᠳᠡᠭ᠂ ᠲᠤᠰ ᠵᠤᠴᠢᠯᠠᠭ᠎ᠠ ᠶᠢᠨ ᠭᠠᠵᠠᠷ ᠨᠢ ᠦᠦᠰᠢᠨ ᠬᠤᠰᠢᠭᠤᠨ ᠤ ᠬᠡᠪᠴᠢᠶᠡᠨ ᠳᠤ ᠠᠩᠬ᠎ᠠ ᠤᠳᠠᠭ᠎ᠠ ︽4D ᠲᠤᠭᠤᠭᠠᠨ ᠬᠡᠷ ᠤᠨ ᠲᠤᠬᠠᠢ ᠶᠢᠨ ᠲᠠᠯᠠᠪᠠᠢ ᠳᠤ ᠨᠢ ᠬᠠᠮᠢᠶᠠᠷᠬᠤ ᠲᠤᠭᠲᠠᠯᠴᠠᠭ᠎ᠠ︾ ᠶᠢ ᠲᠠᠲᠠᠨ ᠤᠷᠤᠭᠤᠯᠵᠤ᠂ 4D ᠲᠤᠭᠤᠭᠠᠨ ᠬᠡᠷ ᠢ ᠪᠦᠲᠦᠬᠡᠨ ᠪᠠᠶᠢᠭᠤᠯᠬᠤ ᠶᠢᠨ ᠲᠦᠯᠦᠬᠡ ᠨᠡᠶᠢᠲᠡ 80 ᠭᠠᠷᠤᠢ ᠲᠦᠮᠡᠨ ᠲᠦᠬᠦᠷᠢᠭ ᠤᠨ ᠪᠡᠯᠡ ᠤᠷᠤᠭᠤᠯᠵᠠᠢ᠃       4D ᠬᠠᠮᠢᠶᠠᠷᠤᠯᠲᠠ ᠨᠢ ᠦᠨᠡᠨ ᠳᠤ ᠪᠠᠨ ᠲᠠᠷᠤᠢ ᠲᠦᠷᠪᠡᠨ ︽ᠱᠠᠭᠠᠷᠲᠠᠯᠭ᠎ᠠ ᠳᠤ ᠬᠦᠷᠭᠡᠬᠦ︾ ᠬᠡᠷᠡᠭᠳᠡᠢ᠂ ᠳᠠᠷᠤᠢ ︽ᠡᠮᠬᠢ ᠲᠢᠭᠯᠢᠮ ᠢ ᠱᠠᠭᠠᠷᠲᠠᠯᠭ᠎ᠠ ᠳᠤ ᠬᠦᠷᠬᠡᠬᠦ᠂ ᠬᠠᠷᠢᠭᠤᠴᠠᠯᠭ᠎ᠠ ᠶᠢ ᠱᠠᠭᠠᠷᠲᠠᠯᠭ᠎ᠠ ᠳᠤ ᠬᠦᠷᠬᠡᠬᠦ᠂ ᠪᠤᠯᠪᠠᠰᠤᠷᠠᠯ ᠢ ᠱᠠᠭᠠᠷᠲᠠᠯᠭ᠎ᠠ ᠳᠤ ᠬᠦᠷᠭᠡᠬᠦ᠂ ᠬᠡᠷᠡᠭᠵᠢᠬᠦᠯᠦᠯᠲᠡ ᠶᠢ ᠱᠠᠭᠠᠷᠲᠠᠯᠭ᠎ᠠ ᠳᠤ ᠬᠦᠷᠭᠡᠬᠦ︾ ᠪᠤᠯᠤᠨ᠎ᠠ᠃ ᠳᠤᠭᠤᠭᠠᠨ ᠭᠡᠷ ᠤᠨ ᠡᠯ᠎ᠡ ᠲᠦᠷᠦᠯ ᠤᠨ ᠪᠤᠲᠠᠰ ᠢ ᠲᠦᠷᠦᠯ ᠬᠤᠪᠢᠶᠠᠨ ᠲᠠᠷᠢ ᠲᠡᠭᠰᠢ ᠪᠤᠯᠭᠠᠬᠤ᠂ ᠡᠳ᠋ ᠪᠤᠳᠠᠰ ᠢ ᠬᠤᠷᠢᠶᠠᠬᠤ ᠬᠤᠷᠭᠤ᠂ ᠬᠦᠯᠳᠡᠭᠡᠭᠦᠷ ᠵᠡᠷᠬᠡ ᠪᠤᠳᠠᠰ ᠲᠤ ᠡᠯ᠎ᠡ ᠲᠦᠷᠦᠯ ᠤᠨ ᠢᠳᠡᠬᠡᠨ ᠤ  ᠮᠠᠲ᠋ᠧᠷᠢᠶᠠᠯ ᠤᠨ ᠬᠠᠮᠢᠶᠠᠷᠤᠯᠲᠠ ᠶᠢᠨ ᠬᠦᠰᠦᠨᠦᠭ ᠢ ᠨᠠᠭᠠᠵᠤ᠂ ᠬᠠᠮᠢᠶᠠᠷᠤᠯᠲᠠ ᠶᠢᠨ ᠵᠢᠭᠰᠠᠭᠠᠯᠲᠠ ᠶᠢᠨ ᠬᠦᠰᠦᠨᠦᠭ ᠲᠡᠭᠡᠷᠡᠬᠢ ᠳ᠋ᠤᠭᠠᠷ ᠲᠠᠢ ᠬᠠᠷᠢᠴᠠᠭᠤᠯᠤᠨ᠂ ᠠᠵᠢᠯᠲᠠᠨ ᠳᠤ ᠬᠠᠮᠤᠭ ᠤᠨ ᠤᠬᠤᠷ ᠬᠤᠭᠤᠴᠠᠭᠠᠨ ᠳᠤ ᠬᠡᠷᠡᠭᠴᠡᠭᠡ ᠲᠠᠢ ᠢᠳᠡᠬᠡᠨ ᠤ ᠮᠠᠲ᠋ᠧᠷᠢᠶᠠᠯ ᠢ ᠨᠢ ᠤᠯᠭᠤᠵᠤ᠂ ᠠᠵᠢᠯ ᠤᠨ ᠦᠷ᠎ᠡ ᠪᠦᠲᠦᠮᠵᠢ ᠶᠢ ᠲᠡᠭᠡᠭᠰᠢᠯᠡᠬᠦᠯᠬᠦ᠂ ᠬᠦᠮᠦᠷᠭᠡ ᠳᠤ ᠬᠢ ᠬᠠᠳᠠᠭᠠᠯᠠᠭᠲᠠᠴᠠ ᠶᠢᠨ ᠪᠠᠶᠢᠳᠠᠯ ᠢ ᠴᠠᠭ ᠲᠤᠬᠠᠢ ᠳᠤ ᠨᠢ ᠮᠡᠳᠡᠬᠦᠯᠵᠦ᠂ ᠰᠤᠬᠤᠷ ᠪᠠᠯᠠᠢ ᠪᠠᠷ ᠪᠠᠷᠠᠭ᠎ᠠ ᠤᠷᠤᠭᠤᠯᠤᠭᠠᠳ ᠢᠳᠡᠭᠡᠨ ᠤᠮᠳᠠᠭᠠᠨ ᠢ ᠪᠦᠷᠢᠯᠬᠡᠬᠦ ᠪᠠ ᠬᠤᠭᠤᠴᠠᠭ᠎ᠠ ᠠᠴᠠ ᠨᠢ ᠬᠡᠲᠦᠷᠡᠬᠦᠯᠬᠦ ᠪᠠᠶᠢᠳᠠᠯ ᠠᠴᠠ ᠵᠠᠶᠢᠯᠠᠰᠬᠢᠬᠤ ᠪᠠ ︽ᠬᠡᠨ ᠬᠠᠮᠢᠶᠠᠷᠪᠠᠯ ᠬᠡᠨ ᠬᠠᠷᠢᠭᠤᠴᠠᠬᠤ᠂ ᠬᠡᠨ ᠬᠡᠷᠡᠭᠯᠡᠪᠡᠯ ᠬᠡᠨ ᠬᠠᠷᠢᠭᠤᠴᠠᠬᠤ᠂ ᠬᠡᠨ ᠪᠠᠶᠢᠴᠠᠭᠠᠪᠠᠯ ᠬᠡᠨ ᠬᠠᠷᠢᠭᠤᠴᠠᠬᠤ︾ ᠵᠡᠷᠭᠡ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠪᠠ᠃      ᠡᠨᠡ ᠬᠦ ᠬᠡᠪ ᠵᠠᠭᠪᠤᠷ ᠢ ᠠᠰᠢᠭᠯᠠᠨ᠂ ᠲᠤᠰ ᠪᠠᠭᠤᠲᠠᠯ ᠨᠢ ᠦᠪᠡᠷ ᠢᠶᠠᠨ ᠢᠳᠡᠬᠡᠨ ᠤᠮᠳᠠᠭᠠᠨ ᠤ ᠠᠮᠤᠷ ᠲᠦᠪᠰᠢᠨ ᠤ ᠪᠤᠯᠪᠠᠰᠤᠷᠠᠯ ᠤᠨ ᠲᠦᠯᠦᠪᠯᠡᠭᠡ ᠶᠢ ᠲᠤᠭᠲᠠᠭᠠᠵᠤ᠂ ᠲᠤᠭᠲᠠᠮᠠᠯ ᠬᠤᠭᠤᠴᠠᠭ᠎ᠠ ᠲᠠᠢ ᠪᠠᠷ ᠠᠵᠢᠯᠲᠠᠨ ᠢ ᠵᠤᠬᠢᠶᠠᠨ ᠪᠠᠶᠢᠭᠤᠯᠤᠨ ᠠᠭᠤᠯᠭ᠎ᠠ᠂ ᠬᠡᠯᠪᠡᠷᠢ ᠨᠢ ᠤᠯᠠᠨ ᠶᠠᠩᠵᠤ ᠶᠢᠨ ᠪᠤᠯᠪᠠᠰᠤᠷᠠᠯ ᠳᠤ ᠤᠷᠤᠯᠴᠠᠭᠤᠯᠵᠤ᠂ ᠠᠵᠢᠯᠲᠠᠨ ᠤ ᠰᠡᠳᠬᠢᠯ ᠳᠤ 4D ᠶᠢ ᠬᠦᠨ ᠦᠨᠳᠦᠰᠦᠯᠡᠬᠦ ᠶᠢ ᠪᠠᠳᠤᠯᠠᠵᠤ᠂ ᠠᠵᠢᠯᠯᠠᠬᠤ ᠳᠤ ᠪᠠᠨ ᠲᠦᠷᠢᠮᠵᠢᠬᠦᠨ ᠨᠠᠷᠢᠨ ᠬᠢᠨᠠᠮᠠᠭᠠᠢ ᠲᠠᠳᠬᠠᠯ ᠢ ᠪᠤᠢ ᠪᠤᠯᠭᠠᠵᠤ᠂ ᠡᠩᠨᠡᠬᠡᠨ ᠤ ᠶᠡᠷᠦᠩᠭᠡᠢ ᠬᠡᠪ ᠪᠤᠯᠪᠠᠰᠤᠷᠠᠯ ᠢ ᠦᠨᠡᠨ ᠬᠦ ᠲᠡᠭᠡᠭᠰᠢᠯᠡᠬᠦᠯᠦᠭᠰᠡᠨ ᠪᠥᠭᠡᠳ ᠢᠳᠡᠬᠡᠨ ᠤᠮᠲᠠᠭᠠᠨ ᠤ ᠠᠮᠤᠷ ᠲᠦᠪᠰᠢᠨ ᠤ ᠠᠳᠡᠯ ᠭᠠᠷᠤᠭᠰᠠᠨ ᠦᠬᠡᠢ᠂ ᠡᠵᠡᠩᠨᠡᠯᠳᠡ ᠶᠢᠨ ᠤᠷᠤᠯᠭ᠎ᠠ ᠴᠤ ᠵᠢᠯ ᠳᠠᠷᠠᠭᠠᠯᠨᠨ ᠨᠡᠮᠡᠭᠳᠡᠭᠰᠡᠭᠡᠷ ᠢᠷᠡᠪᠡ᠃    
 
ᠢᠷᠡᠯᠲᠡ᠄ ᠤᠷᠳᠤᠰ ᠮᠤᠩᠭᠤᠯ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号