2018 ᠤᠨ ᠤ ᠤᠷᠳᠤᠰ ᠨᠠᠷᠢᠨ ᠨᠤᠤᠰᠤᠲᠤ ᠬᠤᠨᠢᠨ ᠴᠤᠭᠯᠠᠭᠠᠨ ᠤ ᠳᠦᠰᠦᠯ ᠢ ᠳᠠᠷᠤᠮᠠᠯᠯᠠᠨ ᠲᠠᠷᠬᠠᠭᠠᠬᠤ ᠲᠤᠬᠠᠢ ᠦᠤᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2018-05-25
ᠡᠯ᠎ᠡ ᠰᠤᠮᠤ ᠪᠠᠯᠭᠠᠰᠣᠨ ᠤ ᠠᠷᠠᠳ ᠤᠨ ᠵᠠᠰᠠᠭ ᠤᠨ ᠤᠷᠳᠤᠨ᠂ ᠡᠯ᠎ᠡ ᠬᠤᠰᠢᠭᠤ ᠰᠢᠭᠤᠳ ᠬᠠᠷᠢᠶ᠎ᠠ ᠪᠠᠶᠢᠭᠤᠯᠭ᠎ᠠ᠄      ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠵᠦᠪᠰᠢᠶᠡᠷᠡᠯ ᠢᠶᠠᠷ ᠳᠠᠮᠵᠢᠭᠠᠳ᠂ ᠡᠳᠤᠭᠡ ︽2018 ᠤᠨ ᠤ ᠤᠷᠳᠤᠰ ᠨᠠᠷᠢᠨ ᠨᠤᠤᠰᠤᠲᠤ ᠬᠤᠨᠢᠨ ᠴᠤᠭᠯᠠᠭᠠᠨ ᠤ ᠳᠦᠰᠦᠯ︾ ᠢ ᠳᠠᠷᠤᠮᠠᠯᠯᠠᠨ ᠲᠠᠷᠬᠠᠭᠠᠯ᠎ᠠ᠂ ᠲᠠᠨᠠᠷ ᠨᠠᠷᠢᠨ ᠬᠢᠨᠠᠮᠠᠭᠠᠢ ᠵᠤᠬᠢᠶᠠᠨ ᠪᠠᠶᠢᠭᠤᠯᠵᠤ ᠬᠡᠷᠡᠭᠵᠢᠭᠦᠯᠦᠭᠡᠷᠡᠢ᠃                                                                        ᠦᠤᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ                                    2018 ᠤᠨ ᠤ 5 ᠰᠠᠷ᠎ᠠ ᠶᠢᠨ 22 ᠤᠨ ᠡᠳᠤᠷ                 ᠦᠤᠰᠢᠨ ᠬᠤᠰᠢᠭᠤᠨ ᠤ 2018 ᠤᠨ ᠤ ᠤᠷᠳᠤᠰ ᠨᠠᠷᠢᠨ ᠨᠤᠤᠰᠤᠲᠤ ᠬᠤᠨᠢᠨ ᠴᠤᠭᠯᠠᠭᠠᠨ ᠤ ᠳᠦᠰᠦᠯ     ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠤᠨ ᠲᠤᠤᠱᠯᠠᠭᠤᠯᠵᠤ᠂ ᠮᠠᠯ ᠲᠠᠷᠢᠶᠠᠯᠠᠩ ᠤᠨ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠲᠠᠯ᠎ᠠ  ᠳᠠᠬᠢ ᠦᠭᠡᠷᠡᠴᠢᠯᠡᠯᠳᠡ ᠶᠢ ᠲᠦᠯᠬᠢᠨ ᠠᠬᠢᠭᠤᠯᠵᠤ᠂ ᠤᠳᠤ ᠦᠶ᠎ᠡ ᠶᠢᠨ ᠮᠠᠯ ᠲᠠᠷᠢᠶᠠᠯᠠᠩ ᠤᠨ ᠦᠢᠯᠡᠰ ᠤᠨ ᠭᠦᠭᠵᠢᠯᠲᠡ ᠶᠢᠨ ᠠᠬᠢᠴᠠ ᠶᠢ ᠲᠦᠷᠭᠡᠳᠭᠡᠨ᠂ ᠮᠠᠯ ᠲᠠᠷᠢᠶᠠᠯᠠᠩ ᠤᠨ ᠰᠢᠯᠢᠳᠡᠭ ᠴᠢᠨᠡᠷ ᠤᠨ ᠪᠦᠳᠦᠬᠡᠭᠳᠡᠬᠦᠨ ᠤ ᠬᠠᠩᠭᠠᠯᠭ᠎ᠠ ᠶᠢ ᠳᠡᠭᠡᠭᠰᠢᠯᠡᠭᠦᠯᠵᠤ᠂ ᠤᠷᠳᠤᠰ ᠨᠠᠷᠢᠨ ᠨᠤᠤᠰᠤᠲᠤ ᠬᠤᠨᠢᠨ ᠤ ᠠᠬᠠᠷ ᠨᠤᠤᠰᠤᠨ ᠭᠦᠢᠯᠭᠡᠭᠡ᠂ ᠪᠤᠷᠤᠯᠠᠭᠤᠯᠭ᠎ᠠ ᠶᠢᠨ ᠰᠤᠪᠠᠭ ᠢ ᠦᠷᠭᠡᠳᠬᠡᠵᠤ᠂ ᠮᠠᠯᠴᠢᠨ ᠲᠠᠷᠢᠶᠠᠴᠢᠨ ᠤ ᠮᠠᠯᠵᠢᠯ ᠳᠡᠵᠢᠭᠡᠪᠤᠷᠢ ᠶᠢᠨ ᠤᠷᠤᠯᠭ᠎ᠠ ᠶᠢ ᠪᠦᠲᠦᠮᠵᠢᠲᠠᠢ ᠨᠡᠮᠡᠭᠳᠡᠭᠦᠯᠭᠦ ᠶᠢᠨ ᠲᠤᠰᠠᠳᠠ ᠬᠤᠰᠢᠭᠤᠨ ᠤ ᠪᠤᠳᠠᠲᠤ ᠪᠠᠶᠢᠳᠠᠯ ᠲᠠᠢ ᠤᠶᠠᠯᠳᠤᠭᠤᠯᠤᠨ ᠲᠤᠰ ᠲᠦᠰᠦᠯ  ᠢ ᠲᠤᠭᠳᠠᠭᠠᠪᠠ᠃      ᠨᠢᠭᠡ᠂ ᠭᠤᠤᠯᠯᠠᠨ ᠡᠷᠬᠢᠯᠡᠭᠦ ᠪᠠᠶᠢᠭᠤᠯᠭ᠎ᠠ      ᠦᠤᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ      ᠬᠤᠶᠠᠷ᠂ ᠳᠠᠭᠠᠭᠠᠴᠢᠯᠠᠨ ᠡᠷᠬᠢᠯᠡᠬᠦ ᠪᠠᠶᠢᠭᠤᠯᠭ᠎ᠠ      ᠦᠤᠰᠢᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ      ᠭᠤᠷᠪᠠ᠂ ᠴᠠᠭ ᠬᠤᠭᠤᠴᠠᠭ᠎ᠠ ᠪᠤᠯᠤᠨ ᠭᠠᠵᠠᠷ      ᠴᠤᠭᠯᠠᠭᠠᠨ ᠤ ᠴᠠᠭ ᠬᠤᠭᠤᠴᠠᠭ᠎ᠠ᠄ 2018 ᠤᠨ ᠤ 6 ᠰᠠᠷ᠎ᠠ ᠶᠢᠨ 7 - 8 ᠤ ᠡᠳᠤᠷ ︵ᠬᠤᠶᠠᠷ ᠡᠳᠤᠷ      ᠴᠤᠭᠯᠠᠭᠠᠨ ᠤ ᠭᠠᠵᠠᠷ᠄ ᠦᠤᠰᠢᠨ ᠬᠤᠰᠢᠭᠤᠨ ᠤ ᠨᠠᠷᠢᠨ ᠨᠤᠤᠰᠤᠲᠤ ᠬᠤᠨᠢᠨ ᠤ ᠨᠤᠤᠰᠤ ᠬᠠᠳᠠᠭᠠᠯᠠᠵᠤ ᠳᠡᠭᠡᠭᠡᠪᠤᠷᠢᠯᠡᠬᠦ ᠠᠷᠠᠯᠵᠢᠶᠠᠨ ᠤ ᠲᠦᠪ ︵ᠦᠤᠰᠢᠨ ᠬᠤᠰᠢᠭᠤᠨ ᠤ ᠭᠠᠯᠠᠭᠤᠲᠤ ᠪᠠᠯᠭᠠᠰᠤᠨ ᠤ ᠪᠠᠷᠠᠭᠠᠨ ᠬᠦᠢᠯᠭᠡᠭᠡᠨ  ᠤ ᠡᠮᠤᠨ᠎ᠡ ᠲᠤᠭᠤᠷᠢᠭ ᠤᠨ ᠵᠡᠭᠦᠨ ᠵᠠᠮ ᠤᠨ ᠬᠤᠶᠢᠳᠤ ᠲᠠᠯ᠎ᠠ ᠳᠠᠬᠢ ᠠᠨ ᠳ᠋ᠦᠩ ᠴᠢᠯᠠᠭᠤᠨ ᠲᠤᠰᠤᠨ ᠤ ᠬᠠᠵᠠᠭᠤ  ᠳᠠᠬᠢ ᠦᠤᠰᠢᠨ ᠬᠤᠰᠢᠭᠤᠨ ᠤ ᠨᠠᠷᠢᠨ ᠨᠤᠤᠰᠤᠲᠤ ᠬᠤᠨᠢᠨ ᠤ ᠨᠤᠤᠰᠤ ᠬᠠᠳᠠᠭᠠᠯᠠᠵᠤ ᠳᠡᠭᠡᠭᠡᠪᠤᠷᠢᠯᠡᠬᠦ ᠠᠷᠠᠯᠵᠢᠶᠠᠨ  ᠤ ᠲᠦᠪ︶      ᠲᠦᠷᠪᠡ᠂ ᠭᠤᠤᠯ ᠠᠭᠤᠯᠭ᠎ᠠ      ︵ᠨᠢᠭᠡ︶ ᠤᠷᠳᠤᠰ ᠨᠠᠷᠢᠨ ᠨᠤᠤᠰᠤᠲᠤ ᠬᠤᠨᠢᠨ ᠤ ᠨᠤᠤᠰᠤᠨ ᠰᠢᠭᠤᠳ ᠪᠤᠷᠤᠯᠠᠭᠤᠯᠭ᠎ᠠ ᠶᠢᠨ ᠠᠵᠢᠯᠯᠠᠭᠠᠨ  ᠤ ᠡᠬᠢᠯᠡᠯᠳᠡ ᠶᠢᠨ ᠶᠤᠰᠤᠯᠠᠯ ᠢ ᠶᠠᠪᠤᠭᠳᠠᠭᠤᠯᠤᠨ᠎ᠠ︔      ︵ᠬᠤᠶᠠᠷ︶ ᠬᠤᠨᠢᠨ ᠨᠤᠤᠰᠤᠨ ᠤ ᠵᠠᠬ᠎ᠠ ᠳᠡᠯᠭᠡᠭᠦᠷ ᠤᠨ ᠪᠠᠶᠢᠳᠠᠯ ᠢ ᠨᠡᠶᠢᠳᠡᠯᠡᠨ᠎ᠡ ︵ᠬᠠᠮᠢᠶ᠎ᠠ ᠪᠦᠬᠦᠢ ᠮᠡᠷᠭᠡᠵᠢᠯᠳᠡᠨ ᠢ ᠤᠷᠢᠨ᠎ᠠ︶︔      ︵ᠭᠤᠷᠪᠠ︶ ᠠᠵᠤ ᠠᠬᠤᠶᠢᠯᠠᠯ ᠪᠤᠯᠤᠨ ᠮᠠᠯᠴᠢᠳ ᠤᠨ ᠲᠦᠯᠦᠭᠡᠯᠡᠭᠴᠢ ᠶᠠᠷᠢᠶ᠎ᠠ ᠲᠠᠯᠪᠢᠨ᠎ᠠ︔      ︵ᠲᠦᠷᠪᠡ︶ 2018 ᠤᠨ ᠤ ᠤᠷᠳᠤᠰ ᠨᠠᠷᠢᠨ ᠨᠤᠤᠰᠤᠲᠤ ᠬᠤᠨᠢᠨ ᠤᠷᠤᠯᠳᠤᠭᠠᠨ ᠬᠢᠨ᠎ᠡ︔      ⒈ᠤᠷᠤᠯᠳᠤᠭᠠᠨ ᠤ ᠠᠭᠤᠯᠭ᠎ᠠ᠄ ᠪᠦᠬᠦ ᠬᠤᠰᠢᠭᠤᠨ ᠤ 27 ᠮᠠᠯᠵᠢᠯ ᠤᠨ ᠭᠠᠴᠠᠭ᠎ᠠ ᠶᠢ ᠵᠤᠬᠢᠶᠠᠨ ᠪᠠᠶᠢᠭᠤᠯᠤᠨ ᠤᠷᠤᠯᠳᠤᠭᠠᠨ ᠳᠤ ᠤᠷᠤᠯᠴᠠᠭᠤᠯᠵᠤ᠂ ᠮᠠᠯᠵᠢᠯ ᠤᠨ ᠭᠠᠴᠠᠭ᠎ᠠ ᠪᠤᠯᠭᠠᠨ ᠤᠷᠤᠯᠳᠤᠭᠠᠨ ᠳᠤ ᠤᠷᠤᠯᠴᠠᠬᠤ 1 ᠳᠤᠭᠤᠶᠢᠯᠠᠩ ᠰᠤᠩᠭᠤᠨ ᠲᠤᠮᠢᠯᠠᠵᠤ᠂ ᠤᠷᠤᠯᠳᠤᠭᠠᠨ ᠳᠤ ᠤᠷᠤᠯᠴᠠᠬᠤ ᠳᠤᠭᠤᠶᠢᠯᠠᠩ ᠪᠦᠷᠢ ᠨᠢᠭᠡ ᠨᠠᠰᠤ ᠬᠦᠢᠴᠡᠭᠰᠡᠨ ᠡᠮ᠎ᠡ ᠬᠤᠨᠢ᠂ ᠨᠢᠭᠡ ᠦᠬᠢᠨ ᠰᠢᠳᠤᠯᠠᠩ ᠪᠠᠷ ᠪᠦᠷᠢᠯᠳᠤᠵᠤ᠂ ᠨᠡᠶᠢᠳᠡ 54 ᠬᠤᠨᠢ ᠤᠷᠤᠯᠳᠤᠭᠠᠨ ᠳᠤ ᠤᠷᠤᠯᠴᠠᠨ᠎ᠠ᠃ ᠤᠷᠤᠯᠳᠤᠭᠠᠨ ᠳᠤ ᠬᠤᠨᠢᠨ ᠤ ᠭᠠᠳᠠᠷ ᠲᠦᠷᠬᠦ ᠪᠠᠶᠢᠳᠠᠯ᠂ ᠬᠠᠶᠢᠴᠢᠯᠠᠭᠰᠠᠨ ᠨᠤᠤᠰᠤᠨ ᠤ ᠬᠦᠨᠳᠤ  ᠶᠢᠨ ᠬᠡᠮᠵᠢᠶ᠎ᠡ᠂ ᠨᠤᠤᠰᠤᠨ ᠤ ᠨᠢᠭᠲᠠᠴᠠ᠂ ᠨᠤᠤᠰᠤ ᠶᠢ ᠨᠢ ᠬᠠᠶᠢᠴᠢᠯᠠᠭᠰᠠᠨ ᠤ ᠳᠠᠷᠠᠭᠠᠬᠢ ᠬᠤᠨᠢᠨ ᠤ ᠪᠡᠶ᠎ᠡ ᠶᠢᠨ ᠭᠦᠨᠳᠦ᠂ ᠨᠤᠤᠰᠤᠨ ᠤ ᠶᠡᠷᠤᠩᠬᠡᠢ ᠴᠢᠨᠡᠷ ᠵᠡᠷᠭᠡ ᠡᠯ᠎ᠡ ᠬᠦᠢᠴᠡᠳᠬᠡᠯ ᠲᠤᠭ᠎ᠠ ᠶᠢ ᠶᠡᠷᠤᠩᠬᠡᠶᠢᠯᠡᠨ ᠰᠢᠯᠭᠠᠷᠠᠭᠤᠯᠤᠨ᠎ᠠ᠃     ⒉ ᠤᠷᠤᠯᠳᠣᠭᠠᠨ ᠳᠤ ᠤᠷᠤᠯᠴᠠᠬᠤ ᠱᠠᠭᠠᠷᠳᠠᠯᠭ᠎ᠠ᠄ ᠤᠷᠳᠣᠰ ᠨᠠᠷᠢᠨ ᠨᠤᠤᠰᠤᠳᠣ ᠬᠤᠨᠢᠨ ᠤ ᠮᠠᠯᠵᠢᠯ ᠤᠨ ᠡᠷᠦᠬᠡ ᠶᠢᠨ ᠢᠳᠡᠪᠬᠢᠵᠢᠯ ᠢ ᠬᠦᠢᠴᠡᠳ ᠳᠠᠶᠢᠴᠢᠯᠠᠬᠤ ᠶᠢᠨ ᠲᠦᠯᠦᠬᠡ᠂ ᠡᠯ᠎ᠡ ᠰᠣᠮᠤ ᠪᠠᠯᠭᠠᠰᠣ ᠨᠢ ᠬᠠᠷᠢᠶᠠᠳᠣ ᠤᠷᠤᠨ ᠤ ᠮᠠᠯᠴᠢᠨ ᠲᠠᠷᠢᠶᠠᠴᠢᠳ ᠢ ᠳᠠᠶᠢᠴᠢᠯᠠᠨ ᠠᠵᠢᠯᠯᠠᠭᠠᠨ ᠳᠤ ᠢᠳᠡᠪᠬᠢᠳᠡᠢ ᠤᠷᠤᠯᠴᠠᠭᠤᠯᠵᠤ᠂ ᠤᠷᠳᠣᠰ ᠨᠠᠷᠢᠨ ᠨᠤᠤᠰᠤᠳᠣ ᠬᠤᠨᠢᠨ ᠤ ᠮᠠᠯᠵᠢᠯ ᠤᠨ ᠡᠷᠦᠬᠡ ᠶᠢ ᠬᠤᠶᠠᠷ ᠰᠣᠩᠭᠤᠨ ᠤᠷᠤᠯᠳᠣᠭᠠᠨ ᠳᠤ ᠤᠷᠤᠯᠴᠠᠭᠤᠯᠤᠨ᠎ᠠ᠃ ᠤᠷᠤᠯᠳᠣᠭᠠᠨ ᠳᠤ ᠤᠷᠤᠯᠴᠠᠬᠤ ᠨᠠᠰᠣ ᠬᠦᠢᠴᠡᠭᠰᠡᠨ ᠡᠮ᠎ᠡ ᠬᠤᠨᠢ ᠪᠠ ᠦᠬᠢᠨ ᠰᠢᠳᠦᠯᠡᠩ ᠨᠢ ᠡᠷᠬᠡᠪᠰᠢ ᠳᠣᠰ ᠳᠣᠰ ᠬᠤᠶᠠᠷ ᠮᠠᠯᠵᠢᠯ ᠤᠨ ᠡᠷᠦᠬᠡ ᠠᠴᠠ ᠢᠷᠡᠭᠰᠡᠨ ᠪᠠᠶᠢᠵᠤ᠂ ᠨᠢᠬᠡ ᠮᠠᠯᠵᠢᠯ ᠤᠨ ᠡᠷᠦᠬᠡ ᠶᠢᠨ ᠬᠢ ᠪᠠᠶᠢᠵᠤ ᠪᠤᠯᠬᠤ ᠦᠬᠡᠢ᠃      ︵ᠳᠠᠪᠤ︶ ᠤᠷᠳᠣᠰ ᠨᠠᠷᠢᠨ ᠨᠤᠤᠰᠤᠳᠣ ᠬᠤᠨᠢᠨ ᠤ ᠤᠯᠠᠮᠵᠢᠯᠠᠯᠳᠣ ᠠᠷᠭ᠎ᠠ ᠪᠠᠷ ᠨᠣᠣᠰᠣ ᠬᠠᠶᠢᠴᠢᠯᠠᠬᠤ ᠤᠷᠤᠯᠳᠣᠭᠠᠨ᠃ ᠪᠦᠬᠦ ᠬᠤᠰᠢᠭᠤᠨ ᠤ 27 ᠮᠠᠯᠵᠢᠯ ᠤᠨ ᠭᠠᠴᠠᠭ᠎ᠠ ᠶᠢ ᠵᠤᠬᠢᠶᠠᠨ ᠪᠠᠶᠢᠭᠤᠯᠤᠨ ᠤᠷᠤᠯᠳᠣᠭᠠᠨ ᠳᠤ ᠤᠷᠤᠯᠴᠠᠭᠤᠯᠵᠤ᠂ ᠮᠠᠯᠵᠢᠯ ᠤᠨ ᠭᠠᠴᠠᠭ᠎ᠠ ᠪᠦᠷᠢ ᠤᠷᠤᠯᠳᠣᠭᠠᠨ ᠳᠤ ᠤᠷᠤᠯᠴᠠᠭᠴᠢ ᠶᠢ 1 ᠨᠡᠷ᠎ᠡ ᠰᠣᠩᠭᠤᠨ ᠳᠣᠮᠢᠯᠠᠵᠤ᠂ ᠨᠡᠶᠢᠳᠡ 27 ᠨᠡᠷᠡᠰ ᠤᠷᠤᠯᠴᠠᠭᠴᠢ ᠤᠷᠤᠯᠳᠣᠭᠠᠨ ᠳᠤ ᠤᠷᠤᠯᠴᠠᠨ᠎ᠠ᠃ ︵ᠨᠤᠤᠰᠤ ᠬᠠᠶᠢᠴᠢᠯᠠᠬᠤ ᠬᠠᠶᠢᠴᠢ ᠶᠢ ᠤᠷᠤᠯᠳᠣᠭᠠᠨ ᠳᠤ ᠤᠷᠤᠯᠴᠠᠭᠴᠢ ᠥᠪᠡᠷᠳᠡᠭᠡᠨ ᠪᠡᠯᠡᠳᠬᠡᠵᠦ᠂ ᠨᠠᠷᠢᠨ ᠨᠤᠤᠰᠤᠳᠣ ᠬᠤᠨᠢ ᠶᠢ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠳᠣᠪᠴᠢᠶᠠᠨ ᠠᠴᠠ ᠨᠢᠬᠡᠳᠦᠯᠳᠡᠢ ᠬᠠᠩᠭᠠᠨ᠎ᠠ︶᠃       ︵ᠵᠢᠷᠭᠤᠭ᠎ᠠ︶ ᠬᠦᠬᠢᠬᠦᠯᠦᠨ ᠰᠠᠶᠢᠰᠢᠶᠠᠬᠤ      ⒈ᠤᠷᠳᠣᠰ ᠨᠠᠷᠢᠨ ᠨᠤᠤᠰᠤᠳᠣ ᠬᠤᠨᠢᠨ ᠤᠷᠤᠯᠳᠣᠭᠠᠨ᠃ ᠨᠠᠰᠣ ᠬᠦᠢᠴᠡᠭᠰᠡᠨ ᠡᠮ᠎ᠡ ᠬᠤᠨᠢ ᠪᠠ ᠦᠬᠢᠨ ᠰᠢᠳᠦᠯᠡᠩ ᠬᠡᠬᠦ ᠬᠤᠶᠠᠷ ᠳᠣᠭᠤᠶᠢᠯᠠᠩ ᠬᠤᠪᠢᠶᠠᠵᠤ᠂ ᠤᠨᠴᠠ ᠳᠡᠰ ᠤᠨ ᠱᠠᠩᠨᠠᠯ ᠢ ᠳᠣᠰᠪᠤᠷᠢ 1 ᠨᠡᠷ᠎ᠡ᠂ ᠨᠢᠬᠡᠳᠦᠭᠡᠷ ᠳᠡᠰ ᠤᠨ ᠱᠠᠩᠨᠠᠯ ᠢ ᠳᠣᠰᠪᠤᠷᠢ 1 ᠨᠡᠷ᠎ᠡ᠂ ᠬᠤᠶᠠᠳᠣᠭᠠᠷ ᠳᠡᠰ ᠤᠨ ᠱᠠᠩᠨᠠᠯ ᠢ ᠳᠣᠰᠪᠤᠷᠢ 2 ᠨᠡᠷ᠎ᠡ᠂ ᠭᠤᠷᠪᠠᠳᠣᠭᠠᠷ ᠳᠡᠰ ᠤᠨ ᠱᠠᠩᠨᠠᠯ ᠢ ᠳᠣᠰᠪᠤᠷᠢ 3 ᠨᠡᠷ᠎ᠡ᠂ ᠵᠤᠷᠢᠭᠵᠢᠭᠤᠯᠤᠯ ᠤᠨ ᠱᠠᠩᠨᠠᠯ ᠢ ᠭᠡᠳᠦᠨ ᠨᠡᠷ᠎ᠡ ᠳᠣᠬᠢᠷᠠᠭᠤᠯᠤᠨ᠎ᠠ᠃      ⒉ᠤᠷᠳᠣᠰ ᠨᠠᠷᠢᠨ ᠨᠤᠤᠰᠤᠳᠣ ᠬᠤᠨᠢᠨ ᠤ ᠨᠤᠤᠰᠤ ᠬᠠᠶᠢᠴᠢᠯᠠᠬᠤ ᠤᠷᠤᠯᠳᠣᠭᠠᠨ᠃ ᠨᠢᠬᠡᠳᠦᠭᠡᠷ ᠳᠡᠰ ᠤᠨ ᠱᠠᠩᠨᠠᠯ ᠢ 1 ᠨᠡᠷ᠎ᠡ᠂ ᠬᠤᠶᠠᠳᠣᠭᠠᠷ ᠳᠡᠰ ᠤᠨ ᠱᠠᠩᠨᠠᠯ ᠢ 2 ᠨᠡᠷ᠎ᠡ᠂ ᠭᠤᠷᠪᠠᠳᠣᠭᠠᠷ ᠳᠡᠰ ᠤᠨ ᠱᠠᠩᠨᠠᠯ ᠢ 3 ᠨᠡᠷ᠎ᠡ ᠳᠣᠬᠢᠷᠠᠭᠤᠯᠤᠨ᠎ᠠ᠃      ⒊ᠤᠷᠳᠣᠰ ᠨᠠᠷᠢᠨ ᠨᠤᠤᠰᠤᠳᠣ ᠬᠤᠨᠢᠨ ᠤ ᠮᠠᠯᠵᠢᠯ ᠤᠨ ᠡᠷᠦᠬᠡ ᠶᠢ ᠬᠦᠬᠢᠬᠦᠯᠦᠨ ᠰᠠᠶᠢᠰᠢᠶᠠᠬᠤ᠃ ᠪᠦᠬᠦ ᠬᠤᠰᠢᠭᠤᠨ ᠤ 27 ᠮᠠᠯᠵᠢᠯ ᠤᠨ ᠭᠠᠴᠠᠭᠠᠨ ᠠᠴᠠ ᠲᠤᠰᠪᠤᠷᠢ ᠨᠢᠬᠡ ᠡᠷᠦᠬᠡ ᠶᠢ ᠬᠦᠬᠢᠬᠦᠯᠦᠨ ᠰᠠᠶᠢᠰᠢᠶᠠᠨ᠎ᠠ᠃ ᠡᠷᠦᠬᠡ ᠰᠤᠩᠭᠤᠬᠤ ᠪᠤᠳᠠᠳᠠᠢ ᠱᠠᠭᠠᠷᠳᠠᠯᠭ᠎ᠠ ᠨᠢ᠄ ᠤᠷᠳᠣᠰ ᠨᠠᠷᠢᠨ ᠨᠤᠤᠰᠤᠳᠣ ᠬᠤᠨᠢ ᠶᠢ ᠰᠦᠷᠦᠭ ᠢᠶᠠᠷ ᠮᠠᠯᠵᠢᠵᠤ ᠪᠠᠶᠢᠬᠤ ᠶᠢᠨ ᠬᠠᠮᠳᠣ ᠵᠢᠯ ᠳᠤ 150 ᠳᠦᠯ ᠠᠴᠠ ᠳᠡᠭᠡᠭᠰᠢ ᠳᠣᠰᠣᠭᠰᠠᠨ ᠪᠠᠶᠢᠬᠤ ᠭᠡᠷᠡᠭᠳᠡᠢ᠃ ᠤᠶᠢᠷ᠎ᠠ ᠶᠢᠨ ᠭᠤᠷᠪᠠᠨ ᠵᠢᠯ ᠳᠤ ᠤᠷᠳᠣᠰ ᠨᠠᠷᠢᠨ ᠨᠤᠤᠰᠤᠳᠣ ᠬᠤᠨᠢᠨ ᠤ ᠮᠠᠯᠵᠢᠯ ᠤᠨ ᠶᠡᠭᠡ ᠡᠷᠦᠬᠡ ᠶᠢᠨ ᠱᠠᠩᠨᠠᠯ ᠬᠦᠷᠳᠡᠭᠰᠡᠨ ᠪᠠᠶᠢᠪᠠᠯ ᠮᠡᠳᠡᠬᠦᠯᠵᠦ ᠪᠤᠯᠬᠤ ᠦᠬᠡᠢ᠃     ⒋ᠤᠷᠳᠣᠰ ᠨᠠᠷᠢᠨ ᠨᠤᠤᠰᠤᠳᠣ ᠬᠤᠨᠢᠨ ᠤ ᠠᠵᠤ ᠦᠢᠯᠡᠰ ᠤᠨ ᠰᠣᠶᠣᠯ ᠤᠨ ᠲᠠᠯ᠎ᠠ ᠪᠠᠷ ᠰᠢᠨ᠎ᠡ ᠶᠢ ᠡᠬᠦᠳᠦᠭᠰᠡᠨ ᠡᠷᠦᠬᠡ ᠶᠢ ᠬᠦᠬᠢᠬᠦᠯᠦᠨ ᠰᠠᠶᠢᠰᠢᠶᠠᠬᠤ᠃ ᠤᠷᠳᠣᠰ ᠨᠠᠷᠢᠨ ᠨᠤᠤᠰᠤᠳᠣ ᠬᠤᠨᠢᠨ ᠤ ᠨᠡᠷᠡᠳᠦ ᠳᠡᠮᠳᠡᠭ  ᠤᠨ ᠪᠦᠳᠦᠬᠡᠨ ᠪᠠᠶᠢᠭᠤᠯᠤᠯᠳᠠ ᠶᠢ ᠢᠳᠡᠪᠬᠢᠳᠡᠢ ᠠᠬᠢᠭᠤᠯᠤᠭᠰᠠᠨ ᠮᠠᠯᠴᠢᠨ ᠲᠠᠷᠢᠶᠠᠴᠢᠳ ᠲᠤ ᠠᠵᠤ ᠦᠢᠯᠡᠰ ᠤᠨ ᠰᠣᠶᠣᠯ ᠤᠨ ᠲᠠᠯ᠎ᠠ ᠪᠠᠷ ᠰᠢᠨ᠎ᠡ ᠶᠢ ᠡᠬᠦᠳᠦᠭᠰᠡᠨ ᠡᠷᠦᠬᠡ ᠶᠢᠨ ᠢᠷᠠᠭᠤ ᠠᠯᠳᠠᠷ ᠤᠯᠭᠤᠵᠤ᠂ ᠪᠦᠬᠦ ᠬᠤᠰᠢᠭᠤᠨ ᠳᠤ ᠨᠡᠶᠢᠳᠡ 14 ᠡᠷᠦᠬᠡ ᠰᠢᠯᠭᠠᠷᠠᠭᠤᠯᠤᠨ ᠰᠣᠩᠭᠤᠨ᠎ᠠ᠃     ⒌ᠤᠷᠳᠣᠰ ᠨᠠᠷᠢᠨ ᠨᠤᠤᠰᠤᠳᠣ ᠬᠤᠨᠢᠨ ᠤ ᠥᠨᠢᠷ ᠦᠷᠡᠵᠢᠯᠳᠦ ᠡᠷᠦᠬᠡ ᠶᠢ ᠬᠦᠬᠢᠬᠦᠯᠦᠨ ᠰᠠᠶᠢᠰᠢᠶᠠᠬᠤ᠃ ᠤᠷᠳᠣᠰ ᠨᠠᠷᠢᠨ ᠨᠤᠤᠰᠤᠳᠣ ᠬᠤᠨᠢᠨ ᠤ ᠢᠬᠢᠷ᠎ᠡ ᠲᠥᠯ ᠳᠣᠰᠣᠭᠰᠠᠨ ᠡᠮ᠎ᠡ ᠬᠤᠨᠢ ᠨᠢ 100 ᠠᠴᠠ ᠳᠠᠪᠠᠭᠰᠠᠨ ᠮᠠᠯᠵᠢᠯ ᠤᠨ ᠡᠷᠦᠬᠡ ᠶᠢ ᠬᠦᠬᠢᠬᠦᠯᠦᠨ ᠰᠠᠶᠢᠰᠢᠶᠠᠵᠤ᠂ 1 ᠡᠷᠦᠬᠡ ᠰᠢᠯᠭᠠᠷᠠᠭᠤᠯᠤᠨ ᠰᠣᠩᠭᠤᠨ᠎ᠠ᠃     ⒍ᠲᠡᠷᠢᠬᠦᠨ ᠤ ᠨᠢᠬᠡᠴᠡ ᠶᠢ ᠬᠦᠬᠢᠬᠦᠯᠦᠨ ᠰᠠᠶᠢᠰᠢᠶᠠᠬᠤ᠃ ᠤᠷᠳᠣᠰ ᠨᠠᠷᠢᠨ ᠨᠤᠤᠰᠤᠳᠣ ᠬᠤᠨᠢᠨ ᠤ ᠦᠢᠯᠡᠰ  ᠤᠨ ᠬᠦᠭᠵᠢᠯᠳᠡ ᠶᠢᠨ ᠲᠦᠯᠦᠭᠡ ᠴᠢᠷᠮᠠᠶᠢᠵᠤ᠂ ᠤᠷᠳᠣᠰ ᠨᠠᠷᠢᠨ ᠨᠤᠤᠰᠤᠳᠣ ᠬᠤᠨᠢᠨ ᠤ ᠦᠢᠯᠡᠰ ᠲᠤ ᠬᠤᠪᠢ ᠨᠡᠮᠡᠷᠢ ᠦᠵᠡᠬᠦᠯᠦᠭᠰᠡᠨ ᠭᠠᠴᠠᠭ᠎ᠠ ᠪᠠ ᠬᠤᠷᠰᠢᠶᠠᠵᠢᠯ ᠢ ᠬᠦᠬᠢᠬᠦᠯᠦᠨ ᠰᠠᠶᠢᠰᠢᠶᠠᠵᠤ᠂ ᠨᠡᠶᠢᠳᠡ 4 ᠨᠢᠬᠡᠴᠡ ᠰᠢᠯᠭᠠᠷᠠᠭᠤᠯᠤᠨ ᠰᠣᠩᠭᠤᠨ᠎ᠠ᠃     ⒎ᠤᠷᠳᠣᠰ ᠨᠠᠷᠢᠨ ᠨᠤᠤᠰᠤᠳᠣ ᠬᠤᠨᠢ ᠮᠠᠯᠵᠢᠬᠤ ᠳᠣᠰᠬᠠᠢ ᠮᠡᠷᠭᠡᠵᠢᠯ ᠤᠨ ᠪᠤᠯᠪᠠᠰᠣᠷᠠᠯ     ⑴ᠤᠷᠳᠣᠰ ᠨᠠᠷᠢᠨ ᠨᠤᠤᠰᠤᠳᠣ ᠬᠤᠨᠢᠨ ᠤ ᠨᠤᠤᠰᠤ ᠶᠢ ᠳᠡᠰ ᠬᠤᠪᠢᠶᠠᠨ ᠡᠮᠬᠢᠯᠡᠬᠦ ᠵᠢᠴᠢ ᠨᠤᠤᠰᠤᠨ ᠤ ᠵᠠᠭᠤᠴᠢᠯᠠᠭᠴᠢ ᠶᠢᠨ ᠪᠤᠯᠪᠠᠰᠣᠷᠠᠯ᠃ ᠥᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠰᠢᠷᠬᠢᠭᠯᠢᠭ ᠵᠦᠢᠯᠡᠰ  ᠢ ᠰᠢᠯᠭᠠᠨ ᠪᠠᠶᠢᠴᠠᠭᠠᠬᠤ ᠳᠣᠪᠴᠢᠶᠠᠨ ᠤ ᠮᠡᠷᠭᠡᠵᠢᠯᠳᠡᠨ ᠢ ᠤᠷᠢᠵᠤ᠂ ᠤᠷᠳᠣᠰ ᠨᠠᠷᠢᠨ ᠨᠤᠤᠰᠤᠳᠣ ᠬᠤᠨᠢᠨ ᠤ ᠨᠤᠤᠰᠤ ᠶᠢ ᠳᠡᠰ ᠬᠤᠪᠢᠶᠠᠨ ᠡᠮᠬᠢᠯᠡᠬᠦ ᠠᠷᠭ᠎ᠠ ᠶᠢ ᠳᠣᠬᠠᠢ ᠶᠢᠨ ᠳᠠᠯᠠᠪᠤᠷ ᠲᠤ ᠳᠠᠶᠢᠯᠪᠤᠷᠢᠯᠠᠯᠳᠠ᠂ ᠵᠢᠯᠤᠭᠤᠳᠣᠮᠵᠢ ᠬᠢᠬᠦ ᠪᠠ ᠵᠢᠱᠢᠶ᠎ᠡ ᠦᠵᠡᠬᠦᠯᠵᠦ᠂ ᠪᠤᠯᠪᠠᠰᠣᠷᠠᠯ ᠳᠤ ᠤᠷᠤᠯᠴᠠᠭᠰᠠᠳ ᠰᠢᠯᠭᠠᠯᠳᠠ ᠳᠤ ᠬᠢᠷᠢ ᠳᠡᠩᠴᠡᠭᠰᠡᠨ ᠤ ᠳᠠᠷᠠᠭ᠎ᠠ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠵᠢᠯ ᠮᠡᠷᠭᠡᠵᠢᠯ ᠤᠨ ᠤᠷ᠎ᠠ ᠳᠡᠮ ᠤᠨ ᠰᠢᠯᠭᠠᠨ ᠳᠤᠭᠳᠠᠭᠠᠯᠳᠠ ᠶᠢ ᠵᠢᠯᠤᠭᠤᠳᠬᠤ ᠲᠥᠪ ᠠᠴᠠ ᠳᠣᠰᠬᠠᠢ ᠲᠥᠷᠥᠯ ᠤᠨ ᠠᠵᠢᠯ ᠮᠡᠷᠭᠡᠵᠢᠯ ᠤᠨ ᠴᠢᠳᠠᠪᠤᠷᠢ ᠶᠢᠨ ᠦᠨᠡᠮᠯᠡᠯ ᠤᠯᠭᠤᠨ᠎ᠠ᠃    ⑵ ᠮᠠᠰᠢᠨ ᠢᠶᠠᠷ ᠨᠤᠤᠰᠤ ᠬᠠᠶᠢᠴᠢᠯᠠᠬᠤ ᠮᠡᠷᠭᠡᠵᠢᠯ ᠢ ᠳᠣᠬᠠᠢ ᠶᠢᠨ ᠳᠠᠯᠠᠪᠤᠷ ᠲᠤ ᠳᠡᠯᠬᠡᠷᠡᠬᠦᠯᠬᠦ ᠪᠤᠯᠪᠠᠰᠣᠷᠠᠯ᠃ ᠰᠢᠨᠵᠢᠶᠠᠩ ᠤᠨ ᠪᠧᠢ ᠶᠤᠸᠠᠨ — ᠲᠠᠢ ᠷᠦᠢ ᠮᠧᠬᠠᠨᠢᠭ ᠢᠨᠵᠧᠨᠧᠷᠢᠩ ᠤᠨ ᠬᠢᠵᠠᠭᠠᠷᠳᠣ ᠺᠤᠮᠫᠠᠨᠢ ᠶᠢᠨ ᠮᠡᠷᠭᠡᠵᠢᠯᠳᠡᠨ  ᠢ ᠤᠷᠢᠵᠤ᠂ ᠮᠠᠰᠢᠨ ᠢᠶᠠᠷ ᠨᠤᠤᠰᠤ ᠬᠠᠶᠢᠴᠢᠯᠠᠬᠤ ᠮᠡᠷᠭᠡᠵᠢᠯ ᠤᠨ ᠠᠵᠢᠯᠯᠠᠬᠤ ᠲᠦᠷᠢᠮ ᠵᠢᠴᠢ ᠬᠠᠮᠢᠶ᠎ᠠ ᠪᠦᠬᠦᠢ ᠵᠦᠢᠯᠡᠰ ᠢ ᠳᠣᠬᠠᠢ ᠶᠢᠨ ᠳᠠᠯᠠᠪᠤᠷ ᠲᠤ ᠪᠤᠯᠪᠠᠰᠣᠷᠠᠭᠤᠯᠵᠤ ᠵᠢᠯᠤᠭᠤᠳᠣᠯᠭ᠎ᠠ ᠬᠢᠨ᠎ᠡ᠃    ⑶ᠤᠷᠳᠣᠰ ᠨᠠᠷᠢᠨ ᠨᠤᠤᠰᠤᠳᠣ ᠬᠤᠨᠢᠨ ᠤ ᠠᠵᠤ ᠦᠢᠯᠡᠰ ᠤᠨ ᠳᠣᠬᠠᠢ ᠶᠢᠨ ᠳᠠᠯᠠᠪᠤᠷ ᠤᠨ ᠪᠤᠯᠪᠠᠰᠣᠷᠠᠯ ᠤᠨ ᠬᠤᠷᠠᠯ᠃ ᠤᠷᠳᠣᠰ ᠨᠠᠷᠢᠨ ᠨᠤᠤᠰᠤᠳᠣ ᠬᠤᠨᠢᠨ ᠤ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠬᠦᠳᠦᠭᠰᠡᠨ ᠵᠢᠱᠢᠶᠡᠴᠢ ᠡᠷᠦᠬᠡ᠂ ᠢᠬᠢᠷᠯᠡᠬᠦᠯᠬᠦ ᠮᠡᠷᠭᠡᠵᠢᠯ ᠢ ᠰᠣᠳᠣᠯᠣᠨ ᠦᠷᠡᠵᠢᠬᠦᠯᠬᠦ ᠡᠷᠦᠬᠡ ᠵᠢᠴᠢ ᠭᠡᠷ ᠪᠦᠯᠢ ᠶᠢᠨ ᠮᠠᠯᠵᠢᠯ ᠤᠨ ᠳᠠᠯᠠᠪᠤᠷ  ᠤᠨ ᠡᠷᠦᠬᠡ ᠳᠤ ᠤᠴᠢᠵᠤ᠂ ᠳᠣᠬᠠᠢ ᠶᠢᠨ ᠳᠠᠯᠠᠪᠤᠷ ᠢ ᠳᠣᠭᠤᠷᠢᠨ ᠦᠵᠡᠬᠦ᠂ ᠮᠡᠳᠡᠯᠭᠡ ᠳᠣᠷᠰᠢᠯᠭ᠎ᠠ ᠪᠠᠨ ᠰᠣᠯᠢᠯᠴᠠᠨ ᠶᠠᠷᠢᠯᠴᠠᠬᠤ ᠵᠡᠷᠭᠡ ᠬᠡᠯᠪᠡᠷᠢ ᠪᠠᠷ ᠳᠣᠬᠠᠢ ᠶᠢᠨ ᠳᠠᠯᠠᠪᠤᠷ ᠤᠨ ᠪᠤᠯᠪᠠᠰᠣᠷᠠᠯ ᠬᠢᠨ᠎ᠡ᠃ ᠤᠷᠳᠣᠰ ᠨᠠᠷᠢᠨ ᠨᠤᠤᠰᠤᠳᠣ ᠬᠤᠨᠢᠨ ᠤ ᠦᠢᠯᠡᠰ ᠤᠨ ᠬᠦᠭᠵᠢᠯᠳᠡ ᠶᠢᠨ ᠤᠯᠤᠭᠰᠠᠨ ᠰᠣᠳᠣᠯᠤᠯᠳᠠ ᠶᠢᠨ ᠦᠷ᠎ᠡ ᠪᠦᠳᠦᠮᠵᠢ ᠶᠢ ᠥᠷᠭᠡᠨ ᠢᠶᠠᠷ ᠤᠬᠠᠭᠤᠯᠤᠨ᠎ᠠ᠃        ᠳᠠᠪᠤ᠂ ᠵᠤᠬᠢᠶᠠᠨ ᠪᠠᠶᠢᠭᠤᠯᠤᠯᠳᠠ ᠶᠢᠨ ᠪᠠᠶᠢᠭᠤᠯᠤᠮᠵᠢ︵ᠨᠢᠬᠡ︶ ᠵᠤᠬᠢᠶᠠᠨ ᠪᠠᠶᠢᠭᠤᠯᠬᠤ ᠺᠤᠮᠢᠰ᠃      ᠳᠣᠰ ᠤᠳᠠᠭᠠᠨ ᠤ ᠠᠵᠢᠯᠯᠠᠭᠠᠨ ᠢ ᠵᠤᠬᠢᠶᠠᠨ ᠪᠠᠶᠢᠭᠤᠯᠬᠤ᠂ ᠵᠤᠬᠢᠴᠠᠭᠤᠯᠬᠤ᠂ ᠭᠡᠷᠡᠭᠵᠢᠬᠦᠯᠬᠦ ᠠᠵᠢᠯ ᠢ ᠦᠨᠡᠨᠬᠦ ᠰᠠᠶᠢᠳᠣᠷ ᠬᠢᠵᠦ᠂ ᠡᠯ᠎ᠡ ᠲᠥᠷᠥᠯ ᠤᠨ ᠠᠵᠢᠯᠯᠠᠭᠠᠨ ᠤ ᠡᠮᠬᠢ ᠲᠢᠭᠯᠢᠮ ᠲᠠᠢ ᠶᠠᠪᠤᠭᠳᠠᠬᠤ ᠶᠢ ᠪᠠᠳᠣᠯᠠᠬᠤ  ᠶᠢᠨ ᠲᠦᠯᠦᠬᠡ 2018 ᠤᠨ ᠤ ᠤᠷᠳᠣᠰ ᠨᠠᠷᠢᠨ ᠨᠤᠤᠰᠤᠳᠣ ᠬᠤᠨᠢᠨ ᠴᠣᠭᠯᠠᠭᠠᠨ ᠢ ᠵᠤᠬᠢᠶᠠᠨ ᠪᠠᠶᠢᠭᠤᠯᠬᠤ ᠺᠤᠮᠢᠰ ᠢ ᠪᠠᠶᠢᠭᠤᠯᠬᠤ ᠪᠠᠷ ᠳᠣᠭᠳᠠᠪᠠ᠂ ᠪᠦᠷᠢᠯᠳᠦᠭᠦᠨ ᠨᠢ ᠳᠣᠣᠷᠠᠬᠢ ᠮᠡᠳᠦ᠄       ᠡᠷᠬᠢᠯᠡᠭᠴᠢ᠄ ᠪᠠᠶᠠᠨᠴᠡᠩᠬᠡᠯ            ᠬᠤᠰᠢᠭᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ᠂ ᠡᠳ᠋ ᠤᠨ ᠵᠠᠰᠠᠭ ᠤᠨ ᠲᠣᠪᠴᠢᠶᠠᠨ ᠤ ᠲᠣᠪᠴᠢᠶᠠᠨ ᠳᠠᠷᠤᠭ᠎ᠠ       ᠳᠡᠳ᠋ ᠡᠷᠬᠢᠯᠡᠭᠴᠢ᠄ ᠨᠠᠰᠤᠨᠵᠠᠶᠠᠭ᠎ᠠ     ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ                      ᠰᠠᠶᠢᠨᠴᠣᠭᠳᠤ       ᠬᠤᠰᠢᠭᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶᠠᠨ ᠤ ᠲᠣᠪᠴᠢᠶᠠᠨ ᠳᠠᠷᠤᠭ᠎ᠠ       ᠭᠡᠰᠢᠭᠦᠨ᠄ ᠤᠯᠠᠭᠠᠨ                ᠬᠤᠰᠢᠭᠤ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯ  ᠤᠨ ᠠᠯᠪᠠᠨ ᠭᠡᠷ ᠤᠨ ᠡᠷᠬᠢᠯᠡᠭᠴᠢ               ᠸᠠᠩ ᠵᠢᠶᠥ᠋ᠨ             ᠬᠤᠰᠢᠭᠤ ᠲᠣᠳᠣᠭᠠᠳᠣ ᠶᠢ ᠬᠠᠮᠠᠭᠠᠯᠠᠬᠤ ᠲᠣᠪᠴᠢᠶᠠᠨ ᠤ ᠳᠣᠪᠴᠢᠶᠠᠨ ᠳᠡᠳ᠋ ᠳᠠᠷᠤᠭ᠎ᠠ               ᠣᠳᠬᠠᠨᠴᠡᠴᠡᠭ            ᠬᠤᠰᠢᠭᠤ ᠨᠡᠶᠢᠳᠡ ᠶᠢᠨ ᠠᠵᠢᠯ ᠦᠢᠯᠡᠰ ᠤᠨ ᠬᠠᠮᠢᠶᠠᠷᠤᠯᠳᠠ ᠶᠢᠨ ᠲᠣᠪᠴᠢᠶᠠᠨ ᠤ ᠲᠣᠪᠴᠢᠶᠠᠨ ᠳᠡᠳ᠋ ᠳᠠᠷᠤᠭ᠎ᠠ               ᠲᠢᠶᠠᠨ ᠭᠤᠸᠠᠩ ᠷᠥᠩ     ᠬᠤᠰᠢᠭᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠳᠠ ᠶᠢᠨ ᠲᠣᠪᠴᠢᠶᠠᠨ ᠤ ᠳᠣᠪᠴᠢᠶᠠᠨ ᠳᠡᠳ᠋ ᠳᠠᠷᠤᠭ᠎ᠠ               ᠯᠢ ᠵᠢᠶᠠᠨ                ᠬᠤᠰᠢᠭᠤ ᠡᠷᠡᠭᠦᠯ ᠬᠠᠮᠠᠭᠠᠯᠠᠯ ᠪᠠ ᠲᠥᠯᠥᠪᠯᠡᠭᠡᠳᠤ ᠬᠦᠩᠭᠡᠵᠢᠯ  ᠤᠨ ᠲᠣᠪᠴᠢᠶᠠᠨ ᠤ ᠳᠣᠪᠴᠢᠶᠠᠨ ᠳᠡᠳ᠋ ᠳᠠᠷᠤᠭ᠎ᠠ               ᠳ᠋ᠸᠤ ᡁᠢ ᠰᠢᠶᠠᠩ          ᠥᠥᠰᠢᠨ ᠬᠤᠰᠢᠭᠤᠨ ᠤ ᠴᠠᠬᠢᠯᠭᠠᠨ ᠬᠠᠩᠭᠠᠬᠤ ᠬᠤᠪᠢᠶᠠᠷᠢ ᠲᠣᠪᠴᠢᠶᠠᠨ ᠤ ᠲᠣᠪᠴᠢᠶᠠᠨ ᠳᠡᠳ᠋ ᠳᠠᠷᠤᠭ᠎ᠠ               ᠹᠠᠨ ᠱᠢ ᠴᠥᠨ           ᠬᠤᠰᠢᠭᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ               ᠯᠢᠦ ᠱᠧᠩ ᠮᠸᠢ           ᠥᠥᠰᠢᠨ ᠬᠤᠰᠢᠭᠤᠨ ᠤ ᠰᠣᠨᠢᠨ ᠬᠤᠷᠢᠶᠠᠨ ᠤ ᠬᠤᠷᠢᠶᠠᠨ ᠳᠠᠷᠤᠭ᠎ᠠ               ᠰᠤ᠋ ᠭᠦᠢ ᠳ᠋ᠥᠩ           ᠬᠤᠰᠢᠭᠤ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠶᠡᠭᠡ ᠠᠩᠬᠢ ᠶᠢᠨ ᠳᠡᠳ᠋ ᠳᠠᠷᠤᠭ᠎ᠠ               ᠯᠢ ᠶᠠᠨ                 ᠬᠤᠰᠢᠭᠤ ᠲᠠᠷᠢᠶᠠᠯᠠᠩ ᠮᠠᠯ ᠠᠵᠤ ᠠᠬᠤᠢ ᠤᠨ ᠲᠣᠪᠴᠢᠶᠠᠨ ᠤ ᠳᠣᠪᠴᠢᠶᠠᠨ ᠳᠡᠳ᠋ ᠳᠠᠷᠤᠭ᠎ᠠ               ᠴᠠᠭᠠᠨᠴᠢᠯᠠᠭᠤ             ᠬᠤᠰᠢᠭᠤ ᠲᠠᠷᠢᠶᠠᠯᠠᠩ ᠮᠠᠯ ᠠᠵᠤ ᠠᠬᠤᠢ ᠤᠨ ᠲᠣᠪᠴᠢᠶᠠᠨ ᠤ ᠳᠣᠪᠴᠢᠶᠠᠨ ᠳᠡᠳ᠋ ᠳᠠᠷᠤᠭ᠎ᠠ               ᠡᠤ ᠵᠢᠶᠠᠨ ᠭᠦᠸᠧ         ᠬᠤᠰᠢᠭᠤ ᠲᠠᠷᠢᠶᠠᠯᠠᠩ ᠮᠠᠯ ᠠᠵᠤ ᠠᠬᠤᠢ ᠤᠨ ᠲᠣᠪᠴᠢᠶᠠᠨ ᠤ ᠳᠣᠪᠴᠢᠶᠠᠨ ᠳᠡᠳ᠋ ᠳᠠᠷᠤᠭ᠎ᠠ               ᠬᠠᠷᠴᠠᠭᠠᠢ               ᠬᠤᠰᠢᠭᠤ ᠲᠠᠷᠢᠶᠠᠯᠠᠩ ᠮᠠᠯ ᠠᠵᠤ ᠠᠬᠤᠢ ᠤᠨ ᠲᠣᠪᠴᠢᠶᠠᠨ ᠤ ᠰᠠᠬᠢᠯᠭ᠎ᠠ ᠪᠠᠳᠤ ᠪᠠᠶᠢᠴᠠᠭᠠᠬᠤ ᠳᠤᠭᠤᠶᠢᠯᠠᠩ ᠤᠨ ᠳᠠᠷᠤᠭ᠎ᠠ               ᠣᠳᠬᠠᠨᠪᠠᠶᠠᠷ            ᠬᠤᠰᠢᠭᠤ ᠲᠠᠷᠢᠶᠠᠯᠠᠩ ᠮᠠᠯ ᠠᠵᠤ ᠠᠬᠤᠢ ᠤᠨ ᠲᠣᠪᠴᠢᠶᠠᠨ ᠤ ᠳᠣᠪᠴᠢᠶᠠᠨ ᠳᠡᠳ᠋ ᠳᠠᠷᠤᠭ᠎ᠠ               ᠣᠳᠣᠨ                 ᠬᠤᠰᠢᠭᠤ ᠲᠠᠷᠢᠶᠠᠯᠠᠩ ᠮᠠᠯ ᠠᠵᠤ ᠠᠬᠤᠢ ᠤᠨ ᠲᠣᠪᠴᠢᠶᠠᠨ ᠤ ᠶᠡᠷᠦᠩᠬᠡᠢ ᠢᠨᠵᠧᠨᠧᠷ               ᠸᠠᠩ ᠱᠢ ᠺᠣᠸᠠᠨ          ᠭᠠᠯᠠᠭᠤᠳᠤ ᠪᠠᠯᠭᠠᠰᠤᠨ ᠤ ᠪᠠᠯᠭᠠᠰᠤᠨ ᠳᠡᠳ᠋ ᠳᠠᠷᠤᠭ᠎ᠠ               ᠵᠠᠩ ᠴᠥᠨ ᠴᠢᠶᠠᠩ       ᠰᠢᠷᠬᠤᠰᠤᠨ ᠪᠠᠯᠭᠠᠰᠤᠨ ᠤ ᠪᠠᠯᠭᠠᠰᠤᠨ ᠳᠡᠳ᠋ ᠳᠠᠷᠤᠭ᠎ᠠ               ᠸᠠᠩ ᠽᠥᠩ ᠮᠢᠩ       ᠰᠥᠯᠳᠡ ᠰᠤᠮᠤᠨ ᠤ ᠰᠤᠮᠤᠨ ᠳᠡᠳ᠋ ᠳᠠᠷᠤᠭ᠎ᠠ               ᠰᠢᠶᠧ ᠸᠧᠨ ᠴᠧᠩ       ᠤᠯᠠᠭᠠᠨᠳᠣᠯᠤᠭᠠᠢ ᠪᠠᠯᠭᠠᠰᠤᠨ ᠤ ᠪᠠᠯᠭᠠᠰᠤᠨ ᠳᠡᠳ᠋ ᠳᠠᠷᠤᠭ᠎ᠠ               ᠪᠤᠶᠠᠨᠳᠤ                ᠲᠤᠭ ᠪᠠᠯᠭᠠᠰᠤᠨ ᠤ ᠲᠠᠷᠢᠶᠠᠯᠠᠩ ᠮᠠᠯ ᠠᠵᠤ ᠠᠬᠤᠢ ᠤᠨ ᠦᠢᠯᠡᠴᠢᠯᠡᠭᠡᠨ ᠤ ᠲᠥᠪ ᠤᠨ ᠡᠷᠬᠢᠯᠡᠭᠴᠢ               ᠪᠠᠳᠤᠳᠠᠯᠠᠢ              ᠥᠥᠰᠢᠨᠵᠤᠤ ᠪᠠᠯᠭᠠᠰᠤᠨ ᠤ ᠪᠠᠯᠭᠠᠰᠤᠨ ᠳᠡᠳ᠋ ᠳᠠᠷᠤᠭ᠎ᠠ      ᠵᠣᠬᠢᠶᠠᠨ ᠪᠠᠶᠢᠭᠤᠯᠬᠤ ᠺᠣᠮᠢᠰ ᠤᠨ ᠳᠤᠤᠷ᠎ᠠ ᠠᠯᠪᠠᠨ ᠭᠡᠷ ᠭᠠᠷᠭᠠᠵᠤ᠂ ᠠᠯᠪᠠᠨ ᠭᠡᠷ ᠢ ᠬᠤᠰᠢᠭᠤ ᠲᠠᠷᠢᠶᠠᠯᠠᠩ ᠮᠠᠯ ᠠᠵᠤ ᠠᠬᠤᠢ ᠤᠨ ᠲᠣᠪᠴᠢᠶᠠᠨ ᠳᠤ ᠳᠣᠬᠢᠷᠠᠭᠤᠯᠵᠤ᠂ ᠰᠠᠶᠢᠨᠴᠤᠭᠳᠤ ᠠᠯᠪᠠᠨ ᠭᠡᠷ ᠤᠨ ᠡᠷᠬᠢᠯᠡᠭᠴᠢ ᠤᠨ ᠲᠤᠰᠢᠶᠠᠯ ᠢ ᠬᠠᠪᠰᠤᠷᠭᠠᠨ ᠬᠠᠷᠢᠭᠤᠴᠠᠵᠤ᠂ ᠣᠷᠳᠣᠰ ᠨᠠᠷᠢᠨ ᠨᠣᠣᠰᠣᠳᠣ ᠬᠤᠨᠢᠨ ᠴᠤᠭᠯᠠᠭᠠᠨ ᠤ ᠡᠯ᠎ᠡ ᠲᠥᠷᠥᠯ  ᠤᠨ ᠠᠵᠢᠯ ᠢ ᠨᠢᠭᠡᠳᠦᠯᠳᠡᠢ ᠬᠠᠷᠢᠭᠤᠴᠠᠨ᠎ᠠ᠃      ︵ᠬᠤᠶᠠᠷ︶ ᠵᠣᠬᠢᠶᠠᠨ ᠪᠠᠶᠢᠭᠤᠯᠬᠤ ᠺᠣᠮᠢᠰ ᠤᠨ ᠳᠣᠣᠷᠠᠬᠢ ᠪᠠᠶᠢᠭᠤᠯᠤᠮᠵᠢ ᠪᠠ ᠪᠦᠷᠢᠯᠳᠦᠭᠦᠨ ᠬᠡᠰᠢᠭᠦᠨ      ᠵᠣᠬᠢᠶᠠᠨ ᠪᠠᠶᠢᠭᠤᠯᠬᠤ ᠺᠣᠮᠢᠰ ᠤᠨ ᠳᠣᠣᠷ᠎ᠠ ᠬᠤᠷᠠᠯ ᠤᠨ ᠠᠵᠢᠯ ᠤᠨ ᠳᠤᠭᠤᠶᠢᠯᠠᠩ᠂ ᠮᠡᠷᠭᠡᠵᠢᠯ ᠢ ᠰᠢᠯᠭᠠᠨ ᠥᠨᠡᠯᠡᠬᠦ ᠠᠵᠢᠯ ᠤᠨ ᠳᠣᠭᠤᠶᠢᠯᠠᠩ᠂ ᠰᠣᠨᠢᠨ ᠮᠡᠳᠡᠭᠡᠨ ᠤ ᠮᠡᠳᠡᠭᠡᠯᠡᠯ ᠤᠨ ᠠᠵᠢᠯ ᠤᠨ ᠳᠤᠭᠤᠶᠢᠯᠠᠩ᠂ ᠬᠤᠷᠠᠯ ᠤᠨ ᠲᠠᠯᠠᠪᠤᠷ ᠤᠨ ᠠᠶᠤᠯᠭᠦᠢ ᠶᠢᠨ ᠠᠵᠢᠯ ᠤᠨ ᠳᠤᠭᠤᠶᠢᠯᠠᠩ ᠵᠢᠴᠢ ᠰᠠᠬᠢᠯᠭ᠎ᠠ ᠪᠠᠳᠤ ᠬᠢᠨᠠᠯᠳᠠ ᠶᠢᠨ ᠠᠵᠢᠯ ᠤᠨ ᠳᠤᠭᠤᠶᠢᠯᠠᠩ ᠢ ᠳᠣᠬᠢᠷᠠᠭᠤᠯᠪᠠ᠃      ⒈ ᠬᠤᠷᠠᠯ ᠤᠨ ᠠᠵᠢᠯ ᠤᠨ ᠳᠤᠭᠤᠶᠢᠯᠠᠩ       ᠳᠤᠭᠤᠶᠢᠯᠠᠩ ᠤᠨ ᠳᠠᠷᠤᠭ᠎ᠠ᠄ ᠴᠠᠭᠠᠨᠴᠢᠯᠠᠭᠤ᠂ ᠬᠠᠮᠢᠶ᠎ᠠ ᠪᠦᠬᠦᠢ ᠠᠵᠢᠯᠯᠠᠬᠤ ᠬᠦᠮᠥᠰ ᠢ ᠬᠤᠰᠢᠭᠤ ᠲᠠᠷᠢᠶᠠᠯᠠᠩ ᠮᠠᠯ ᠠᠵᠤ ᠠᠬᠤᠢ ᠤᠨ ᠲᠣᠪᠴᠢᠶ᠎ᠠ ᠠᠴᠠ ᠲᠥᠷ ᠰᠢᠯᠵᠢᠭᠦᠯᠥᠨ ᠬᠡᠷᠡᠭᠯᠡᠨ᠎ᠡ᠃      ᠠᠵᠢᠯ ᠤᠨ ᠭᠤᠤᠯ ᠡᠭᠦᠷᠭᠡ ᠬᠠᠷᠢᠭᠤᠴᠠᠯᠭ᠎ᠠ᠄ ᠭᠠᠳᠠᠨᠠᠬᠢ ᠲᠠᠢ ᠬᠤᠯᠪᠤᠭ᠎ᠠ ᠠᠪᠬᠤ᠂ ᠵᠣᠬᠢᠴᠠᠭᠤᠯᠬᠤ᠂ ᠬᠠᠷᠢᠯᠴᠠᠬᠤ ᠠᠵᠢᠯ ᠢ ᠬᠠᠷᠢᠭᠤᠴᠠᠨ᠎ᠠ︔ ᠠᠵᠢᠯᠯᠠᠭᠠᠨ ᠤ ᠲᠠᠯᠠᠪᠤᠷ ᠤᠨ ᠨᠠᠶᠢᠳᠠᠪᠤᠷᠢᠵᠢᠭᠤᠯᠬᠤ ᠪᠠ ᠵᠠᠰᠠᠬᠤ ᠠᠵᠢᠯ ᠢ ᠬᠠᠷᠢᠭᠤᠴᠠᠨ᠎ᠠ︔ ᠠᠵᠢᠯᠯᠠᠭᠠᠨ ᠤ ᠬᠦᠯᠢᠶᠡᠨ ᠵᠣᠴᠢᠯᠠᠬᠤ ᠲᠥᠰᠥᠯ ᠢ ᠲᠣᠭᠳᠠᠭᠠᠬᠤ ᠪᠠ ᠪᠢᠴᠢᠭᠡᠴᠢ᠂ ᠪᠢᠴᠢᠭ ᠮᠠᠲ᠋ᠧᠷᠢᠶᠠᠯ ᠢ ᠳᠠᠷᠤᠮᠠᠯᠯᠠᠬᠤ᠂ ᠳᠠᠩᠰᠠ ᠡᠪᠬᠡᠮᠡᠯ ᠵᠡᠷᠭᠡ ᠠᠵᠢᠯ ᠢ ᠬᠠᠷᠢᠭᠤᠴᠠᠨ᠎ᠠ︔ ᠠᠵᠢᠯᠯᠠᠭᠠᠨ ᠤ ᠬᠤᠭᠤᠴᠠᠭᠠᠨ  ᠳᠠᠬᠢ ᠵᠣᠴᠢᠳ ᠪᠠ ᠬᠤᠷᠠᠯ ᠳᠤ ᠣᠷᠣᠯᠴᠠᠭᠰᠠᠳ ᠢ ᠬᠦᠯᠢᠶᠡᠨ ᠵᠣᠴᠢᠯᠠᠬᠤ᠂ ᠢᠳᠡᠵᠤ ᠤᠤᠭᠤᠬᠤ᠂ ᠶᠠᠪᠤᠵᠤ ᠰᠠᠭᠤᠬᠤ᠂ ᠠᠵᠢᠯᠯᠠᠭᠠᠨ ᠳᠤ ᠣᠷᠣᠯᠴᠠᠬᠤ ᠵᠡᠷᠭᠡ ᠠᠵᠢᠯ ᠢ ᠰᠠᠶᠢᠳᠤᠷ ᠬᠢᠨ᠎ᠡ︔ ᠡᠯ᠎ᠡ ᠲᠥᠷᠥᠯ ᠤᠨ ᠠᠵᠢᠯᠯᠠᠭᠠᠨ  ᠳᠤ ᠬᠡᠷᠡᠭᠰᠡᠬᠦ ᠵᠠᠷᠤᠳᠠᠯ ᠤᠨ ᠲᠥᠰᠥᠪ᠂ ᠳᠠᠰᠤᠯᠤᠨ ᠪᠣᠳᠣᠬᠤ ᠠᠵᠢᠯ ᠢ ᠰᠠᠶᠢᠳᠤᠷ ᠬᠠᠷᠢᠭᠤᠴᠠᠵᠤ ᠬᠢᠨ᠎ᠡ︔ ᠬᠤᠷᠠᠯ ᠳᠡᠭᠡᠷ᠎ᠡ ᠱᠠᠩᠨᠠᠬᠤ ᠪᠠ ᠱᠠᠩᠨᠠᠯ ᠤᠨ ᠪᠣᠳᠠᠰ ᠢ ᠦᠢᠯᠡᠳᠴᠤ ᠣᠯᠭᠤᠬᠤ ᠠᠵᠢᠯ ᠢ ᠬᠠᠷᠢᠭᠤᠴᠠᠨ᠎ᠠ︔ ᠵᠣᠬᠢᠶᠠᠨ ᠪᠠᠶᠢᠭᠤᠯᠬᠤ ᠺᠣᠮᠢᠰ ᠤᠨ ᠳᠠᠭᠠᠭᠠᠯᠭᠠᠭᠰᠠᠨ ᠠᠵᠢᠯ ᠤᠨ ᠪᠤᠰᠤᠳ ᠠᠵᠢᠯ ᠢ ᠪᠡᠶᠡᠯᠡᠭᠦᠯᠥᠨ᠎ᠡ᠃        ⒉ ᠮᠡᠷᠭᠡᠵᠢᠯ ᠢ ᠰᠢᠯᠭᠠᠨ ᠥᠨᠡᠯᠡᠬᠦ ᠠᠵᠢᠯ ᠤᠨ ᠳᠤᠭᠤᠶᠢᠯᠠᠩ        ᠳᠤᠭᠤᠶᠢᠯᠠᠩ ᠤᠨ ᠳᠠᠷᠤᠭ᠎ᠠ᠄ ᠣᠳᠣᠨ᠂ ᠬᠠᠮᠢᠶ᠎ᠠ ᠪᠦᠬᠦᠢ ᠠᠵᠢᠯᠯᠠᠬᠤ ᠬᠦᠮᠥᠰ ᠢ ᠬᠤᠰᠢᠭᠤ ᠲᠠᠷᠢᠶᠠᠯᠠᠩ ᠮᠠᠯ ᠠᠵᠤ ᠠᠬᠤᠢ ᠤᠨ ᠲᠣᠪᠴᠢᠶ᠎ᠠ ᠠᠴᠠ ᠲᠥᠷ ᠰᠢᠯᠵᠢᠭᠦᠯᠥᠨ ᠬᠡᠷᠡᠭᠯᠡᠨ᠎ᠡ᠃       ᠠᠵᠢᠯ ᠤᠨ ᠭᠤᠤᠯ ᠡᠭᠦᠷᠭᠡ ᠬᠠᠷᠢᠭᠤᠴᠠᠯᠭ᠎ᠠ᠄ ᠣᠷᠳᠣᠰ ᠨᠠᠷᠢᠨ ᠨᠣᠣᠰᠣᠳᠣ ᠬᠤᠨᠢᠨ ᠤᠷᠤᠯᠳᠤᠭᠠᠨ ᠪᠣᠯᠣᠨ ᠨᠤᠤᠰᠣ ᠬᠠᠶᠢᠴᠢᠯᠠᠬᠤ ᠤᠷᠤᠯᠳᠤᠭᠠᠨ᠂ ᠤᠷᠤᠯᠳᠤᠭᠠᠨ ᠤ ᠳᠥᠷᠢᠮ ᠢ ᠲᠣᠭᠳᠠᠭᠠᠬᠤ᠂ ᠮᠡᠷᠭᠡᠵᠢᠯ ᠢ ᠰᠢᠯᠭᠠᠨ ᠥᠨᠡᠯᠡᠬᠦ ᠮᠡᠷᠭᠡᠵᠢᠯᠳᠡᠨ ᠢ ᠤᠷᠢᠬᠤ ᠠᠵᠢᠯ ᠢ ᠬᠠᠷᠢᠭᠤᠴᠠᠨ ᠵᠣᠬᠢᠶᠠᠨ ᠪᠠᠶᠢᠭᠤᠯᠤᠨ᠎ᠠ︔ ᠡᠯ᠎ᠡ ᠲᠥᠷᠥᠯ ᠤᠨ ᠬᠦᠬᠢᠭᠦᠯᠥᠨ ᠰᠠᠶᠢᠰᠢᠶᠠᠬᠤ ᠲᠠᠢ ᠬᠤᠯᠪᠤᠭᠳᠠᠯ ᠪᠦᠬᠦᠢ ᠬᠡᠷᠡᠭ ᠶᠠᠪᠤᠳᠠᠯ ᠢ ᠬᠠᠷᠢᠭᠤᠴᠠᠨ᠎ᠠ︔ ᠣᠷᠳᠣᠰ ᠨᠠᠷᠢᠨ ᠨᠤᠤᠰᠤᠳᠤ ᠬᠤᠨᠢ ᠮᠠᠯᠵᠢᠬᠤ ᠳᠤᠰᠬᠠᠢ ᠮᠡᠷᠭᠡᠵᠢᠯ ᠤᠨ ᠪᠤᠯᠪᠠᠰᠤᠷᠠᠯ ᠤᠨ ᠮᠡᠷᠭᠡᠵᠢᠯᠳᠡᠨ ᠢ ᠤᠷᠢᠬᠤ ᠵᠢᠴᠢ ᠪᠤᠯᠪᠠᠰᠤᠷᠠᠯ ᠳᠤ ᠣᠷᠣᠯᠴᠠᠭᠰᠠᠳ ᠢ ᠨᠠᠶᠢᠳᠠᠪᠤᠷᠢᠵᠢᠭᠤᠯᠬᠤ ᠠᠵᠢᠯ ᠢ ᠬᠠᠷᠢᠭᠤᠴᠠᠨ᠎ᠠ︔ ᠬᠤᠨᠢᠨ ᠨᠣᠣᠰᠤᠨ ᠰᠢᠭᠤᠳ ᠪᠣᠷᠣᠯᠠᠭᠤᠯᠭ᠎ᠠ ᠶᠢᠨ ᠨᠠᠷᠢᠨ ᠳᠥᠷᠢᠮ ᠢ  ᠲᠣᠭᠳᠠᠭᠠᠬᠤ ᠠᠵᠢᠯ ᠢ ᠬᠠᠷᠢᠭᠤᠴᠠᠨ᠎ᠠ︔ ᠵᠣᠬᠢᠶᠠᠨ ᠪᠠᠶᠢᠭᠤᠯᠬᠤ ᠺᠣᠮᠢᠰ ᠤᠨ ᠳᠠᠭᠠᠭᠠᠯᠭᠠᠭᠰᠠᠨ ᠪᠤᠰᠤᠳ ᠠᠵᠢᠯ ᠢ ᠪᠡᠶᠡᠯᠡᠭᠦᠯᠥᠨ᠎ᠡ᠃       ⒊ ᠰᠣᠨᠢᠨ ᠮᠡᠳᠡᠭᠡᠨ ᠤ ᠮᠡᠳᠡᠭᠡᠯᠡᠯ ᠤᠨ ᠠᠵᠢᠯ ᠤᠨ ᠳᠣᠭᠤᠶᠢᠯᠠᠩ       ᠳᠣᠭᠤᠶᠢᠯᠠᠩ ᠤᠨ ᠳᠠᠷᠤᠭ᠎ᠠ᠄ ᠡᠤ ᠵᠢᠶᠠᠨ ᠬᠦᠸᠧ᠂ ᠬᠠᠮᠢᠶ᠎ᠠ ᠪᠦᠬᠦᠢ ᠠᠵᠢᠯᠯᠠᠬᠤ ᠬᠦᠮᠦᠰ ᠢ ᠬᠤᠰᠢᠭᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠷᠠᠳᠢᠤ᠋ ᠲᠧᠯᠸᠢᠰ ᠦᠢᠯᠡᠴᠢᠯᠡᠭᠡᠨ ᠤ ᠲᠥᠪ᠂ ᠦᠦᠰᠢᠨ ᠰᠣᠨᠢᠨ ᠬᠤᠷᠢᠶ᠎ᠠ ᠠᠴᠠ ᠲᠦᠷ ᠴᠠᠭ ᠰᠢᠯᠵᠢᠭᠦᠯᠦᠨ ᠬᠡᠷᠡᠭᠯᠡᠨ᠎ᠡ᠃      ᠠᠵᠢᠯ ᠤᠨ ᠭᠤᠣᠯ ᠡᠭᠦᠷᠭᠡ ᠬᠠᠷᠢᠭᠤᠴᠠᠯᠭ᠎ᠠ᠄ ᠠᠵᠢᠯᠯᠠᠭᠠᠨ ᠤ ᠬᠤᠭᠤᠴᠠᠭᠠᠨ ᠳᠤ ᠤᠬᠠᠭᠤᠯᠤᠨ ᠮᠡᠳᠡᠭᠡᠯᠡᠬᠦ ᠵᠢᠴᠢ ᠰᠣᠨᠢᠨ ᠮᠡᠳᠡᠭᠡ ᠵᠠᠭᠤᠴᠢᠯᠠᠭᠤᠷ ᠤᠨ ᠰᠣᠷᠪᠤᠯᠵᠢᠯᠠᠭ᠎ᠠ ᠶᠢ ᠵᠣᠬᠢᠶᠠᠨ ᠪᠠᠶᠢᠭᠤᠯᠬᠤ ᠶᠢᠨ ᠬᠠᠮᠲᠣ ᠵᠣᠴᠢᠯᠠᠭ᠎ᠠ ᠶᠢᠨ ᠠᠵᠢᠯ ᠢ ᠬᠠᠷᠢᠭᠤᠴᠠᠨ᠎ᠠ᠃ ᠵᠣᠬᠢᠶᠠᠨ ᠪᠠᠶᠢᠭᠤᠯᠬᠤ ᠺᠣᠮᠢᠰ ᠤᠨ ᠳᠠᠭᠠᠭᠠᠯᠭᠠᠭᠰᠠᠨ ᠪᠣᠰᠣᠳ ᠠᠵᠢᠯ ᠢ ᠪᠡᠶᠡᠯᠡᠬᠦᠯᠦᠨ᠎ᠡ᠃      ⒋ ᠬᠤᠷᠠᠯ ᠤᠨ ᠲᠠᠯᠠᠪᠤᠷ ᠤᠨ ᠠᠶᠤᠯᠬᠦᠢ ᠶᠢᠨ ᠠᠵᠢᠯ ᠤᠨ ᠳᠣᠭᠤᠶᠢᠯᠠᠩ       ᠳᠣᠭᠤᠶᠢᠯᠠᠩ ᠤᠨ ᠳᠠᠷᠤᠭ᠎ᠠ᠄ ᠤᠳᠬᠠᠨᠪᠠᠶᠠᠷ᠂ ᠬᠠᠮᠢᠶ᠎ᠠ ᠪᠦᠬᠦᠢ ᠠᠵᠢᠯᠯᠠᠬᠤ ᠬᠦᠮᠦᠰ ᠢ ᠬᠤᠰᠢᠭᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶᠠᠨ ᠠᠴᠠ ᠲᠦᠷ ᠴᠠᠭ ᠰᠢᠯᠵᠢᠭᠦᠯᠦᠨ ᠬᠡᠷᠡᠭᠯᠡᠨ᠎ᠡ᠃      ᠠᠵᠢᠯ ᠤᠨ ᠭᠤᠣᠯ ᠡᠭᠦᠷᠭᠡ ᠬᠠᠷᠢᠭᠤᠴᠠᠯᠭ᠎ᠠ᠄ ᠠᠵᠢᠯᠯᠠᠭᠠᠨ ᠤ ᠬᠤᠭᠤᠴᠠᠭᠠᠨ ᠳᠤ ᠲᠠᠯᠠᠪᠣᠷ ᠢ ᠪᠠᠶᠢᠷᠢᠯᠠᠭᠤᠯᠬᠤ᠂ ᠮᠠᠰᠢᠨ ᠲᠡᠷᠭᠡ ᠶᠢ ᠵᠢᠯᠣᠭᠤᠳᠣᠨ ᠪᠠᠶᠢᠷᠢᠯᠠᠭᠤᠯᠬᠤ᠂ ᠬᠤᠸᠠᠷ ᠫᠣᠣᠵᠢᠩ ᠲᠠᠯᠪᠢᠬᠤ ᠵᠡᠷᠭᠡ ᠬᠤᠷᠠᠯ ᠤᠨ ᠲᠠᠯᠠᠪᠣᠷ ᠤᠨ ᠠᠶᠤᠯᠬᠦᠢ ᠶᠢᠨ ᠠᠵᠢᠯ ᠢ ᠬᠠᠷᠢᠭᠤᠴᠠᠵᠤ᠂ ᠵᠠᠮ ᠬᠠᠷᠢᠯᠴᠠᠭᠠᠨ ᠤ ᠴᠠᠭᠳᠠᠭ᠎ᠠ᠂ ᠡᠮᠨᠡᠯᠭᠡ ᠶᠢᠨ ᠬᠤᠷᠢᠶ᠎ᠠ᠂ ᠴᠠᠬᠢᠯᠭᠠᠨ ᠬᠦᠴᠦᠨ ᠵᠡᠷᠭᠡ ᠰᠠᠯᠠᠭ᠎ᠠ ᠮᠦᠴᠢᠷ ᠲᠠᠢ ᠬᠠᠷᠢᠯᠴᠠᠬᠤ ᠠᠵᠢᠯ ᠢ ᠬᠢᠨ᠎ᠡ᠃       ⒌ ᠰᠠᠬᠢᠯᠭ᠎ᠠ ᠪᠠᠲᠤ ᠬᠢᠨᠠᠯᠲᠠ ᠲᠠᠯᠪᠢᠬᠤ ᠠᠵᠢᠯ ᠤᠨ ᠳᠤᠭᠤᠶᠢᠯᠠᠩ       ᠳᠣᠭᠤᠶᠢᠯᠠᠩ ᠤᠨ ᠳᠠᠷᠤᠭ᠎ᠠ᠄ ᠬᠠᠷᠴᠠᠭᠠᠢ       ᠭᠡᠰᠢᠬᠦᠨ              ᠄ ᠸᠠᠩ ᠳ᠋ᠠᠨ       ᠠᠵᠢᠯ ᠤᠨ ᠭᠤᠣᠯ ᠡᠭᠦᠷᠭᠡ ᠬᠠᠷᠢᠭᠤᠴᠠᠯᠭ᠎ᠠ᠄ ᠠᠵᠢᠯᠯᠠᠭᠠᠨ ᠤ ᠬᠤᠭᠤᠴᠠᠭᠠᠨ ᠳᠤ ᠬᠢ ᠡᠯ᠎ᠡ ᠭᠤᠭᠴᠣᠭᠠᠨ ᠤ ᠰᠠᠬᠢᠯᠭ᠎ᠠ ᠪᠠᠲᠤ ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ᠃       ᠵᠢᠷᠭᠤᠭ᠎ᠠ᠂ ᠠᠵᠢᠯ ᠤᠨ ᠱᠠᠭᠠᠷᠳᠠᠯᠭ᠎ᠠ      ︵ᠨᠢᠭᠡ︶ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠷᠢᠨ ᠨᠢᠮᠪᠡᠢ ᠵᠣᠬᠢᠶᠠᠨ ᠪᠠᠶᠢᠭᠤᠯᠣᠨ᠎ᠠ᠃ ᠵᠣᠬᠢᠶᠠᠨ ᠪᠠᠶᠢᠭᠤᠯᠬᠤ ᠺᠣᠮᠢᠰ ᠤᠨ ᠡᠯ᠎ᠡ ᠪᠦᠷᠢᠯᠳᠦᠬᠦᠨ ᠨᠢᠭᠡᠴᠢ ᠵᠢᠴᠢ ᠠᠵᠢᠯ ᠤᠨ ᠳᠣᠭᠤᠶᠢᠯᠠᠩ ᠲᠣᠰ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠣ᠂ ᠵᠣᠬᠢᠶᠠᠨ ᠪᠠᠶᠢᠭᠤᠯᠵᠤ ᠳᠠᠶᠢᠴᠢᠯᠠᠨ ᠨᠢᠭᠡᠳᠦᠯᠲᠡᠢ ᠵᠣᠬᠢᠴᠠᠭᠤᠯᠬᠤ ᠶᠢ ᠴᠢᠩᠭᠠᠳᠬᠠᠨ᠂ ᠬᠠᠷᠢᠭᠤᠴᠠᠯᠭ᠎ᠠ ᠶᠢᠨ ᠬᠤᠪᠢᠶᠠᠷᠢᠯᠠᠯ ᠢ ᠲᠣᠳᠣᠷᠬᠠᠶᠢᠯᠠᠵᠤ᠂ ᠡᠭᠦᠷᠭᠡ ᠶᠢ ᠱᠠᠲᠤ ᠱᠠᠲᠤ ᠪᠠᠷ᠂ ᠬᠠᠷᠢᠭᠤᠴᠠᠯᠭ᠎ᠠ ᠶᠢ ᠬᠦᠮᠦᠨ ᠪᠣᠯᠭᠠᠨ ᠳᠤ ᠨᠠᠶᠢᠲᠠᠪᠤᠷᠢᠵᠢᠭᠤᠯᠤᠨ᠂ ᠳᠡᠭᠡᠲᠣ ᠬᠡᠮᠵᠢᠶᠡᠨ ᠤ ᠠᠵᠢᠯ ᠦᠢᠯᠡᠰᠴᠢ ᠰᠡᠳᠬᠢᠯᠭᠡ ᠪᠠ ᠬᠠᠷᠢᠭᠤᠴᠠᠯᠭᠠᠲᠣ ᠣᠪᠣᠷ ᠢᠶᠠᠷ ᠲᠣᠰ ᠣᠳᠠᠭᠠᠨ ᠤ ᠨᠠᠷᠢᠨ ᠨᠣᠣᠰᠣᠲᠤ ᠬᠤᠨᠢᠨ ᠴᠤᠭᠯᠠᠭᠠᠨ ᠤ ᠡᠯ᠎ᠡ ᠲᠦᠷᠦᠯ ᠤᠨ ᠠᠵᠢᠯ ᠢ ᠰᠠᠶᠢᠲᠦᠷ ᠬᠢᠬᠦ ᠬᠡᠷᠡᠭᠲᠡᠢ᠃       ︵ᠬᠤᠶᠠᠷ︶ ᠤᠬᠠᠭᠤᠯᠭ᠎ᠠ ᠪᠠᠨ ᠴᠢᠩᠭᠠᠳᠬᠠᠵᠤ ᠣᠷᠴᠢᠨ ᠠᠬᠤᠢ ᠶᠢ ᠪᠦᠷᠢᠯᠳᠦᠭᠦᠯᠦᠨ᠎ᠡ᠃      ᠰᠣᠨᠢᠨ ᠮᠡᠳᠡᠭᠡ ᠵᠠᠭᠤᠴᠢᠯᠠᠭᠤᠷ ᠤᠨ ᠬᠢᠨ ᠭᠠᠳᠠᠭᠰᠢ ᠤᠬᠠᠭᠤᠯᠬᠤ ᠬᠦᠴᠦᠯᠡᠴᠡ ᠪᠠᠨ ᠨᠡᠮᠡᠭᠳᠡᠬᠦᠯᠵᠦ᠂ ᠠᠬᠤᠢ ᠲᠠᠯᠠᠪᠤᠷ ᠲᠤ ᠬᠦᠷᠴᠦ ᠣᠯᠠᠨ ᠬᠠᠷᠠᠭ᠎ᠠ ᠠᠴᠠ ᠣᠷᠳᠣᠰ ᠨᠠᠷᠢᠨ ᠨᠣᠣᠰᠣᠲᠣ ᠬᠤᠨᠢᠨ ᠤ ᠵᠢᠷᠠ ᠢᠯᠡᠬᠦᠦ ᠵᠢᠯ ᠤᠨ ᠲᠣᠷᠰᠢᠬᠢ ᠪᠤᠶᠢᠵᠢᠭᠤᠯᠤᠨ ᠬᠥᠭᠵᠢᠭᠦᠯᠦᠭᠰᠡᠨ ᠥᠩᠭᠡᠷᠡᠯᠲᠡ ᠶᠢ ᠬᠠᠷᠠᠭᠤᠯᠤᠨ ᠣᠷᠳᠣᠰ ᠨᠠᠷᠢᠨ ᠨᠣᠣᠰᠣᠲᠣ ᠬᠤᠨᠢᠨ ᠤ ᠨᠡᠷ᠎ᠡ ᠠᠯᠳᠠᠷᠰᠢᠯ ᠤᠨ ᠬᠡᠮᠵᠢᠶ᠎ᠡ ᠪᠣᠯᠣᠨ ᠨᠡᠷᠡᠲᠦ ᠲᠡᠮᠲᠡᠭᠲᠦ ᠶᠢᠨ ᠨᠦᠯᠦᠭᠡᠯᠡᠯ ᠤᠨ ᠬᠦᠴᠦᠨ ᠢ ᠤᠬᠠᠭᠤᠯᠤᠨ᠎ᠠ᠃ ᠠᠵᠢᠯ ᠤᠨ ᠰᠣᠷᠲᠠᠯ ᠢ ᠰᠠᠶᠢᠵᠢᠷᠠᠭᠤᠯᠬᠤ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠲᠣᠬᠠᠢ ᠬᠠᠮᠢᠶ᠎ᠠ ᠪᠦᠬᠦᠢ ᠳᠦᠷᠢᠮ ᠲᠣᠭᠲᠠᠭᠠᠯ ᠢ ᠬᠢᠨᠠᠮᠠᠭᠠᠢ ᠲᠣᠣᠱᠯᠠᠭᠤᠯᠵᠤ᠂ ᠠᠵᠢᠯᠯᠠᠭᠠᠨ ᠤ ᠪᠣᠳᠠᠲᠣ ᠪᠦᠲᠦᠮᠵᠢ ᠶᠢ ᠳᠡᠭᠡᠭᠰᠢᠯᠡᠬᠦᠯᠬᠦ ᠳᠡᠭᠡᠷ᠎ᠡ ᠭᠦᠴᠦᠯᠡᠨ᠎ᠡ᠃      ︵ᠭᠤᠷᠪᠠ︶ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ ᠨᠠᠶᠢᠲᠠᠪᠤᠷᠢᠵᠢᠭᠤᠯᠤᠯᠲᠠ ᠶᠢ ᠴᠢᠩᠭ᠎ᠠ ᠠᠳᠬᠤᠨ᠎ᠠ᠃ ᠡᠯ᠎ᠡ ᠰᠤᠮᠤ ᠪᠠᠯᠭᠠᠰᠤ ᠨᠢ ᠲᠣᠰᠬᠠᠢ ᠬᠦᠮᠦᠨ ᠲᠣᠬᠢᠷᠠᠭᠤᠯᠵᠣ ᠡᠯ᠎ᠡ ᠬᠠᠮᠢᠶ᠎ᠠ ᠪᠦᠬᠦᠢ ᠭᠠᠴᠠᠭ᠎ᠠ ᠲᠣᠰᠬᠤᠨ ᠲᠠᠢ ᠬᠠᠷᠢᠯᠴᠠᠭᠤᠯᠵᠤ 5 ᠰᠠᠷ᠎ᠠ ᠶᠢᠨ 25 ᠤ ᠡᠳᠦᠷ ᠤᠨ 17:30 ᠠᠴᠠ ᠡᠮᠦᠨ᠎ᠡ ᠬᠠᠷᠢᠯᠴᠠᠬᠤ ᠬᠦᠮᠦᠨ ᠪᠣᠯᠣᠨ ᠬᠤᠷᠠᠯ ᠳᠤ ᠣᠷᠣᠯᠴᠠᠭᠴᠢ ᠨᠢ ᠵᠣᠬᠢᠶᠠᠨ ᠪᠠᠶᠢᠭᠤᠯᠬᠤ ᠺᠣᠮᠢᠰ ︵ᠬᠤᠰᠢᠭᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ︶ ᠲᠤ ᠨᠡᠷ᠎ᠡ ᠮᠡᠳᠡᠬᠦᠯᠦᠨ᠎ᠡ᠃ ᠲᠣᠬᠠᠢ ᠶᠢᠨ ᠴᠠᠭ ᠲᠤ ᠬᠤᠪᠢᠶᠠᠷᠢᠯᠠᠨ ᠬᠠᠷᠢᠭᠤᠴᠠᠵᠤ ᠪᠠᠶᠢᠬᠤ ᠪᠠᠯᠭᠠᠰᠤᠨ ᠲᠡᠳ᠋ ᠳᠠᠷᠤᠭ᠎ᠠ ᠳᠣᠭᠤᠶᠢᠯᠠᠩ ᠢᠶᠠᠨ ᠨᠢᠭᠡᠳᠦᠯᠲᠡᠢ ᠳᠠᠭᠠᠭᠤᠯᠤᠨ ᠬᠤᠷᠠᠯ ᠳᠤ ᠣᠷᠣᠯᠴᠠᠨ᠎ᠠ᠃ ᠮᠣᠩᠭᠤᠯᠴᠣᠳ ᠦᠨᠳᠦᠰᠦᠲᠡᠨ ᠤ ᠪᠠᠨ ᠬᠤᠪᠴᠠᠰᠤ ᠵᠠᠰᠠᠯ ᠢᠶᠠᠨ ᠡᠮᠣᠰᠣᠨ᠎ᠠ᠃ ᠬᠤᠷᠠᠯ ᠳᠤ ᠣᠷᠣᠯᠴᠠᠭᠴᠢᠳ ᠪᠡᠶ᠎ᠡ ᠶᠢᠨ ᠦᠨᠡᠮᠯᠡᠯ ᠪᠠ ᠬᠠᠭᠤᠯᠪᠣᠷᠢ ᠪᠠᠨ ᠠᠪᠴᠢᠷᠠᠬᠤ ᠬᠡᠷᠡᠭᠳᠡᠢ᠃                       ᠬᠠᠷᠢᠯᠴᠠᠬᠤ ᠬᠦᠮᠦᠨ᠄ ᠯᠣᠨᠲᠣᠨ        15804773899                                        ᠣᠯᠠᠨᠳᠡᠭᠦᠤᠲᠦ    15384777801                                        ᠹᠺᠰ            ᠄ 0477 ——7593100                                        ᠰᠢᠤᠳᠠᠨ ᠬᠠᠶᠢᠷᠴᠠᠭ  ᠄ wushenqilz@163.com ᠳᠠᠭᠠᠯᠳᠣᠭᠤᠯᠣᠯ᠄  ⒈ ᠣᠷᠳᠣᠰ ᠨᠠᠷᠢᠨ ᠨᠣᠣᠰᠣᠲᠣ ᠬᠤᠨᠢᠨ ᠤᠷᠤᠯᠳᠤᠭᠠᠨ ᠳᠤ ᠣᠷᠣᠯᠴᠠᠬᠤ ᠨᠡᠷ᠎ᠡ ᠮᠡᠳᠡᠬᠦᠯᠬᠦ ᠬᠠᠭᠤᠳᠠᠰᠤ                ⒉ᠣᠷᠳᠣᠰ ᠨᠠᠷᠢᠨ ᠨᠣᠣᠰᠣᠲᠣ ᠬᠤᠨᠢ ᠬᠠᠶᠢᠴᠢᠯᠠᠬᠤ ᠤᠷᠤᠯᠳᠤᠭᠠᠨ ᠳᠤ ᠣᠷᠣᠯᠴᠠᠬᠤ ᠨᠡᠷ᠎ᠡ ᠮᠡᠳᠡᠬᠦᠯᠬᠦ ᠬᠠᠭᠤᠳᠠᠰᠤ                ⒊ᠣᠷᠳᠣᠰ ᠨᠠᠷᠢᠨ ᠨᠣᠣᠰᠣᠲᠣ ᠬᠤᠨᠢᠨ ᠤ ᠮᠠᠯᠵᠢᠯ ᠤᠨ ᠳᠣᠮᠣ ᠡᠷᠦᠬᠡ ᠶᠢᠨ ᠲᠠᠨᠢᠯᠴᠠᠭᠤᠯᠭ᠎ᠠ ᠶᠢᠨ ᠬᠥᠰᠦᠨᠦᠭ
   
 
ᠢᠷᠡᠯᠲᠡ᠄ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠡᠨ ᠬᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号