5 ᠰᠠᠷ᠎ᠠ ᠶᠢᠨ 21 ᠤ ᠡᠳᠦᠷ᠂ ᠬᠤᠲᠠ ᠠᠴᠠ ᠦᠦᠰᠢᠨ ᠬᠤᠰᠢᠭᠤᠨ ᠤ ᠭᠠᠵᠠᠷ ᠰᠢᠷᠣᠢ ᠶᠢᠨ | ᠡᠷᠬᠡ ᠳᠣᠭᠲᠠᠭᠠᠬᠤ ᠶᠢ ᠱᠠᠭᠠᠷᠳᠠᠨ ᠪᠠᠶᠢᠴᠠᠭᠠᠬᠤ ᠠᠵᠢᠯ ᠳᠤ ᠬᠠᠷᠢᠭᠤ ᠮᠡᠳᠡᠬᠦᠯᠬᠦ ᠬᠤᠷᠠᠯ ᠬᠤᠷᠠᠯᠳᠣᠵᠣ᠂ | ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶᠠᠨ ᠤ ᠪᠠᠶᠢᠴᠠᠭᠠᠨ ᠰᠤᠳᠤᠯᠤᠭᠴᠢ ᠪᠠᠢ ᠰᠢᠶᠤᠤ ᠮᠢᠩ᠂ | ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶᠠᠨ ᠤ ᠡᠵᠡᠩᠨᠡᠯᠲᠡ ᠬᠠᠮᠢᠶᠠᠷᠤᠯᠲᠠ ᠶᠢᠨ ᠥᠷᠲᠡᠭᠡᠨ | ᠳᠠᠷᠤᠭ᠎ᠠ ᠮᠥᠩᠬᠡ᠂ ᠬᠤᠰᠢᠭᠤ ᠵᠠᠰᠠᠭ ᠤᠨ ᠣᠷᠳᠣᠨ ᠤ ᠬᠤᠰᠢᠭᠤ ᠲᠡᠳ᠋ ᠳᠠᠷᠤᠭ᠎ᠠ ᠪᠠᠶᠠᠨᠴᠡᠩᠬᠡᠯ ᠵᠢᠴᠢ | ᠬᠤᠲᠠ ᠶᠢᠨ ᠱᠠᠭᠠᠷᠳᠠᠨ ᠪᠠᠶᠢᠴᠠᠭᠠᠬᠤ ᠳᠤᠭᠤᠶᠢᠯᠠᠩ ᠤᠨ ᠭᠡᠰᠢᠬᠦᠨ᠂ ᠮᠠᠨ ᠤ ᠬᠤᠰᠢᠭᠤᠨ ᠤ ᠡᠯ᠎ᠡ ᠰᠤᠮᠦ ᠪᠠᠯᠭᠠᠰᠤ᠂ | ᠬᠤᠰᠢᠭᠤ ᠰᠢᠭᠤᠳ ᠬᠤᠯᠪᠣᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ᠂ ᠭᠠᠵᠠᠷ ᠰᠢᠷᠣᠢ ᠶᠢ ᠬᠡᠮᠵᠢᠨ | ᠵᠢᠷᠣᠬᠤ ᠠᠵᠢᠯ ᠤᠨ ᠺᠤᠮᠫᠠᠨᠢ ᠶᠢᠨ ᠠᠵᠢᠯᠴᠢᠨ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠱᠠᠭᠠᠷᠳᠠᠨ ᠪᠠᠶᠢᠴᠠᠭᠠᠬᠤ ᠳᠣᠭᠤᠶᠢᠯᠠᠩ ᠤᠨ ᠬᠢᠨ ᠮᠠᠨ ᠤ ᠬᠤᠰᠢᠭᠤᠨ ᠤ ᠭᠠᠵᠠᠷ | ᠰᠢᠷᠣᠢ ᠶᠢᠨ ᠡᠷᠬᠡ ᠶᠢ ᠳᠣᠭᠲᠠᠭᠠᠬᠤ ᠠᠵᠢᠯ ᠢ ᠥᠷᠨᠢᠭᠦᠯᠦᠭᠰᠡᠨ ᠪᠠᠶᠢᠳᠠᠯ᠂ ᠣᠷᠣᠰᠢᠵᠣ ᠪᠠᠶᠢᠭ᠎ᠠ ᠠᠰᠠᠭᠤᠳᠠᠯ | ᠵᠢᠴᠢ ᠳᠠᠷᠠᠭ᠎ᠠ ᠠᠯᠬᠤᠮ ᠤᠨ ᠠᠵᠢᠯ ᠤᠨ ᠠᠷᠭ᠎ᠠ ᠬᠡᠮᠵᠢᠶ᠎ᠡ ᠶᠢᠨ ᠲᠣᠬᠠᠢ ᠬᠠᠷᠢᠭᠤ ᠮᠡᠳᠡᠭᠦᠯᠦᠯᠲᠡ ᠶᠢ ᠰᠤᠨᠤᠰᠤᠨ᠂ | ᠬᠤᠷᠠᠯ ᠳᠤ ᠣᠷᠣᠯᠴᠠᠭᠰᠠᠨ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠲᠠᠢ ᠭᠠᠵᠠᠷ ᠰᠢᠷᠣᠢ ᠶᠢᠨ ᠡᠷᠬᠡ ᠶᠢ | ᠲᠣᠭᠲᠠᠭᠠᠬᠤ ᠠᠵᠢᠯ ᠤᠨ ᠳᠤᠮᠳᠠ ᠣᠷᠣᠰᠢᠵᠣ ᠪᠠᠶᠢᠭ᠎ᠠ ᠠᠰᠠᠭᠤᠳᠠᠯ ᠪᠠ ᠭᠦᠴᠢᠷᠳᠡᠯ ᠤᠨ ᠲᠣᠭᠤᠷᠢᠨ ᠳᠤ | ᠶᠠᠷᠢᠯᠴᠠᠭ᠎ᠠ ᠥᠷᠨᠢᠬᠦᠯᠵᠦ ᠣᠷᠣᠰᠢᠵᠣ ᠪᠠᠶᠢᠭ᠎ᠠ ᠪᠣᠳᠠᠲᠠᠢ ᠠᠰᠠᠭᠤᠳᠠᠯ ᠳᠤ ᠴᠢᠭᠯᠡᠬᠦᠯᠦᠨ ᠵᠢᠯᠣᠭᠤᠳᠣᠯᠭ᠎ᠠ ᠶᠢᠨ | ᠴᠢᠨᠠᠷᠲᠠᠢ ᠰᠠᠨᠠᠯ ᠰᠠᠨᠠᠭᠤᠯᠭ᠎ᠠ ᠳᠤᠷᠠᠳᠪᠠ᠃ | ᠱᠠᠭᠠᠷᠳᠠᠨ ᠪᠠᠶᠢᠴᠠᠭᠠᠬᠤ ᠳᠣᠭᠤᠶᠢᠯᠠᠩ ᠤᠨ ᠬᠢᠨ ᠵᠢᠭᠠᠵᠤ ᠭᠠᠷᠭᠠᠬᠤ ᠳᠤ ᠪᠠᠨ᠂ ᠦᠦᠰᠢᠨ ᠬᠤᠰᠢᠭᠤ | ᠲᠡᠷᠢᠬᠦᠨ ᠤ ᠲᠤᠷᠰᠢᠯᠭ᠎ᠠ ᠪᠠᠨ ᠠᠰᠢᠭᠯᠠᠵᠤ᠂ ᠭᠠᠵᠠᠷ ᠰᠢᠷᠣᠢ ᠶᠢᠨ ᠡᠷᠬᠡ ᠶᠢ ᠳᠣᠭᠲᠠᠭᠠᠬᠤ ᠠᠵᠢᠯ ᠤᠨ ᠣᠳᠣᠷᠢᠳᠬᠤ | ᠳᠣᠭᠤᠶᠢᠯᠠᠩ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠨ ᠦᠷ᠎ᠡ ᠪᠦᠲᠦᠮᠵᠢ ᠪᠠᠨ ᠳᠡᠭᠡᠭᠰᠢᠯᠡᠭᠦᠯᠦᠨ᠂ | ᠰᠤᠮᠤ ᠪᠠᠯᠭᠠᠰᠤ ᠣᠳᠣᠷᠢᠳᠤᠮᠵᠢ ᠶᠢᠨ ᠥᠢᠯᠡᠳᠦᠯ ᠢᠶᠠᠨ ᠪᠠᠳᠠᠷᠠᠭᠤᠯᠵᠤ ᠵᠦᠷᠢᠴᠡᠯ ᠮᠥᠷᠭᠦᠯᠳᠦᠭᠡᠨ ᠢ ᠰᠢᠢᠳᠪᠦᠷᠢᠯᠡᠬᠦ | ᠬᠡᠷᠡᠭᠲᠡᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠬᠡᠮᠵᠢᠨ ᠵᠢᠷᠣᠬᠤ ᠠᠵᠢᠯ ᠤᠨ ᠺᠣᠮᠫᠠᠨᠢ ᠬᠠᠮᠲᠣᠷᠠᠯᠴᠠᠭ᠎ᠠ | ᠰᠤᠯᠢᠯᠴᠠᠭ᠎ᠠ ᠪᠠᠨ ᠴᠢᠩᠭᠠᠳᠬᠠᠵᠤ ᠭᠠᠵᠠᠷ ᠰᠢᠷᠣᠢ ᠶᠢ ᠬᠡᠮᠵᠢᠨ ᠵᠢᠷᠣᠬᠤ ᠠᠵᠢᠯ ᠤᠨ ᠳᠤᠮᠳᠠ ᠠᠯᠳᠠᠭ᠎ᠠ ᠭᠠᠷᠭᠠᠬᠤ | ᠦᠭᠡᠢ ᠪᠠᠶᠢᠬᠤ ᠶᠢ ᠪᠠᠲᠣᠯᠠᠬᠤ ᠬᠡᠷᠡᠭᠲᠡᠢ᠂ ᠬᠡᠮᠵᠢᠨ ᠵᠢᠷᠣᠬᠤ ᠠᠵᠢᠯ ᠤᠨ ᠺᠣᠮᠫᠠᠨᠢ ᠠᠵᠢᠯᠴᠢᠨ ᠢᠶᠠᠨ ᠨᠡᠮᠡᠨ | ᠲᠣᠮᠢᠯᠠᠵᠤ ᠠᠵᠢᠯ ᠤᠨ ᠠᠷᠭ᠎ᠠ ᠬᠡᠮᠵᠢᠶ᠎ᠡ ᠪᠠᠨ ᠨᠢᠭᠡᠳᠬᠡᠨ᠂ ᠬᠠᠣᠯᠢ ᠳᠦᠷᠢᠮ ᠶᠣᠰᠣᠭᠠᠷ ᠠᠵᠢᠯᠯᠠᠨ ᠲᠤᠭ᠎ᠠ | ᠪᠠᠷᠢᠮᠲᠠ ᠶᠢᠨ ᠳᠠᠪᠴᠠᠩ ᠤᠨ ᠪᠦᠲᠦᠭᠡᠨ ᠪᠠᠶᠢᠭᠤᠯᠣᠯᠲᠠ ᠶᠢᠨ ᠠᠬᠢᠴᠠ ᠪᠠᠨ ᠲᠦᠷᠭᠡᠳᠬᠡᠬᠦ ᠬᠡᠷᠡᠭᠲᠡᠢ᠃ ᠬᠤᠯᠪᠣᠭᠳᠠᠯ | ᠪᠦᠬᠦᠢ ᠰᠠᠯᠠᠭ᠎ᠠ ᠮᠥᠴᠢᠷ ᠬᠠᠮᠵᠢᠯᠴᠠᠨ ᠬᠤᠯᠪᠣᠭᠠᠯᠠᠬᠤ ᠪᠠᠨ ᠴᠢᠩᠭᠠᠳᠬᠠᠵᠤ ᠳᠠᠩᠰᠨ ᠡᠪᠬᠡᠮᠡᠯ ᠢ ᠴᠤᠭᠯᠠᠭᠤᠯᠬᠤ᠂ | ᠡᠮᠬᠢᠯᠡᠬᠦ᠂ ᠨᠣᠳᠠᠯᠠᠬᠤ᠂ ᠬᠠᠳᠠᠭᠠᠯᠠᠬᠤ ᠵᠡᠷᠭᠡ ᠠᠵᠢᠯ ᠢ ᠨᠠᠷᠢᠨ ᠬᠢᠨᠠᠮᠠᠭᠠᠢ ᠬᠢᠬᠦ ᠬᠡᠷᠡᠭᠲᠡᠢ᠃ ᠪᠠᠶᠢᠴᠠᠭᠠᠨ | ᠵᠢᠯᠣᠭᠤᠳᠬᠤ ᠠᠵᠢᠯ ᠢᠶᠠᠨ ᠴᠢᠩᠭᠠᠳᠬᠠᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠲᠠᠪᠤᠷᠢᠵᠢᠭᠤᠯᠤᠨ | ᠠᠵᠢᠯ ᠤᠨ ᠬᠦᠴᠦᠯᠡᠴᠡ ᠪᠠᠨ ᠨᠡᠮᠡᠭᠳᠡᠭᠦᠯᠵᠦ ᠠᠵᠢᠯ ᠤᠨ ᠠᠷᠭ᠎ᠠ ᠪᠠᠷᠢᠯ ᠢᠶᠠᠨ ᠰᠢᠨᠡᠴᠢᠯᠡᠨ ᠳᠦᠷᠢᠮ ᠳᠤᠭᠲᠠᠭᠠᠯ | ᠪᠣᠯᠣᠨ ᠠᠵᠢᠯ ᠤᠨ ᠠᠯᠬᠤᠮ ᠳᠠᠷᠠᠭ᠎ᠠ ᠶᠢ ᠴᠢᠩᠭ᠎ᠠ ᠪᠠᠷᠢᠮᠳᠠᠯᠠᠵᠤ ᠭᠠᠵᠠᠷ ᠰᠢᠷᠣᠢ ᠶᠢᠨ ᠡᠷᠬᠡ ᠶᠢ ᠳᠣᠭᠲᠠᠭᠠᠬᠤ | ᠠᠵᠢᠯ ᠢ ᠥᠪᠡᠷᠳᠡᠭᠡᠨ ᠵᠠᠰᠠᠬᠤ ᠣᠷᠣᠨ ᠤ ᠱᠠᠭᠠᠷᠳᠠᠯᠭ᠎ᠠ ᠶᠣᠰᠣᠭᠠᠷ ᠳᠣᠭᠲᠠᠭᠰᠠᠨ ᠬᠤᠭᠤᠴᠠᠭᠠᠨ ᠳᠤ ᠥᠨᠳᠦᠷ | ᠦᠷ᠎ᠡ ᠪᠦᠲᠦᠮᠵᠢ ᠲᠠᠢ ᠪᠡᠶᠡᠯᠡᠬᠦᠯᠬᠦ ᠶᠢ ᠪᠠᠲᠣᠯᠠᠬᠤ ᠬᠡᠷᠡᠭᠲᠡᠢ ᠭᠡᠪᠡ᠃ |