ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠢᠦᠢ ᠰᠢᠨ ᠹᠠᠩ ᠨᠠᠷ ᠮᠠᠨ ᠤ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2018-05-24
     ᠤᠶᠢᠷ᠎ᠠ ᠳᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠢᠦᠢ ᠰᠢᠨ ᠹᠠᠩ ᠨᠠᠷ ᠮᠠᠨ ᠤ ᠬᠤᠰᠢᠭᠤᠨ ᠳᠤ ᠢᠷᠡᠵᠦ ᠪᠠᠶᠢᠴᠠᠭᠠᠨ ᠰᠤᠳᠤᠯᠤᠯᠲᠠ ᠬᠢᠪᠡ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠴᠢᠶᠤᠤ ᠶᠦᠨ ᠯᠢ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠰᠤᠷᠭᠠᠯᠲᠦ᠂ ᠬᠤᠰᠢᠭᠤ ᠤᠳᠤᠷᠢᠳᠤᠯᠭ᠎ᠠ ᠭᠤᠤ ᠬᠤ᠋᠂ ᠸᠠᠩ ᠭᠠᠩ ᠵᠢᠴᠢ ᠬᠤᠯᠪᠤᠭᠳᠠᠯ ᠪᠦᠬᠦᠢ ᠰᠤᠮᠤ ᠪᠠᠯᠭᠠᠰᠤ ᠪᠤᠯᠤᠨ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠳ ᠪᠠᠷᠠᠳᠠᠨ ᠪᠠᠶᠢᠴᠠᠭᠠᠪᠠ᠃      ᠤᠯᠠᠭᠠᠠᠲᠤᠯᠤᠭᠠᠢ ᠪᠠᠯᠭᠠᠰᠣᠨ ᠤ ᠪᠠᠶᠠᠠᠭᠤᠤᠯ ᠭᠠᠴᠠᠭᠠᠨ ᠤ ᠣᠩᠭᠤᠨ ᠲᠠᠯ᠎ᠠ ᠮᠠᠯ ᠲᠡᠵᠢᠭᠡᠪᠦᠷᠢ ᠶᠢᠨ ᠲᠤᠰᠬᠠᠢ ᠬᠤᠷᠰᠢᠶᠠᠵᠢᠯ ᠳᠤ᠂ ᠢᠦᠢ ᠰᠢᠨ ᠹᠠᠩ ᠬᠤᠷᠰᠢᠶᠠᠵᠢᠯ ᠤᠨ ᠲᠠᠨᠢᠯᠴᠠᠭᠤᠯᠭ᠎ᠠ ᠶᠢ ᠰᠤᠨᠤᠰᠴᠦ᠂ ᠬᠤᠷᠰᠢᠶᠠᠵᠢᠯ ᠤᠨ ᠢᠳᠡᠭᠡᠨ ᠪᠤᠯᠪᠠᠰᠤᠷᠠᠭᠤᠯᠬᠤ ᠦᠢᠯᠡᠳᠪᠦᠷᠢ ᠶᠢᠨ ᠲᠠᠰᠤᠭ᠂ ᠮᠢᠬ᠎ᠠ ᠬᠠᠲᠠᠭᠠᠬᠤ ᠬᠦᠮᠦᠷᠭᠡ᠂ ᠬᠦᠢᠲᠡᠨ ᠤ ᠬᠦᠮᠦᠷᠭᠡ ᠵᠢᠴᠢ ᠮᠢᠬᠠᠨ ᠢᠳᠡᠭᠡᠨ ᠢ ᠪᠤᠯᠪᠠᠰᠤᠷᠠᠭᠤᠯᠬᠤ ᠶᠠᠪᠤᠴᠠ ᠶᠢ ᠦᠵᠡᠬᠦ ᠶᠢᠨ ᠬᠠᠮᠲᠦ ᠬᠤᠷᠰᠢᠶᠠᠵᠢᠯ ᠤᠨ ᠬᠦᠭᠵᠢᠯᠲᠡ ᠶᠢᠨ ᠪᠠᠶᠢᠳᠠᠯ᠂ ᠭᠤᠤᠯ ᠡᠵᠡᠩᠨᠡᠵᠤ ᠪᠠᠶᠢᠭ᠎ᠠ ᠲᠦᠷᠦᠯ ᠵᠦᠢᠯ᠂ ᠡᠵᠡᠩᠨᠡᠯᠲᠡ ᠶᠢᠨ ᠠᠷᠭ᠎ᠠ ᠮᠠᠶ᠋ᠢᠭ᠂ ᠠᠵᠤ ᠠᠬᠤᠢ ᠶᠢᠨ ᠦᠷ᠎ᠡ ᠠᠰᠢᠭ᠂ ᠶᠠᠳᠠᠭᠤ ᠬᠦᠴᠢᠷᠲᠡᠯᠳᠡᠢ ᠡᠷᠦᠬᠡ ᠶᠢ ᠲᠠᠶᠢᠴᠢᠯᠠᠨ ᠤᠷᠤᠯᠭ᠎ᠠ  ᠶᠢ ᠨᠢ ᠨᠡᠮᠡᠭᠲᠡᠭᠦᠯᠵᠤ ᠪᠠᠶᠢᠭ᠎ᠠ ᠪᠠᠶᠢᠳᠠᠯ ᠵᠢᠴᠢ ᠤᠷᠤᠰᠢᠵᠤ ᠪᠠᠶᠢᠭ᠎ᠠ ᠬᠦᠴᠢᠷᠳᠡᠯ ᠢ ᠨᠢ ᠤᠶᠢᠯᠠᠭᠠᠪᠠ᠃ ᠢᠦᠢ ᠰᠢᠨ ᠹᠠᠩ ᠬᠤᠷᠰᠢᠶᠠᠵᠢᠯ ᠤᠨ ᠨᠠᠷᠢᠯᠢᠭ ᠤᠨᠤᠪᠴᠢᠲᠠᠢ ᠪᠠᠷ ᠶᠠᠳᠠᠭᠤ ᠶᠢ ᠳᠡᠳᠬᠦᠬᠦ ᠠᠵᠢᠯ ᠳᠤ ᠳᠡᠮᠵᠢᠯᠭᠡ ᠦᠵᠡᠭᠦᠯᠵᠤ ᠪᠠᠶᠢᠬᠤ᠂ ᠨᠤᠲᠤᠭ ᠲᠠᠭᠠᠨ ᠪᠤᠴᠠᠵᠤ ᠢᠷᠡᠭᠰᠡᠨ ᠶᠡᠭᠡ ᠰᠤᠷᠭᠠᠭᠤᠯᠢ ᠶᠢᠨ ᠤᠶᠤᠲᠠᠳ ᠲᠤ ᠦᠢᠯᠡᠰ ᠪᠤᠰᠬᠠᠬᠤ ᠲᠠᠪᠴᠠᠩ ᠪᠤᠯᠤᠨ ᠠᠵᠢᠯ ᠤᠨ ᠪᠠᠶᠢᠷᠢ ᠶᠢ ᠬᠠᠩᠭᠠᠵᠤ ᠪᠠᠶᠢᠭ᠎ᠠ ︽ᠬᠤᠷᠰᠢᠶᠠᠵᠢᠯ + ᠶᠠᠳᠠᠭᠤ ᠬᠦᠴᠢᠷᠳᠡᠯᠲᠡᠢ ᠡᠷᠦᠬᠡ ︾ ᠶᠢᠨ ᠡᠵᠡᠩᠨᠡᠯᠲᠡ ᠶᠢᠨ ᠠᠷᠭ᠎ᠠ ᠬᠡᠯᠪᠡᠷᠢ ᠳᠤ ᠬᠦᠢᠴᠡᠳ ᠨᠤᠳᠠᠯᠠᠯᠳᠠ ᠦᠭᠬᠦ ᠶᠢᠨ ᠬᠠᠮᠲᠦ ᠮᠠᠯᠴᠢᠨ ᠲᠠᠷᠢᠶᠠᠴᠢᠳ  ᠤᠨ ᠬᠤᠷᠰᠢᠶᠠᠵᠢᠯ ᠪᠠᠶᠢᠭᠤᠯᠵᠤ᠂ ᠬᠡᠪᠴᠢᠶᠡᠵᠢᠭᠰᠡᠨ ᠡᠵᠡᠩᠨᠡᠯᠲᠡ ᠬᠢᠬᠦ ᠶᠢ ᠵᠤᠷᠢᠭᠵᠢᠭᠤᠯᠤᠨ ᠳᠠᠶᠢᠴᠢᠯᠠᠵᠤ᠂ ᠬᠦᠳᠡᠭᠡ ᠲᠤᠰᠬᠤᠨ ᠪᠤᠯᠤᠨ ᠠᠵᠤ ᠦᠢᠯᠡᠰ ᠢ ᠬᠠᠷᠢᠯᠴᠠᠨ ᠠᠭᠤᠰᠤᠯᠴᠠᠭᠤᠯᠤᠨ ᠬᠦᠭᠵᠢᠬᠦᠯᠬᠦ ᠶᠢ ᠠᠬᠢᠭᠤᠯᠤᠨ᠂ ᠬᠦᠳᠡᠭᠡ ᠲᠤᠰᠬᠤᠨ ᠤ ᠦᠢᠯᠡᠰ ᠪᠤᠰᠬᠠᠬᠤ ᠶᠢᠨ ᠰᠢᠨᠡᠴᠢᠯᠡᠯᠲᠡ᠂ ᠰᠢᠨ᠎ᠡ ᠠᠵᠤ ᠦᠢᠯᠡᠰ᠂ ᠰᠢᠨ᠎ᠡ ᠠᠵᠢᠯ ᠤᠨ ᠪᠠᠶᠢᠳᠠᠯ᠂ ᠰᠢᠨ᠎ᠡ ᠠᠷᠭ᠎ᠠ ᠬᠡᠯᠪᠡᠷᠢ ᠪᠠᠷ ᠮᠠᠯᠴᠢᠨ ᠲᠠᠷᠢᠶᠠᠴᠢᠳ ᠤᠨ ᠤᠷᠤᠯᠭ᠎ᠠ ᠶᠢᠨ ᠨᠡᠮᠡᠭᠲᠡᠯ ᠢ ᠠᠬᠢᠭᠤᠯᠬᠤ ᠬᠡᠷᠡᠭᠲᠡᠢ ᠭᠡᠵᠡᠢ᠃      ᠤᠯᠠᠭᠠᠠᠲᠤᠯᠤᠭᠠᠢ ᠪᠠᠯᠭᠠᠰᠣᠨ ᠤ ᠪᠠᠶ᠋ᠬᠠᠤᠪᠤᠭ᠎ᠠ ᠭᠠᠴᠠᠭᠠᠨ ᠳᠤ᠂ ᠢᠦᠢ ᠰᠢᠨ ᠹᠠᠩ ᠶᠠᠳᠠᠭᠤ ᠬᠦᠴᠢᠷᠳᠡᠯᠲᠡᠢ ᠡᠷᠦᠬᠡ ᠡᠷᠳᠡᠨᠢᠴᠤᠭᠲᠦ ᠶᠢᠨ ᠬᠢᠨ ᠤ ᠳᠤ ᠬᠦᠷᠴᠦ᠂ ᠳᠡᠲᠡᠨ ᠲᠠᠢ ᠲᠤᠲᠤᠨᠤᠰᠤᠭ ᠢᠶᠠᠷ ᠶᠠᠷᠢᠯᠴᠠᠨ᠂ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠶᠠᠳᠠᠭᠤ ᠶᠢ ᠳᠡᠳᠬᠦᠬᠦ ᠭᠠᠷ ᠲᠡᠪᠲᠡᠷ ᠢ ᠬᠢᠨᠠᠮᠠᠭᠠᠢ ᠪᠠᠶᠢᠴᠠᠭᠠᠨ ᠦᠵᠡᠪᠡ᠃ ᠡᠷᠳᠡᠨᠢᠴᠤᠭᠲᠦ ᠭᠡᠷᠭᠡᠢ ᠬᠤᠶᠠᠭᠤᠯᠠ ᠪᠠᠨ ᠮᠡᠳᠡᠷᠡᠯ ᠤᠨ ᠲᠠᠯ᠎ᠠ ᠪᠠᠷ ᠵᠡᠮᠲᠡᠭ ᠪᠠᠶᠢᠵᠤ᠂ ᠦᠢᠯᠡᠳᠪᠦᠷᠢᠯᠡᠯ ᠤᠨ ᠬᠡᠷᠡᠭᠰᠡᠯ ᠢᠶᠠᠷ ᠲᠤᠲᠠᠮᠠᠭ᠂ ᠦᠷ᠎ᠡ ᠬᠡᠦᠬᠡᠳ ᠦᠭᠡᠢ ᠮᠦᠷᠲᠡᠭᠡᠨ ᠡᠷᠳᠡᠨᠢᠴᠤᠭᠲᠦ ᠤᠳᠠᠭᠠᠨ ᠴᠢᠨᠠᠷᠲᠠᠢ ᠠᠷᠬᠠᠭ ᠡᠪᠡᠳᠴᠢᠨ ᠲᠠᠢ ᠪᠠᠶᠢᠵᠤ᠂ ᠪᠠᠰᠠ ᠥᠷᠢ ᠦᠭᠴᠡᠭᠡ ᠠᠷᠪᠢᠨ ᠪᠠᠶᠢᠳᠠᠭ ᠪᠠᠶᠢᠵᠤ᠂ ᠳᠠᠭᠠᠭᠠᠴᠢᠯᠠᠨ ᠳᠡᠮᠵᠢᠵᠤ ᠪᠠᠶᠢᠭ᠎ᠠ ᠤᠳᠤᠷᠢᠳᠤᠯᠭ᠎ᠠ ᠪᠤᠯᠤᠨ ᠪᠠᠯᠭᠠᠰᠤᠨ ᠤ ᠵᠠᠰᠠᠭ ᠤᠨ ᠤᠷᠳᠤᠨ ᠤ ᠬᠠᠷᠢᠭᠤᠴᠠᠯᠭᠠᠲᠠᠨ ᠳᠡᠳᠡᠨ ᠤ ᠪᠤᠳᠠᠳᠠᠢ ᠪᠠᠶᠢᠳᠠᠯ ᠯᠤᠭ᠎ᠠ ᠤᠶᠠᠯᠳᠤᠭᠤᠯᠵᠤ᠂ ᠲᠡᠭᠦᠨ ᠳᠤ ᠡᠮ ᠡᠮᠨᠡᠯᠭᠡ ᠶᠢᠨ ᠲᠠᠯ᠎ᠠ  ᠪᠠᠷ ᠬᠢ ᠠᠪᠤᠷᠠᠨ ᠲᠡᠮᠵᠢᠬᠦ ᠬᠦᠴᠦᠯᠡᠴᠡ ᠶᠢ ᠨᠡᠮᠡᠭᠲᠡᠭᠦᠯᠪᠡ᠃ ᠠᠵᠤ ᠦᠢᠯᠡᠰ ᠤᠨ ᠬᠦᠭᠵᠢᠯᠲᠡ ᠶᠢ ᠨᠢ ᠳᠠᠶᠢᠴᠢᠯᠠᠨ ᠂ ᠦᠨᠢᠶ᠎ᠡ ᠳᠡᠵᠢᠭᠡᠵᠤ᠂ ᠴᠠᠭᠠᠨ ᠢᠳᠡᠭᠡᠨ ᠪᠤᠷᠤᠯᠠᠭᠤᠯᠬᠤ ᠪᠠᠷ ᠳᠠᠮᠵᠢᠨ ᠤᠷᠤᠯᠭ᠎ᠠ ᠶᠢ ᠨᠢ ᠨᠡᠮᠡᠭᠳᠡᠭᠦᠯᠦᠨ᠂ ᠴᠠᠬᠢᠯᠭᠠᠨ ᠬᠦᠴᠦᠨ ᠬᠦᠷᠦᠯᠴᠡᠬᠦ ᠦᠭᠡᠢ ᠠᠰᠠᠭᠤᠳᠠᠯ ᠢ ᠨᠢ ᠰᠢᠢᠳᠪᠦᠷᠢᠯᠡᠵᠦ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠲᠤᠬᠢᠷᠠᠭᠤᠯᠬᠤ ᠪᠠᠷ ᠲᠠᠮᠵᠢᠨ ᠤᠷᠤᠯᠭ᠎ᠠ ᠶᠢ ᠨᠢ ᠨᠡᠮᠡᠭᠲᠡᠬᠦᠯᠬᠦ ᠵᠡᠷᠭᠡ ᠨᠢᠭᠡ ᠪᠦᠯᠦᠭ ᠶᠠᠳᠠᠭᠤ ᠠᠴᠠ ᠠᠩᠬᠢᠵᠢᠷᠠᠭᠤᠯᠬᠤ ᠬᠦᠭᠵᠢᠯᠲᠡ ᠶᠢᠨ ᠲᠦᠯᠦᠪᠯᠡᠭᠡ ᠶᠢ ᠲᠤᠭᠲᠠᠭᠠᠭᠰᠠᠨ ᠪᠠᠶᠢᠨ᠎ᠠ᠃ ᠪᠠᠶᠢᠳᠠᠯ ᠢ ᠣᠶᠢᠯᠠᠭᠠᠭᠰᠠᠨ ᠤ ᠳᠠᠷᠠᠭ᠎ᠠ ᠢᠦᠢ ᠰᠢᠨ ᠹᠠᠩ ᠳᠡᠳᠡᠨ ᠢ ᠦᠪᠡᠷᠳᠡᠭᠡᠨ ᠪᠡᠶ᠎ᠡ ᠪᠠᠨ ᠳᠠᠭᠠᠭᠠᠵᠤ ᠴᠢᠷᠮᠠᠶᠢᠨ ᠲᠡᠮᠡᠴᠡᠵᠤ᠂ ᠡᠷᠲᠡᠭᠡᠨ ᠶᠠᠳᠠᠭᠤ ᠠᠴᠠ ᠠᠩᠬᠢᠵᠢᠷᠠᠬᠤ ᠶᠢ ᠵᠤᠷᠢᠭᠵᠢᠭᠤᠯᠪᠠ᠃      ᠬᠤᠰᠢᠭᠤ ᠶᠡᠷᠦᠩᠬᠡᠶᠢᠯᠡᠨ ᠵᠠᠰᠠᠬᠤ ᠲᠦᠪ᠂ ᠳᠣᠮᠣ ᠳ᠋ᠠᠶᠢᠲ᠋ᠠ ᠶᠢᠨ ᠲᠦᠪ ᠲᠤ᠂ ᠢᠦᠢ ᠰᠢᠨ ᠹᠠᠩ ᠠᠵᠢᠯᠲᠠᠳ ᠲᠠᠢ ᠲᠤᠳᠤᠨᠤᠰᠤᠭ ᠢᠶᠠᠷ ᠶᠠᠷᠢᠯᠴᠠᠵᠤ᠂ ᠶᠡᠷᠦᠩᠬᠡᠶᠢᠯᠡᠨ ᠵᠠᠰᠠᠬᠤ ᠲᠦᠪ ᠤᠨ ᠪᠠᠶᠢᠭᠤᠯᠤᠯᠲᠠ ᠶᠢᠨ ᠪᠠᠶᠢᠳᠠᠯ᠂ ᠡᠷᠬᠢᠯᠲᠡ ᠶᠢᠨ ᠪᠠᠶᠢᠳᠠᠯ ᠪᠤᠯᠤᠨ ᠤᠷᠤᠰᠢᠵᠤ ᠪᠠᠶᠢᠭ᠎ᠠ ᠬᠦᠴᠢᠷᠲᠡᠯ ᠪᠤᠯᠤᠨ ᠠᠰᠠᠭᠤᠲᠠᠯ ᠢ ᠬᠦᠨᠵᠡᠭᠡᠢ ᠣᠶᠢᠯᠠᠭᠠᠪᠠ᠃ ᠢᠦᠢ ᠰᠢᠨ ᠹᠠᠩ ᠵᠢᠭᠠᠵᠤ ᠭᠠᠷᠭᠠᠬᠤ ᠳᠤ ᠪᠠᠨ᠂ ᠶᠡᠷᠦᠩᠬᠡᠶᠢᠯᠡᠨ ᠵᠠᠰᠠᠯᠳᠠ ᠶᠢᠨ ᠴᠢᠮᠡᠭᠡ ᠵᠠᠩᠬᠢᠴᠢᠯᠠᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠯ᠎ᠡ ᠭᠤᠤᠯᠳᠠᠯᠭᠠᠲᠠᠢ ᠪᠠᠶᠢᠭᠤᠯᠭ᠎ᠠ ᠶᠢᠨ ᠲᠤᠭ᠎ᠠ ᠪᠦᠷᠢᠳᠬᠡᠯ ᠤᠨ ᠬᠠᠩᠭᠠᠯᠲᠠ ᠶᠢ ᠪᠡᠶᠡᠯᠡᠭᠦᠯᠦᠨ᠂ ᠴᠢᠮᠡᠭᠡ ᠵᠠᠩᠬᠢ ᠶᠢ ᠬᠠᠮᠲᠦ ᠪᠠᠷ ᠡᠳ᠋ᠯᠡᠬᠦ ᠶᠢ ᠪᠡᠶᠡᠯᠡᠭᠦᠯᠵᠤ᠂ ᠴᠢᠮᠡᠭᠡ ᠵᠠᠩᠬᠢᠴᠢᠯᠠᠯᠲᠠ ᠪᠤᠯᠤᠨ ᠳᠣᠮᠣ ᠳ᠋ᠠᠶᠢᠲ᠋ᠠ ᠶᠢᠨ ᠢᠳᠡᠪᠬᠢ ᠦᠢᠯᠡᠳᠦᠯ ᠢᠶᠠᠨ ᠦᠨᠡᠨᠬᠦ ᠪᠠᠲᠠᠷᠠᠭᠤᠯᠬᠤ ᠬᠡᠷᠡᠭᠲᠡᠢ ᠬᠡᠵᠡᠢ᠃      ᠭᠠᠯᠠᠭᠤᠲᠦ ᠨᠢᠭᠡᠳᠦᠭᠡᠷ ᠲᠤᠮᠢᠯᠠᠭᠰᠠᠨ ᠰᠠᠯᠪᠤᠷᠢ ᠳᠤ ᠢᠦᠢ ᠰᠢᠨ ᠹᠠᠩ ᠨᠠᠷ ᠦᠦᠰᠢᠨ ᠬᠤᠰᠢᠭᠤᠨ ᠤ ᠲᠤᠲᠤᠭᠠᠲᠦ ᠶᠢ ᠬᠠᠮᠠᠭᠠᠯᠠᠬᠤ ᠲᠤᠪᠴᠢᠶᠠᠨ ᠤ ︽ᠢᠨᠲ᠋ᠧᠷᠨᠧᠲ ᠰᠦᠯᠵᠢᠶ᠎ᠡ + ᠸᠢᠴᠠᠲ ᠤᠨ ᠴᠠᠭᠳᠠᠭᠠᠨ ᠤ ᠶᠠᠪᠤᠳᠠᠯ ︾ ᠤᠨ ᠳᠠᠪᠴᠠᠩ ᠳᠠᠭᠠᠨ ᠲᠦᠰᠢᠭᠯᠡᠵᠤ᠂ ︽ᠬᠤᠷᠤᠭᠤᠨ ᠦᠵᠦᠭᠦᠷ ᠳᠡᠭᠡᠷᠡᠬᠢ ᠲᠤᠮᠢᠯᠠᠭᠰᠠᠨ ᠰᠠᠯᠪᠤᠷᠢ︾ ᠶᠢ ᠴᠢᠷᠮᠠᠶᠢᠨ ᠡᠭᠦᠳᠦᠨ ᠪᠠᠶᠢᠭᠤᠯᠵᠤ᠂ ᠦᠢᠯᠡᠴᠢᠯᠡᠭᠡᠨ ᠤ ᠶᠠᠪᠤᠳᠠᠯ ᠢ ᠦᠢᠯᠡᠴᠢᠯᠡᠭᠡᠨ ᠤ ᠴᠣᠩᠬᠤᠪᠴᠢ ᠠᠴᠠ ᠸᠢᠴᠠᠲ ᠲᠠᠪᠴᠠᠩ ᠳᠡᠭᠡᠷ᠎ᠡ ᠰᠢᠯᠵᠢᠬᠦᠯᠵᠦ᠂ ᠠᠵᠢᠯ ᠤᠨ ᠦᠷ᠎ᠡ ᠪᠦᠲᠦᠮᠵᠢ ᠶᠢ ᠨᠡᠩ ᠦᠨᠳᠦᠷ᠂ ᠤᠯᠠᠨ ᠲᠦᠮᠡᠨ ᠤ ᠤᠴᠢᠷ ᠶᠠᠪᠤᠳᠠᠯ ᠢ ᠰᠢᠢᠳᠪᠦᠷᠢᠯᠡᠬᠦ ᠳᠤ ᠨᠡᠩ ᠲᠦᠭᠦᠮ ᠲᠦᠳᠡ ᠪᠤᠯᠭᠠᠭᠰᠠᠨ ᠵᠡᠷᠭᠡ ᠳᠠᠨᠢᠯᠴᠠᠭᠤᠯᠭ᠎ᠠ ᠶᠢ ᠰᠣᠨᠤᠰᠤᠭᠰᠠᠨ ᠤ ᠳᠠᠷᠠᠭ᠎ᠠ᠂ ᠦᠦᠰᠢᠨ ᠬᠤᠰᠢᠭᠤᠨ ᠤ ᠳᠤᠳᠤᠭᠠᠲᠦ ᠶᠢ ᠬᠠᠮᠠᠭᠠᠯᠬᠤ ᠲᠤᠪᠴᠢᠶᠠᠨ ᠤ ︽ᠬᠤᠷᠤᠭᠤᠨ ᠦᠵᠦᠭᠦᠷ ᠳᠡᠭᠡᠷᠡᠬᠢ ᠲᠤᠮᠢᠯᠠᠭᠰᠠᠨ ᠰᠠᠯᠪᠤᠷᠢ︾ ᠶᠢᠨ ᠲᠠᠪᠴᠠᠩ ᠤᠨ ᠪᠠᠶᠢᠭᠤᠯᠤᠯᠲᠠ ᠳᠤ ᠬᠦᠢᠴᠡᠳ ᠨᠤᠳᠠᠯᠠᠯᠳᠠ ᠦᠭᠬᠦ ᠶᠢᠨ ᠬᠠᠮᠲᠦ ᠡᠨᠡᠬᠦ ᠲᠠᠪᠴᠠᠩ ᠢ ᠠᠰᠢᠭᠯᠠᠨ᠂ ᠤᠯᠠᠨ ᠲᠦᠮᠡᠨ ᠤ ᠭᠡᠷ ᠠᠴᠠ ᠪᠠᠨ ᠭᠠᠷᠬᠤ ᠦᠭᠡᠢ ᠪᠠᠷ ᠦᠢᠯᠡᠴᠢᠯᠡᠭᠡ ᠬᠦᠷᠲᠡᠬᠦ ᠰᠢᠨ᠎ᠡ ᠬᠡᠷᠡᠭᠴᠡᠭᠡ ᠶᠢ ᠬᠠᠩᠭᠠᠵᠤ᠂ ᠬᠠᠷᠢᠯᠴᠠᠨ ᠬᠠᠪᠰᠤᠷᠤᠯᠴᠠᠨ ᠬᠠᠮᠲᠤᠪᠠᠷ ᠠᠰᠢᠭ ᠬᠦᠷᠲᠡᠭᠰᠡᠨ ᠴᠠᠭᠲᠠᠭ᠎ᠠ ᠠᠷᠠᠳ ᠤᠨ ᠬᠠᠷᠢᠴᠠᠭ᠎ᠠ ᠶᠢ ᠪᠠᠶᠢᠭᠤᠯᠬᠤ ᠪᠠᠷ ᠴᠢᠷᠮᠠᠶᠢᠬᠤ ᠬᠡᠷᠡᠭᠲᠡᠢ ᠬᠡᠪᠡ᠃      ᠨᠠᠷᠢᠠᠭᠤᠤᠯ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠲᠤ ᠢᠦᠢ ᠰᠢᠨ ᠹᠠᠩ᠂ ᠵᠦᠩ ᠮᠸᠢ ᠶᠤᠸᠠᠨ ᠰᠢᠩ ᠺᠣᠮᠫᠠᠨᠢ ᠶᠢᠨ 60 ᠲᠦᠮᠡᠨ ᠳᠣᠨ ᠤ ᠨᠡᠭᠦᠷᠡᠰᠦ ᠪᠠᠷ ᠮᠧᠲ᠋ᠢᠯ ᠠᠯᠺᠤᠤᠯ ᠪᠤᠯᠪᠠᠰᠤᠷᠠᠭᠤᠯᠬᠤ ᠲᠦᠷᠦᠯ ᠵᠦᠢᠯ ᠤᠨ ᠲᠦᠯᠦᠪᠵᠢᠭᠦᠯᠭᠡ᠂ ᠪᠦᠳᠦᠬᠡᠨ ᠪᠠᠶᠢᠭᠤᠯᠤᠯᠲᠠ᠂ ᠦᠢᠯᠡᠳᠪᠦᠷᠢᠯᠡᠯ ᠤᠨ ᠶᠠᠪᠤᠴᠠ᠂ ᠠᠶᠦᠯᠭᠦᠢ ᠦᠢᠯᠡᠳᠪᠦᠷᠢᠯᠡᠯ ᠵᠡᠷᠭᠡ ᠶᠢᠨ ᠪᠠᠶᠢᠳᠠᠯ ᠢ ᠨᠠᠷᠢᠨ ᠣᠶᠢᠯᠠᠭᠠᠵᠤ᠂ ᠡᠯ᠎ᠡ ᠲᠦᠷᠦᠯ ᠵᠦᠢᠯ ᠤᠨ ᠬᠠᠷᠢᠭᠤᠴᠠᠯᠭᠠᠲᠠᠨ ᠲᠠᠢ ᠬᠦᠨᠵᠡᠭᠡᠢ ᠶᠠᠷᠢᠯᠴᠠᠵᠤ᠂ ᠳᠡᠲᠡᠨ ᠢ ᠴᠠᠭ ᠦᠷᠭᠦᠯᠵᠢ ᠪᠤᠬᠢᠷᠳᠤᠯ ᠦᠭᠡᠢ ᠦᠢᠯᠡᠳᠪᠦᠷᠢᠯᠡᠯ᠂ ᠠᠶᠦᠯᠭᠦᠢ ᠦᠢᠯᠡᠳᠪᠦᠷᠢᠯᠡᠯ ᠢ ᠪᠠᠷᠢᠮᠲᠠᠯᠠᠬᠤ ᠭᠡᠷᠡᠭᠳᠡᠢ ᠬᠡᠵᠦ ᠨᠠᠶᠢᠲᠠᠪᠠ᠃      ᠰᠢᠷᠬᠤᠰᠤᠨ ᠪᠠᠯᠭᠠᠰᠤ ᠶᠢᠨ ᠤᠳᠠ ᠶᠢᠨ ᠭᠤᠤᠯ ᠲᠤᠰᠬᠤᠨ ᠳᠤ᠂ ᠢᠦᠢ ᠰᠢᠨ ᠹᠠᠩ ᠨᠠᠷ ᠰᠢᠷᠬᠤᠰᠤᠨ ᠪᠠᠯᠭᠠᠰᠤ ᠶᠢᠨ ᠬᠦᠳᠡᠭᠡ ᠲᠤᠰᠬᠤᠨ ᠤ ᠶᠡᠷᠦᠩᠬᠡᠶᠢᠯᠡᠭᠰᠡᠨ ᠴᠤᠭᠴᠠ ᠶᠢᠨ ᠬᠦᠭᠵᠢᠯᠲᠡ ᠶᠢᠨ ᠪᠠᠶᠢᠳᠠᠯ ᠢ ᠨᠠᠷᠢᠨ ᠣᠶᠢᠯᠠᠭᠠᠭᠰᠠᠨ ᠤ ᠳᠠᠷᠠᠭ᠎ᠠ᠂ ᠤᠲᠠ ᠶᠢᠨ ᠭᠤᠤᠯ ᠲᠤᠰᠬᠤᠨ ᠤ ᠵᠦᠪᠯᠡᠯ ᠳᠤ ᠬᠦᠷᠴᠦ᠂ ᠰᠢᠷᠠᠤ᠋ᠰᠣᠨ ᠪᠠᠯᠭᠠᠰᠤ  ᠶᠢᠨ ᠶᠠᠳᠠᠭᠤ ᠠᠴᠠ ᠠᠩᠬᠢᠵᠢᠷᠠᠭᠤᠯᠬᠤ ᠪᠤᠭᠤᠮᠲᠠ ᠰᠢᠪᠲᠤᠯᠬᠤ ᠠᠵᠢᠯ ᠤᠨ ᠶᠡᠭᠡ ᠪᠠᠶᠢᠴᠠᠭᠠᠯᠲᠠ ᠶᠡᠭᠡ ᠴᠡᠭᠴᠡᠯᠡᠯᠲᠡ  ᠶᠢᠨ ᠪᠠᠶᠢᠳᠠᠯ᠂ ︽ᠠᠷᠪᠠ ᠶᠢ ᠪᠦᠷᠬᠦᠬᠦᠯᠬᠦ ᠢᠨᠵᠧᠨᠧᠷᠢᠩ︾ ᠤᠨ ᠦᠷᠢ ᠦᠭᠴᠡᠭᠡ ᠶᠢ ᠢᠯᠭᠠᠷᠠᠭᠤᠯᠬᠤ ᠵᠢᠴᠢ ᠲᠤᠰᠬᠤᠨ ᠤ ᠵᠦᠪᠯᠡᠯ ᠤᠨ ᠦᠨᠳᠦᠰᠦᠨ ᠪᠠᠶᠢᠳᠠᠯ ᠢ ᠨᠠᠷᠢᠨ ᠣᠶᠢᠯᠠᠭᠠᠭᠰᠠᠨ ᠤ ᠬᠠᠮᠲᠦ᠂ ᠶᠠᠳᠠᠭᠤ ᠬᠦᠴᠢᠷᠳᠡᠯᠲᠡᠢ ᠡᠷᠦᠬᠡ ᠶᠢᠨ ᠠᠶᠤᠯᠲᠠᠢ ᠭᠡᠷ ᠪᠠᠶᠢᠰᠢᠩ ᠢ ᠵᠠᠰᠠᠨ ᠰᠠᠶᠢᠵᠢᠷᠠᠭᠤᠯᠤᠭᠰᠠᠨ ᠪᠠᠶᠢᠳᠠᠯ᠂ ᠠᠵᠤ ᠦᠢᠯᠡᠰ ᠢᠶᠠᠷ ᠶᠠᠳᠠᠭᠤ ᠶᠢ ᠳᠡᠳᠬᠦᠵᠤ ᠪᠠᠶᠢᠭ᠎ᠠ ᠠᠵᠢᠯ ᠤᠨ ᠡᠬᠡ ᠲᠠᠩᠰᠠ ᠶᠢ ᠨᠠᠷᠢᠨ ᠪᠠᠶᠢᠴᠠᠭᠠᠨ ᠦᠵᠡᠪᠡ᠃ ᠢᠦᠢ ᠰᠢᠨ ᠹᠠᠩ ᠱᠠᠭᠠᠷᠳᠠᠬᠤ  ᠳᠤ ᠪᠠᠨ᠂ ᠲᠦᠪ ᠪᠤᠯᠤᠨ ᠦᠪᠡᠷᠳᠡᠭᠡᠨ ᠵᠠᠰᠠᠬᠤ ᠤᠷᠤᠨ ᠤ ᠨᠢᠭᠡᠳᠦᠯᠲᠡᠢ ᠪᠠᠶᠢᠷᠢᠰᠢᠭᠤᠯᠤᠯᠲᠠ ᠶᠤᠰᠤᠭᠠᠷ᠂ ᠦᠷᠢ ᠦᠭᠴᠡᠭᠡᠨ ᠤ ᠪᠤᠳᠠᠳᠠᠢ ᠲᠤᠭ᠎ᠠ ᠶᠢ ᠪᠦᠬᠦ ᠲᠠᠯ᠎ᠠ ᠪᠠᠷ ᠨᠠᠷᠢᠨ ᠣᠶᠢᠯᠠᠭᠠᠵᠤ᠂ ᠦᠷᠢ ᠦᠭᠴᠡᠭᠡ ᠶᠢ ᠢᠯᠭᠠᠷᠠᠭᠤᠯᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢᠨ ᠨᠠᠶᠢᠲᠠᠪᠤᠷᠢᠵᠢᠭᠤᠯᠤᠯᠲᠠ ᠶᠢ ᠴᠢᠩᠭᠠᠳᠬᠠᠨ᠂ ᠲᠦᠭᠰᠢᠭᠦᠷᠢ ᠶᠢ ᠰᠢᠢᠳᠪᠦᠷᠢᠯᠡᠨ ᠠᠷᠭᠠᠴᠠᠭᠠᠬᠤ ᠴᠢᠳᠠᠪᠬᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠤ᠂ ᠬᠦᠨᠳᠦ ᠴᠢᠬᠤᠯᠠ ᠳᠦᠭᠰᠢᠭᠦᠷᠢ ᠶᠢ ᠠᠷᠭᠠᠴᠠᠭᠠᠬᠤ ᠪᠠᠬᠢᠯᠡᠯᠲᠡ ᠶᠢᠨ ᠠᠵᠢᠯ ᠢ ᠡᠷᠬᠡᠪᠰᠢ ᠰᠠᠶᠢᠲᠤᠷ ᠬᠢᠬᠦ ᠬᠡᠷᠡᠭᠲᠡᠢ ᠬᠡᠵᠡᠢ᠃ ᠢᠦᠢ ᠰᠢᠨ ᠹᠠᠩ ᠴᠢᠬᠤᠯᠠᠴᠢᠯᠠᠬᠤ ᠳᠤ ᠪᠠᠨ᠂ ᠲᠤᠰ ᠤᠳᠠᠭᠠᠨ ᠤ ᠶᠡᠭᠡ ᠪᠠᠶᠢᠴᠠᠭᠠᠯᠲᠠ ᠶᠡᠭᠡ ᠴᠡᠭᠴᠡᠯᠡᠯᠲᠡ ᠶᠢᠨ ᠲᠤᠰᠬᠠᠢ ᠠᠵᠢᠯᠯᠠᠭ᠎ᠠ ᠨᠢ ᠨᠢᠭᠡᠨ ᠤᠳᠠᠭᠠᠨ ᠤ ᠤᠯᠤᠰ ᠲᠦᠷᠦ ᠶᠢᠨ ᠡᠭᠦᠷᠭᠡ ᠮᠦᠷᠲᠡᠭᠡᠨ ᠨᠢᠭᠡᠨ ᠤᠳᠠᠭᠠᠨ ᠤ ᠤᠯᠲᠠᠰᠢ ᠦᠭᠡᠢ ᠵᠠᠪᠰᠢᠶᠠᠨ ᠪᠤᠯᠬᠤ ᠶᠤᠮ᠃ ᠡᠷᠬᠡᠪᠰᠢ ᠶᠡᠭᠡ ᠪᠠᠶᠢᠴᠠᠭᠠᠯᠲᠠ ᠶᠡᠭᠡ ᠴᠡᠭᠴᠡᠯᠡᠯᠲᠡ ᠶᠢᠨ ᠠᠵᠢᠯ ᠤᠨ ᠭᠤᠤᠯᠳᠠᠯᠭ᠎ᠠ ᠶᠢ ᠠᠳᠬᠤᠬᠤ ᠬᠡᠷᠡᠭᠲᠡᠢ᠃ ᠶᠡᠭᠡ ᠪᠠᠶᠢᠴᠠᠭᠠᠯᠲᠠ ᠶᠢᠨ ᠲᠠᠯ᠎ᠠ ᠪᠠᠷ᠂ ᠨᠠᠷᠢᠯᠢᠭ ᠤᠨᠤᠪᠴᠢᠲᠠᠢ ᠪᠠᠷ ᠢᠯᠭᠠᠨ ᠲᠠᠨᠢᠬᠤ᠂ ᠲᠡᠮᠵᠢᠯᠭᠡ ᠦᠵᠡᠬᠦᠯᠬᠦ ᠠᠷᠭ᠎ᠠ ᠪᠤᠲᠤᠯᠭ᠎ᠠ ᠶᠢ ᠲᠤᠤᠱᠯᠠᠭᠤᠯᠬᠤ᠂ ᠲᠡᠮᠵᠢᠨ ᠲᠤᠰᠠᠯᠠᠬᠤ ᠶᠢ ᠪᠠᠬᠢᠵᠢᠭᠦᠯᠬᠦ᠂ ᠶᠠᠳᠠᠭᠤ ᠶᠢ ᠳᠡᠳᠬᠦᠬᠦ ᠪᠡᠯᠡ ᠮᠦᠩᠬᠦ ᠶᠢᠨ ᠬᠠᠮᠢᠶᠠᠷᠤᠯᠲᠠ ᠬᠡᠷᠡᠭᠯᠡᠯᠲᠡ᠂ ᠲᠠᠩᠰᠠ ᠮᠠᠲ᠋ᠧᠷᠢᠶᠠᠯ᠂ ᠠᠷᠠᠳ ᠲᠦᠮᠡᠨ ᠬᠠᠨᠤᠮᠵᠢᠲᠠᠢ ᠪᠠᠶᠢᠬᠤ ᠡᠰᠡᠬᠦ ᠵᠡᠷᠭᠡ ᠲᠠᠯ᠎ᠠ ᠶᠢᠨ ᠠᠰᠠᠭᠤᠳᠠᠯ ᠢ ᠭᠤᠤᠯᠲᠠᠯᠭ᠎ᠠ ᠲᠠᠢ ᠪᠠᠷ ᠨᠠᠷᠢᠨ ᠪᠠᠶᠢᠴᠠᠭᠠᠬᠤ ᠬᠡᠷᠡᠭᠲᠡᠢ᠃ ᠶᠡᠭᠡ ᠴᠡᠭᠴᠡᠯᠡᠯᠲᠡ ᠶᠢᠨ ᠲᠠᠯ᠎ᠠ ᠪᠠᠷ᠂ ᠲᠡᠮᠵᠢᠨ ᠲᠤᠰᠠᠯᠠᠬᠤ ᠠᠷᠭ᠎ᠠ ᠪᠤᠲᠤᠯᠭ᠎ᠠ ᠶᠢᠨ ᠳᠣᠣᠱᠯᠠᠭᠤᠯᠤᠯᠳᠠ ᠨᠠᠷᠢᠯᠢᠭ ᠪᠤᠰᠤ᠂ ᠨᠢᠭᠡᠨᠲᠡ ᠶᠠᠳᠠᠭᠤ ᠠᠴᠠ ᠠᠩᠬᠢᠵᠢᠷᠠᠭᠰᠠᠨ ᠲᠠᠩᠰᠠ ᠺᠠᠷᠲ ᠪᠠᠶᠢᠭᠤᠯᠤᠭᠰᠠᠨ ᠶᠠᠳᠠᠭᠤ ᠬᠦᠴᠢᠷᠳᠡᠯᠳᠡᠢ ᠡᠷᠦᠬᠡ ᠶᠢ ᠳᠡᠮᠵᠢᠨ ᠲᠤᠰᠠᠯᠠᠬᠤ ᠠᠷᠭ᠎ᠠ ᠪᠤᠲᠤᠯᠭ᠎ᠠ ᠶᠢ ᠲᠤᠤᠱᠯᠠᠭᠤᠯᠤᠭᠰᠠᠨ ᠦᠭᠡᠢ ᠪᠠᠶᠢᠳᠠᠯ ᠲᠠᠢ᠂ ᠪᠠᠶᠢᠴᠠᠭᠠᠯᠲᠠ ᠲᠤᠮᠲᠠ᠂ ᠶᠠᠳᠠᠭᠤ ᠬᠦᠴᠢᠷᠲᠡᠯᠲᠡᠢ ᠡᠷᠦᠬᠡ ᠶᠢ ᠬᠠᠶᠠᠭᠲᠠᠭᠤᠯᠤᠭᠰᠠᠨ᠂ ᠪᠤᠷᠤᠭᠤ ᠪᠠᠷ ᠶᠠᠳᠠᠭᠤ ᠬᠦᠴᠢᠷᠲᠡᠯᠲᠡᠢ ᠡᠷᠦᠬᠡ ᠪᠤᠯᠭᠠᠭᠰᠠᠨ᠂ ᠶᠠᠳᠠᠭᠤ ᠬᠦᠴᠢᠷᠳᠡᠯᠲᠡᠢ ᠡᠷᠦᠬᠡ ᠠᠴᠠ ᠪᠤᠷᠤᠭᠤ ᠪᠠᠷ ᠭᠠᠷᠭᠠᠭᠰᠠᠨ ᠢ  ᠨᠢ ᠲᠠᠷᠤᠢ ᠲᠦᠷᠭᠡᠨ ᠴᠡᠭᠴᠡᠯᠡᠨ ᠵᠠᠰᠠᠬᠤ ᠬᠡᠷᠡᠭᠲᠡᠢ ᠬᠡᠪᠡ᠃      ᠪᠠᠲᠦ ᠶᠢᠨ ᠲᠤᠬᠤᠢ ᠤᠰᠤᠨ ᠴᠦᠭᠦᠷᠦᠮ ᠳᠤ ᠢᠦᠢ ᠰᠢᠨ ᠹᠠᠩ ᠨᠠᠷ ᠮᠠᠨ ᠤ ᠬᠤᠰᠢᠭᠤᠨ ᠤ ᠭᠤᠤᠯ ᠤᠨ ᠳᠠᠷᠤᠭ᠎ᠠ ᠶᠢᠨ ᠲᠦᠷᠢᠮ ᠤᠨ ᠵᠤᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠪᠠᠶᠢᠭᠤᠯᠤᠯᠲᠠ ᠶᠢᠨ ᠵᠢᠷᠤᠭ᠂ ᠨᠠᠭᠤᠷ ᠭᠤᠤᠯ ᠤᠨ ᠲᠠᠷᠬᠠᠯᠲᠠ ᠶᠢᠨ ᠵᠢᠷᠤᠭ᠂ ᠰᠢᠷᠬᠤᠰᠤᠨ ᠭᠤᠤᠯ ᠤᠨ ᠰᠠᠪᠠ ᠭᠠᠵᠠᠷ ᠤᠰᠤᠨ ᠰᠢᠰᠲ᠋ᠧᠮ ᠤᠨ ᠵᠢᠷᠤᠭ᠂ ᠦᠶᠡᠷ ᠢ ᠰᠡᠷᠭᠡᠶᠢᠯᠡᠨ ᠦᠶᠡᠷ ᠲᠠᠢ ᠲᠡᠮᠡᠴᠡᠬᠦ ᠪᠠᠴᠢᠮ ᠪᠠᠶᠢᠳᠠᠯ ᠢ ᠠᠷᠭᠠᠴᠠᠭᠠᠬᠤ ᠶᠠᠪᠤᠴᠠ ᠶᠢᠨ ᠵᠢᠷᠤᠭ ᠵᠡᠷᠭᠡ ᠶᠢ ᠬᠢᠨᠠᠮᠠᠭᠠᠢ ᠦᠵᠡᠭᠰᠡᠨ ᠤ ᠬᠠᠮᠲᠦ ᠬᠤᠲᠠ᠂ ᠬᠤᠰᠢᠭᠤ ᠬᠤᠶᠠᠷ ᠱᠠᠲᠤᠨ ᠤ ᠤᠰᠤᠨ ᠤ ᠶᠠᠪᠤᠳᠠᠯ ᠤᠨ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠤ ᠬᠢᠭᠰᠡᠨ ᠪᠦᠬᠦ ᠬᠤᠲᠠ ᠪᠦᠬᠦ ᠬᠤᠰᠢᠭᠤᠨ ᠤ ᠨᠠᠭᠤᠷ ᠭᠤᠤᠯ ᠤᠨ ᠳᠠᠷᠤᠭ᠎ᠠ ᠶᠢᠨ ᠲᠦᠷᠢᠮ ᠤᠨ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠤᠨᠤᠰᠪᠠ᠃ ᠢᠦᠢ ᠰᠢᠨ ᠹᠠᠩ ᠴᠢᠬᠤᠯᠠᠴᠢᠯᠠᠬᠤ ᠳᠤ ᠪᠠᠨ᠂ ᠲᠦᠪ᠂ ᠦᠪᠡᠷᠲᠡᠭᠡᠨ ᠵᠠᠰᠠᠬᠤ ᠤᠷᠤᠨ ᠤ ᠭᠤᠤᠯ ᠤᠨ ᠳᠠᠷᠤᠭ᠎ᠠ ᠶᠢᠨ ᠳᠦᠷᠢᠮ᠂ ᠨᠠᠭᠤᠷ ᠤᠨ ᠳᠠᠷᠤᠭ᠎ᠠ ᠶᠢᠨ ᠳᠦᠷᠢᠮ ᠤᠨ ᠲᠤᠬᠠᠢ ᠡᠯ᠎ᠡ ᠲᠦᠷᠦᠯ ᠤᠨ ᠰᠢᠢᠳᠪᠦᠷᠢᠳᠦ ᠪᠤᠳᠣᠯᠭ᠎ᠠ ᠶᠢᠨ ᠪᠠᠶᠢᠷᠢᠯᠠᠭᠤᠯᠤᠯᠳᠠ ᠶᠢ ᠪᠦᠬᠦ ᠲᠠᠯ᠎ᠠ ᠪᠠᠷ ᠠᠬᠢᠭᠤᠯᠵᠤ᠂ ᠵᠤᠬᠢᠶᠠᠨ ᠪᠠᠶᠢᠭᠤᠯᠵᠤ ᠤᠳᠤᠷᠢᠳᠬᠤ᠂ ᠡᠭᠦᠷᠬᠡ ᠬᠠᠷᠢᠭᠤᠴᠠᠯᠭ᠎ᠠ ᠪᠠᠨ ᠲᠤᠤᠱᠯᠠᠭᠤᠯᠬᠤ ᠪᠠᠨ ᠴᠢᠩᠭᠠᠳᠬᠠᠨ᠂ ᠲᠦᠷᠢᠮ ᠢ ᠪᠦᠬᠦ ᠲᠯ᠎ᠠ ᠪᠠᠷ ᠬᠡᠷᠡᠭᠵᠢᠬᠦᠯᠬᠦ ᠬᠡᠷᠡᠭᠲᠡᠢ᠃ ᠭᠤᠤᠯ ᠤᠨ ᠵᠠᠮ ᠤᠨ ᠬᠦᠷᠢᠶ᠎ᠡ ᠴᠠᠷᠠᠭᠠᠨ ᠳᠤ ᠪᠤᠵᠠᠷ ᠤᠰᠤ ᠶᠢ ᠰᠢᠭᠤᠳ ᠭᠠᠲᠠᠭᠰᠢᠯᠠᠭᠤᠯᠤᠭᠰᠠᠨ ᠦᠭᠡᠢ ᠪᠠᠶᠢᠬᠤ᠂ ᠭᠤᠤᠯ ᠤᠨ ᠲᠠᠯᠠᠩ ᠡᠪᠲᠡᠭᠲᠡᠭᠰᠡᠨ ᠦᠭᠡᠢ ᠪᠠᠶᠢᠬᠤ᠂ ᠭᠤᠤᠯ ᠤᠨ ᠤᠰᠤᠨ ᠳᠤ ᠬᠤᠭ ᠨᠤᠪᠰᠢ ᠦᠭᠡᠢ ᠪᠠᠶᠢᠬᠤ ᠵᠡᠷᠭᠡ ︽ᠲᠤᠯᠤᠭ᠎ᠠ ᠦᠭᠡᠢ ᠪᠠᠶᠢᠬᠤ︾ ᠬᠠᠷᠠᠯᠲᠠ ᠶᠤᠰᠤᠭᠠᠷ᠂ ᠤᠰᠤᠨ ᠤ ᠡᠬᠢ ᠰᠤᠷᠪᠤᠯᠵᠢ ᠶᠢᠨ ᠬᠠᠮᠢᠶᠠᠷᠤᠯᠲᠠ᠂ ᠤᠰᠤᠨ ᠤ ᠤᠷᠴᠢᠨ ᠲᠤᠭᠤᠷᠢᠨ ᠤ ᠵᠠᠰᠠᠨ ᠴᠡᠭᠴᠡᠯᠡᠯᠲᠡ᠂ ᠤᠰᠤᠨ ᠤ ᠶᠠᠪᠤᠲᠠᠯ ᠤᠨ ᠬᠠᠤᠯᠢ ᠬᠡᠷᠡᠭᠵᠢᠭᠦᠯᠦᠯᠲᠡ ᠬᠢᠨᠠᠯᠲᠠ ᠬᠠᠮᠢᠶᠠᠷᠤᠯᠲᠠ ᠵᠡᠷᠭᠡ ᠨᠠᠭᠤᠷ ᠭᠤᠤᠯ ᠤᠨ ᠶᠡᠷᠦᠩᠬᠡᠶᠢᠯᠡᠭᠰᠡᠨ ᠵᠠᠰᠠᠨ ᠴᠡᠭᠴᠡᠯᠡᠯᠲᠡ ᠶᠢᠨ ᠡᠯ᠎ᠡ ᠲᠠᠯ᠎ᠠ ᠶᠢᠨ ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠢ ᠬᠡᠪᠡ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号