5 ᠰᠠᠷ᠎ᠠ ᠶᠢᠨ 19 ᠤ ᠡᠳᠤᠷ᠂ 2018 ᠣᠨ ᠤ ᠦᠥᠰᠢᠨ ᠬᠤᠰᠢᠭᠤᠨ ᠤ ︽5·19 ᠤ ᠳᠤᠮᠳᠠᠳᠤ | ᠤᠯᠥᠰ ᠤᠨ ᠵᠢᠭᠤᠯᠴᠢᠯᠠᠯ ᠤᠨ ᠡᠳᠤᠷ︾ ᠤᠨ ᠰᠢᠷᠢᠰ ᠠᠵᠢᠯᠯᠠᠭ᠎ᠠ ᠶᠢᠨ ᠡᠭᠢᠯᠡᠯᠳᠡ ᠶᠢᠨ ᠶᠤᠰᠤᠯᠠᠯ᠂ ᠠᠷᠪᠠᠨ | ᠨᠢᠭᠡᠳᠦᠭᠡᠷ ᠬᠤᠭᠤᠴᠠᠭᠠᠨ ᠤ ᠣᠷᠳᠣᠰ ᠮᠣᠩᠭᠤᠯᠴᠤᠳ ᠤᠨ ᠶᠣᠰᠣ ᠰᠣᠷᠲᠠᠬᠤᠨ ᠵᠠᠩ ᠦᠢᠯᠡ ᠶᠢᠨ ᠵᠢᠭᠤᠯᠴᠢᠯᠡᠯ | ᠤᠨ ᠨᠠᠶᠢᠷ ᠵᠢᠴᠢ ᠪᠦᠬᠦᠯᠢ ᠦᠬᠡᠷ ᠤᠨ ᠮᠢᠬᠠᠨ ᠰᠢᠷᠠᠮᠠᠯ ᠢᠳᠡᠬᠡᠨ ᠤ ᠣᠯᠠᠨ ᠣᠯᠣᠰ ᠤᠨ ᠴᠣᠭᠯᠠᠭᠠᠨ ᠤ ᠰᠣᠨᠢᠨ | ᠮᠡᠳᠡᠭᠡ ᠨᠠᠶᠢᠳᠠᠯᠠᠬᠦ ᠬᠤᠷᠠᠯ ᠨᠢ ᠣᠯᠣᠰ ᠤᠨ AAAA ᠳᠠᠰ ᠤᠨ ᠵᠢᠭᠤᠯᠴᠢᠯᠠᠯ ᠤᠷᠤᠨ ᠪᠤᠯᠬᠤ ᠴᠠᠭᠠᠨ ᠰᠦᠯᠳᠡ | ᠶᠢᠨ ᠨᠡᠭᠦᠳᠡᠯ ᠮᠠᠯᠵᠢᠯ ᠤᠨ ᠠᠮᠢ ᠠᠬᠤᠢ ᠶᠢᠨ ᠵᠢᠭᠤᠯᠴᠢᠯᠠᠯ ᠤᠨ ᠣᠷᠣᠨ ᠳᠤ ᠦᠪᠡᠳᠡᠭᠰᠢ ᠶᠡᠭᠡ ᠪᠠᠷ ᠶᠠᠪᠣᠭᠳᠠᠭᠰᠠᠨ | ᠪᠠᠶᠢᠨ᠎ᠠ᠃ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠳᠤᠮᠳᠠᠳᠤ ᠤᠯᠤᠰ ᠤᠨ ᠮᠡᠳᠡᠯᠭᠡ ᠶᠢᠨ | ᠦᠮᠴᠢᠯᠡᠯ ᠤᠨ ᠡᠷᠬᠡ ᠶᠢᠨ ᠲᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠢᠴᠢ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠹᠧᠩ ᡁᠢ ᠮᠢᠩ᠂ | ᠦᠤᠰᠢᠨ ᠬᠤᠰᠢᠭᠤᠨ ᠤ ᠵᠢᠭᠤᠯᠴᠢᠯᠡᠯ ᠤᠨ ᠣᠶᠢᠯᠡᠰ ᠤᠨ ᠣᠶᠢᠯᠡᠴᠢᠯᠡᠬᠡᠨ ᠤ ᠲᠦᠪ᠂ ᠰᠦᠯᠳᠡ ᠰᠤᠮᠤ ᠵᠡᠷᠭᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠵᠤ᠂ ᠳᠤᠮᠳᠠᠳᠤ ᠤᠯᠤᠰ ᠤᠨ ᠰᠣᠨᠢᠨ | ᠮᠡᠳᠡᠭᠡᠨ ᠤ ᠰᠦᠯᠵᠢᠶ᠎ᠡ᠂ ᠠᠷᠠᠳ ᠤᠨ ᠰᠦᠯᠵᠢᠶ᠎ᠡ᠂ ᠳᠤᠮᠳᠠᠳᠤ ᠤᠯᠤᠰ ᠤᠨ ᠵᠢᠭᠤᠯᠴᠢᠯᠠᠯ ᠤᠨ ᠰᠣᠨᠢᠨ ᠵᠡᠷᠭᠡ ᠡᠯ᠎ᠡ | ᠶᠡᠭᠡ ᠮᠡᠳᠡᠭᠡ ᠵᠠᠭᠤᠴᠢᠯᠠᠭᠤᠷ ᠤᠨ ᠬᠢᠨ ᠤᠷᠢᠯᠭ᠎ᠠ ᠪᠠᠷ ᠣᠷᠣᠯᠴᠠᠪᠠ᠃ | ᠠᠵᠢᠯᠯᠠᠭ᠎ᠠ ᠲᠡᠭᠡᠷ᠎ᠡ᠂ ᠹᠧᠩ ᡁᠢ ᠮᠢᠩ ᠭᠤᠣᠯᠯᠠᠨ ᠡᠷᠬᠢᠯᠡᠭᠰᠡᠨ ᠲᠠᠯ᠎ᠠ ᠶᠢ ᠲᠥᠯᠥᠭᠡᠯᠡᠨ ᠠᠷᠪᠠᠨ ᠨᠢᠭᠡᠳᠦᠭᠡᠷ | ᠬᠤᠭᠤᠴᠠᠭᠠᠨ ᠤ ᠣᠷᠳᠣᠰ ᠮᠣᠩᠭᠤᠯᠴᠤᠳ ᠤᠨ ᠶᠣᠰᠣ ᠰᠣᠷᠲᠠᠬᠤᠨ ᠵᠠᠩ ᠦᠢᠯᠡ ᠵᠢᠭᠤᠯᠴᠢᠯᠡᠯ ᠤᠨ ᠨᠠᠶᠢᠷ ᠵᠢᠴᠢ | ᠪᠦᠬᠦᠯᠢ ᠦᠬᠡᠷ ᠤᠨ ᠮᠢᠬᠠᠨ ᠰᠢᠷᠠᠮᠠᠯ ᠢᠳᠡᠬᠡᠨ ᠤ ᠣᠯᠠᠨ ᠣᠯᠣᠰ ᠤᠨ ᠴᠣᠭᠯᠠᠭᠠᠨ ᠤ ᠠᠭᠤᠯᠭ᠎ᠠ ᠶᠢ ᠨᠡᠶᠢᠲᠡᠯᠡᠬᠦ | ᠶᠢᠨ ᠬᠠᠮᠲᠤ 2018 ᠣᠨ ᠤ ︽ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠤᠨ ᠰᠢᠷᠢᠰ ᠠᠵᠢᠯᠯᠠᠭᠠᠨ | ᠡᠬᠢᠯᠡᠭᠰᠡᠨ ᠢ ᠵᠠᠷᠯᠠᠪᠠ᠃ ᠲᠤᠰ ᠨᠠᠶᠢᠷ ᠢ ᠦᠪᠣᠷ ᠮᠣᠩᠭᠤᠯ ᠤᠨ ᠦᠪᠡᠷᠳᠡᠬᠡᠨ ᠵᠠᠰᠠᠬᠤ ᠣᠷᠣᠨ ᠤ ᠨᠡᠶᠢᠬᠡᠮ ᠤᠨ | ᠰᠢᠨᠵᠢᠯᠡᠬᠦ ᠤᠬᠠᠭᠠᠨ ᠤ ᠬᠤᠯᠪᠣᠭᠠᠳᠣ ᠬᠤᠷᠠᠯ᠂ ᠦᠪᠣᠷ ᠮᠣᠩᠭᠤᠯ ᠤᠨ ᠦᠨᠳᠣᠰᠣᠳᠠᠨ ᠤ ᠰᠣᠶᠣᠯ ᠤᠨ ᠠᠵᠣ | ᠣᠶᠢᠯᠡᠰ ᠤᠨ ᠰᠣᠳᠣᠯᠭᠠᠨ ᠤ ᠬᠦᠷᠢᠶᠠᠯᠠᠩ᠂ ᠣᠷᠳᠣᠰ ᠬᠤᠳᠠ ᠶᠢᠨ ᠵᠢᠭᠤᠯᠴᠢᠯᠡᠯ ᠬᠦᠭᠵᠢᠬᠦᠯᠥᠯᠳᠡ ᠶᠢᠨ ᠵᠦᠪᠯᠡᠯ᠂ | ᠦᠣᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠭᠤᠣᠯᠯᠡᠨ ᠡᠷᠬᠢᠯᠡᠵᠤ᠂ 6 ᠰᠠᠷ᠎ᠠ ᠶᠢᠨ 16 | ᠡᠳᠦᠷ ᠠᠴᠠ 24 ᠡᠳᠦᠷ ᠪᠣᠯᠳᠠᠯ᠎ᠠ ᠴᠠᠭᠠᠨ ᠰᠦᠯᠳᠡ ᠶᠢᠨ ᠨᠠᠬᠦᠳᠡᠯ ᠮᠠᠯᠵᠢᠯ ᠤᠨ ᠠᠮᠢ ᠠᠬᠤᠢ ᠶᠢᠨ ᠵᠢᠭᠤᠯᠴᠢᠯᠡᠯ | ᠤᠨ ᠣᠷᠣᠨ ᠳᠤ ᠶᠠᠪᠤᠭᠳᠠᠭᠤᠯᠬᠤ ᠪᠠᠷ ᠪᠠᠶᠢᠨ᠎ᠠ᠃ ᠳᠣᠰ ᠣᠳᠠᠭᠠᠨ ᠤ ᠠᠵᠢᠯᠯᠠᠭ᠎ᠠ ᠨᠢ ︽ᠦᠨᠳᠣᠰᠣᠳᠠᠨ ᠤ ᠵᠠᠩ | ᠣᠶᠢᠯᠡ᠂ ᠰᠢᠷᠠᠭᠰᠠᠨ ᠪᠦᠬᠦᠯᠢ ᠦᠬᠡᠷ ᠤᠨ ᠳᠠᠶᠢᠯᠠᠯᠭ᠎ᠠ︾ ᠬᠡᠬᠦ ᠭᠤᠣᠯ ᠰᠠᠳᠣᠪ ᠤᠨ ᠳᠣᠭᠤᠷᠢᠨ ᠳᠤ ᠤᠯᠤᠰ ᠤᠨ | ᠪᠣᠳᠠᠰ ᠤᠨ ᠪᠣᠰᠣ ᠦᠪ ᠪᠣᠯᠬᠤ ︽ᠴᠠᠭᠠᠨ ᠰᠦᠯᠳᠡ ᠶᠢᠨ ᠳᠠᠬᠢᠯᠭ᠎ᠠ︾ ᠶᠢᠨ ᠵᠣᠨ ᠤ ᠣᠯᠠᠷᠢᠯ ᠤᠨ ᠳᠠᠬᠢᠯᠭ᠎ᠠ᠂ | ᠴᠠᠭᠠᠨ ᠰᠦᠯᠳᠡ ᠶᠢᠨ ᠰᠢᠷᠠᠭᠰᠠᠨ ᠪᠦᠬᠦᠯᠢ ᠦᠬᠡᠷ ᠤᠨ ᠳᠠᠶᠢᠯᠠᠯᠭ᠎ᠠ ᠪᠠ ᠤᠯᠠᠨ ᠤᠯᠤᠰ ᠤᠨ ᠬᠦᠮᠦᠰ ᠤᠨ | ᠰᠢᠷᠠᠭᠰᠠᠨ ᠦᠭᠡᠷ ᠤᠨ ᠮᠢᠬ᠎ᠠ ᠶᠢ ᠠᠮᠳᠠᠯᠠᠬᠤ᠂ ᠨᠠᠭᠠᠳᠣᠮ ᠤᠨ ᠶᠡᠭᠡ ᠬᠤᠷᠠᠯ ᠪᠠ ᠰᠣᠶᠣᠯ ᠤᠨ ᠳᠣᠭᠤᠶᠢᠯᠠᠩ ᠤᠨ | ᠳᠣᠭᠯᠠᠯᠳᠠ᠂ ᠣᠷᠳᠣᠰ ᠬᠤᠷᠢᠮ ᠤᠨ ᠰᠣᠶᠣᠯ ᠵᠡᠷᠬᠡ ᠤᠯᠠᠨ ᠠᠭᠤᠯᠭ᠎ᠠ ᠪᠠᠷ ᠶᠠᠪᠤᠭᠳᠠᠵᠤ᠂ ᠣᠷᠣᠨ ᠪᠦᠰᠠ ᠶᠢᠨ | ᠵᠢᠭᠤᠯᠴᠢᠯᠠᠯ ᠤᠨ ᠬᠥᠭᠵᠢᠯᠲᠡ᠂ ᠵᠢᠭᠤᠯᠴᠢᠯᠡᠯ ᠤᠨ ᠣᠶᠢᠯᠡᠰ ᠢᠶᠠᠷ ᠶᠠᠳᠠᠭᠤ ᠶᠢ ᠳᠡᠳᠬᠦᠬᠦ᠂ ︽ᠵᠢᠭᠤᠯᠴᠢᠯᠡᠯ᠂ | ᠰᠣᠶᠣᠯ᠂ ᠪᠠᠶ᠎ᠠ ᠳᠠᠮᠢᠷ᠂ ᠰᠠᠯᠠᠬᠦᠴᠡᠯ ᠮᠠᠯ ᠳᠠᠷᠢᠶᠠᠯᠠᠩ ᠤᠨ ᠠᠵᠣ ᠣᠶᠢᠯᠡᠰ︾ ᠤᠨ ᠣᠶᠢᠯᠡᠳᠣᠯᠬᠡ ᠶᠢᠨ ᠦᠷ᠎ᠡ | ᠪᠦᠲᠦᠭᠡᠯ ᠪᠠ ᠮᠠᠯᠴᠢᠨ ᠳᠠᠷᠢᠶᠠᠴᠢᠳ ᠤᠨ ᠠᠮᠢᠳᠣᠷᠠᠯ ᠤᠨ ᠨᠦᠬᠦᠴᠡᠯ ᠳᠠᠬᠢ ᠯᠣᠳᠣ ᠶᠡᠭᠡ ᠬᠤᠪᠢᠷᠠᠯᠳᠠ ᠶᠢ | ᠬᠦᠢᠴᠡᠳ ᠢᠯᠡᠷᠡᠬᠦᠯᠬᠦ ᠪᠤᠯᠤᠨ᠎ᠠ᠃ | ᠰᠣᠨᠢᠨ ᠮᠡᠳᠡᠭᠡ ᠨᠡᠶᠢᠲᠡᠯᠡᠬᠦ ᠬᠤᠷᠠᠯ ᠤᠨ ᠠᠬᠤᠢ ᠲᠠᠯᠠᠪᠠᠢ ᠳᠤ ᠲᠣᠭᠯᠠᠭᠴᠢᠳ ᠠᠴᠠ ᠭᠤᠴᠣ ᠰᠠᠶᠢᠬᠠᠨ | ᠲᠣᠭᠯᠠᠯᠲᠠ ᠪᠠᠨ ᠰᠣᠨᠢᠷᠬᠠᠭᠤᠯᠤᠭᠰᠠᠨ ᠤ ᠬᠠᠮᠲᠤ ᠰᠠᠶᠢᠨ ᠳᠤᠷᠠᠴᠤᠳ ᠠᠴᠠ ᠪᠣᠯᠪᠠᠰᠤᠨ ᠠᠶᠠᠯᠠᠬᠤ ᠰᠠᠨᠠᠭᠠᠴᠢᠯᠠᠭ᠎ᠠ | ᠶᠢᠨ ᠪᠢᠴᠢᠭ ᠢ ᠤᠩᠰᠢᠨ ᠨᠡᠶᠢᠲᠡᠯᠡᠭᠰᠡᠨ ᠪᠠᠶᠢᠨ᠎ᠠ᠃ ᠴᠠᠭᠠᠨ ᠰᠦᠯᠳᠡ ᠶᠢᠨ ᠠᠯᠲᠠᠨ ᠦᠬᠡᠷ ᠤᠨ ᠳᠠᠶᠢᠯᠠᠯᠭ᠎ᠠ ᠨᠢ | ᠬᠤᠷᠠᠭᠰᠠᠨ ᠣᠯᠠᠨ ᠤ ᠬᠠᠷᠠᠭ᠎ᠠ ᠶᠢ ᠪᠤᠯᠢᠶᠠᠨ᠂ ᠠᠷᠠᠭᠠᠨ ᠰᠢᠯᠦᠰᠦ ᠶᠢ ᠬᠤᠷᠠᠭᠤᠯᠵᠤ᠂ ᠰᠦᠯᠵᠢᠶᠡᠨ ᠤ ᠰᠢᠭᠤᠳ | ᠨᠡᠪᠲᠡᠷᠡᠭᠦᠯᠭᠡ ᠶᠢᠨ ᠦᠵᠡᠭᠴᠢᠳ 50 ᠭᠠᠷᠤᠢ ᠲᠦᠮᠡ ᠳᠤ ᠬᠦᠷᠦᠭᠰᠡᠨ ᠪᠠᠶᠢᠨ᠎ᠠ᠃ ᠰᠣᠨᠢᠨ ᠮᠡᠳᠡᠭᠡ ᠨᠡᠶᠢᠲᠡᠯᠡᠬᠦ | ᠬᠤᠷᠠᠯ ᠤᠨ ᠳᠠᠷᠠᠭ᠎ᠠ ᠪᠦᠭᠦᠳᠡᠭᠡᠷ ᠢᠶᠠᠨ ᠤᠯᠤᠰ ᠤᠨ ᠳᠡᠰ ᠤᠨ ᠪᠣᠳᠠᠰ ᠤᠨ ᠪᠤᠰᠤ ᠰᠣᠶᠣᠯ ᠤᠨ ᠥᠪ ᠪᠣᠯᠬᠤ ︽ | ᠣᠷᠳᠣᠰ ᠬᠤᠷᠢᠮ︾ ᠤᠨ ᠲᠣᠭᠯᠠᠯᠲᠠ ᠰᠣᠨᠢᠷᠬᠠᠵᠤ᠂ ᠣᠷᠳᠣᠰ ᠮᠣᠩᠭᠤᠯᠴᠤᠳ ᠤᠨ ᠬᠤᠷᠢᠮ ᠤᠨ ᠶᠣᠰᠣ ᠵᠠᠩᠰᠢᠯ ᠢ | ᠣᠶᠢᠯᠠᠭᠠᠭᠰᠠᠨ ᠪᠠᠶᠢᠨ᠎ᠠ᠃ | ᠲᠤᠰ ᠤᠳᠠᠭᠠᠨ ᠤ《5·19 ᠳᠤᠮᠳᠠᠳᠤ ᠤᠯᠥᠰ ᠤᠨ ᠵᠢᠭᠤᠯᠴᠢᠯᠠᠯ ᠤᠨ ᠡᠳᠤᠷ 》 ᠤᠨ ᠰᠢᠷᠢᠰ | ᠠᠵᠢᠯᠠᠯᠭ᠎ᠠ ᠨᠢ ᠭᠤᠤᠯᠳᠠᠭᠤ ᠠᠷᠪᠠᠨ ᠨᠢᠭᠡᠳᠦᠭᠡᠷ ᠬᠤᠭᠤᠴᠠᠭᠠᠨ ᠤ ᠣᠷᠳᠣᠰ ᠮᠣᠩᠭᠤᠯᠴᠤᠳ ᠤᠨ ᠶᠣᠰᠣ | ᠰᠣᠷᠲᠠᠬᠤᠨ ᠵᠠᠩ ᠦᠢᠯᠡ ᠶᠢᠨ ᠨᠠᠶᠢᠷ ᠵᠢᠴᠢ ᠠᠩᠬᠠᠳᠤᠭᠠᠷ ᠤᠳᠠᠭᠠᠨ ᠤ ᠴᠠᠭᠠᠨ ᠰᠦᠯᠳᠡ ᠶᠢᠨ ᠪᠦᠬᠦᠯᠢ ᠦᠬᠡᠷ | ᠤᠨ ᠮᠢᠬᠠᠨ ᠠᠮᠳᠠᠳᠣ ᠰᠢᠷᠠᠮᠠᠯ ᠢᠳᠡᠬᠡᠨ ᠤ ᠣᠯᠠᠨ ᠣᠯᠣᠰ ᠤᠨ ᠴᠣᠭᠯᠠᠭᠠᠨ ᠤ ᠰᠣᠨᠢᠨ ᠮᠡᠳᠡᠭᠡ ᠨᠠᠶᠢᠳᠠᠯᠠᠬᠦ ᠬᠤᠷᠠᠯ | ᠂ ᠰᠢᠷᠬᠤᠰᠣ ᠵᠢᠭᠤᠯᠴᠢᠯᠠᠯ ᠤᠨ ᠣᠷᠣᠨ ᠤ ︽ᠰᠠᠶᠢᠨ ᠰᠠᠶᠢᠬᠠᠨ ᠠᠮᠢᠳᠤᠷᠠᠯ—ᠬᠠᠶᠢᠷ᠎ᠠ ᠢᠪᠡᠭᠡᠯ︾ ᠬᠡᠬᠦ | ᠬᠥᠳᠡᠯᠭᠡᠭᠡᠨ᠂ ᠪᠠᠶᠠᠠᠭᠤᠤᠯ ᠭᠠᠴᠠᠭᠠᠨ ᠤ ᠠᠩᠬᠠᠳᠤᠭᠠᠷ ᠬᠤᠭᠤᠴᠠᠭᠠᠨ ᠤ ᠴᠠᠬᠢᠷᠮ᠎ᠠ ᠴᠡᠴᠡᠭ ᠤᠨ ᠵᠢᠭᠤᠯᠴᠢᠯᠠᠯ | ᠰᠤᠶᠤᠯ ᠤᠨ ᠨᠠᠶᠢᠷ᠂ ᠬᠦᠳᠡᠭᠡ ᠳᠤᠰᠬᠤᠨ ᠢᠶᠠᠷ ᠬᠤᠪᠢ ᠶᠢᠨ ᠮᠠᠰᠢᠨ ᠢᠶᠠᠷ ᠵᠤᠭᠠᠴᠠᠬᠤ ᠵᠡᠷᠭᠡ ᠤᠯᠡᠨ ᠲᠥᠷᠥᠯ ᠤᠨ | ᠠᠵᠢᠯᠯᠠᠭ᠎ᠠ ᠪᠠᠭᠳᠠᠵᠤ ᠪᠤᠢ᠃ |