5 ᠰᠠᠷ᠎ᠠ ᠶᠢᠨ 21 ᠤ ᠡᠳᠤᠷ᠂ ᠤᠯᠤᠰ ᠤᠨ ᠦᠨᠳᠤᠰᠤᠳᠡᠨ ᠤ ᠬᠡᠷᠡᠭ ᠡᠷᠬᠢᠯᠡᠬᠦ ᠵᠦᠪᠯᠡᠯ ︽ᠡᠯᠢᠭᠡᠰᠡᠭ | ᠲᠤᠳᠤᠨᠤᠰᠤᠭ ᠳᠤᠮᠳᠠᠳᠤ ᠶᠢᠨ ᠦᠨᠳᠤᠰᠤᠳᠠᠨ︾ ᠰᠡᠳᠤᠪᠲᠣ ᠰᠤᠶᠤᠯ ᠢ ᠬᠦᠳᠡᠭᠡ ᠪᠠᠭᠤᠯᠭᠠᠵᠤ ᠨᠤᠮ ᠬᠦᠷᠭᠡᠬᠦ | ᠠᠵᠢᠯᠯᠠᠭ᠎ᠠ ᠶᠢ ᠮᠠᠨ ᠤ ᠬᠤᠰᠢᠭᠤᠨ ᠳᠤ ᠦᠷᠨᠢᠬᠦᠯᠵᠤ᠂ ᠨᠤᠮ ᠬᠦᠷᠭᠡᠬᠦ ᠠᠵᠢᠯᠯᠠᠭᠠᠨ ᠤ ᠶᠤᠰᠤᠯᠠᠯ ᠢ ᠭᠠᠯᠠᠭᠤᠲᠤ | ᠪᠠᠯᠭᠠᠰᠤᠨ ᠤ ᠨᠠᠨᠳᠢᠨ ᠨᠡᠶᠢᠬᠡᠮ ᠲᠤᠭᠤᠷᠢᠭ ᠲᠤ ᠶᠠᠪᠤᠭᠳᠠᠭᠤᠯᠵᠤ᠂ ᠤᠯᠤᠰ ᠤᠨ ᠦᠨᠳᠤᠰᠤᠳᠡᠨ ᠤ ᠬᠡᠷᠡᠭ ᠡᠷᠬᠢᠯᠡᠬᠦ | ᠵᠦᠪᠯᠡᠯ ᠲᠦᠪ ᠤᠨ ᠦᠨᠳᠤᠰᠤᠳᠡᠨ ᠤ ᠶᠡᠭᠡ ᠰᠤᠷᠭᠠᠭᠤᠯᠢ ᠶᠢᠨ ᠬᠡᠪᠯᠡᠯ ᠤᠨ ᠬᠤᠷᠢᠶᠠᠨ ᠳᠤ ᠨᠠᠶᠢᠳᠠᠵᠤ᠂ 10 | ᠲᠦᠮᠡᠨ ᠲᠦᠭᠦᠷᠢᠭ ᠤᠨ ᠦᠷᠳᠡᠭ ᠲᠠᠢ ᠨᠤᠮ ᠲᠡᠪᠲᠡᠷ ᠢ ᠭᠦᠷᠭᠡᠭᠰᠡᠨ ᠪᠠᠶᠢᠨ᠎ᠠ᠃ | | | | | ᠤᠯᠤᠰ ᠤᠨ ᠦᠨᠳᠤᠰᠤᠳᠡᠨ ᠤ ᠬᠡᠷᠡᠭ ᠡᠷᠬᠢᠯᠡᠬᠦ ᠵᠦᠪᠯᠡᠯ ᠤᠨ ᠤᠬᠠᠭᠤᠯᠬᠤ ᠵᠤᠷᠭᠠᠨ ᠤ ᠶᠡᠷᠤᠩᠬᠡᠢ ᠭᠠᠵᠠᠷ | ᠤᠨ ᠸᠠᠩ ᠪᠢᠩ ᠴᠢᠩ᠂ ᠤᠯᠤᠰ ᠤᠨ ᠦᠨᠳᠤᠰᠤᠳᠡᠨ ᠤ ᠬᠡᠷᠡᠭ ᠡᠷᠬᠢᠯᠡᠬᠦ ᠵᠦᠪᠯᠡᠯ ᠤᠨ ᠤᠬᠠᠭᠤᠯᠬᠤ ᠵᠤᠷᠭᠠᠨ ᠤ | ᠪᠡᠶ᠎ᠡ ᠲᠠᠮᠢᠷ ᠡᠷᠡᠭᠦᠯ ᠬᠠᠮᠠᠭᠠᠯᠠᠯ ᠤᠨ ᠭᠠᠵᠠᠷ ᠤᠨ ᠺᠠᠳ᠋ᠷ ᠳᠡᠯᠡᠬᠡᠢ᠂ ᠲᠦᠪ ᠤᠨ ᠦᠨᠳᠤᠰᠤᠳᠡᠨ ᠤ ᠶᠡᠭᠡ | ᠰᠤᠷᠭᠠᠭᠤᠯᠢ ᠶᠢᠨ ᠬᠡᠪᠯᠡᠯ ᠤᠨ ᠬᠤᠷᠢᠶᠠᠨ ᠤ ᠳᠡᠳ᠋ ᠬᠤᠷᠢᠶᠠᠨ ᠳᠠᠷᠤᠭ᠎ᠠ ᠱᠠ ᠫᠢᠩ᠂ ᠲᠦᠪ ᠤᠨ ᠦᠨᠳᠤᠰᠤᠳᠡᠨ ᠤ | ᠶᠡᠭᠡ ᠰᠤᠷᠭᠠᠭᠤᠯᠢ ᠶᠢᠨ ᠬᠡᠪᠯᠡᠯ ᠤᠨ ᠬᠤᠷᠢᠶᠠᠨ ᠤ ᠬᠡᠪᠯᠡᠨ ᠲᠠᠷᠬᠠᠭᠠᠬᠤ ᠭᠡᠯᠳᠡᠰ ᠤᠨ ᠡᠷᠬᠢᠯᠡᠭᠴᠢ ᠢᠤ ᠸᠧᠢ ᠹᠧᠩ᠂ | ᠬᠤᠲᠠ ᠶᠢᠨ ᠦᠨᠳᠤᠰᠤᠳᠡᠨ ᠤ ᠬᠡᠷᠡᠭ ᠡᠷᠬᠢᠯᠡᠬᠦ ᠵᠦᠪᠯᠡᠯ ᠤᠨ ᠪᠠᠶᠢᠴᠠᠭᠠᠨ ᠰᠤᠳᠤᠯᠤᠭᠴᠢ ᠮᠦᠩᠬᠡᠴᠡᠴᠡᠭ᠂ | ᠮᠤᠩᠭᠤᠯ ᠬᠡᠯᠡᠨ ᠤ ᠠᠯᠪᠠᠨ ᠭᠡᠷ ᠤᠨ ᠳᠡᠳ᠋ ᠡᠷᠬᠢᠯᠡᠭᠴᠢ ᠤᠷᠠᠨ᠎ᠠ᠂ ᠦᠤᠰᠢᠨ ᠬᠤᠰᠢᠭᠤᠨ ᠤ ᠨᠠᠮ ᠤᠨ ᠬᠤᠷᠢᠶᠠᠨ | ᠤ ᠪᠠᠶᠢᠩᠭᠤ ᠶᠢᠨ ᠬᠡᠰᠢᠭᠦᠨ ᠨᠢᠭᠡᠳᠤᠮᠡᠯ ᠹᠷᠤᠨᠲ ᠤᠨ ᠭᠡᠯᠳᠡᠰ ᠤᠨ ᠳᠠᠷᠤᠭ᠎ᠠ ᠠᠯᠳᠠᠨᠲᠤᠶᠠᠭᠠ᠂ ᠬᠤᠰᠢᠭᠤ ᠠᠷᠠᠳ | ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠸᠠᠩ ᠵᠢᠷᠭᠠᠯ | ᠪᠤᠯᠤᠨ ᠬᠤᠰᠢᠭᠤ ᠦᠨᠳᠤᠰᠤᠳᠡᠨ ᠱᠠᠰᠢᠨ ᠰᠤᠷᠲᠠᠬᠤᠨ ᠤ ᠬᠡᠷᠡᠭ ᠡᠷᠬᠢᠯᠡᠬᠦ ᠲᠤᠪᠴᠢᠶ᠎ᠠ᠂ ᠭᠠᠯᠠᠭᠤᠲᠤ ᠪᠠᠯᠭᠠᠰᠤᠨ ᠤ | ᠬᠠᠮᠢᠶ᠎ᠠ ᠪᠦᠬᠦᠢ ᠬᠠᠷᠢᠭᠤᠴᠠᠯᠭᠠᠲᠠᠨ᠂ ᠨᠠᠨᠳᠢᠨ ᠨᠡᠶᠢᠬᠡᠮ ᠲᠤᠭᠤᠷᠢᠭ ᠤᠨ ᠬᠡᠰᠡᠭ ᠰᠠᠭᠤᠭᠠᠯᠢ ᠠᠷᠠᠳ ᠠᠵᠢᠯᠯᠠᠭᠠᠨ | ᠳᠤ ᠤᠷᠤᠯᠴᠠᠪᠠ᠃ | ᠠᠯᠳᠠᠨᠲᠤᠶᠠᠭᠠ ᠶᠠᠷᠢᠶᠠᠨ ᠳᠤ ᠪᠠᠨ ᠢᠯᠡᠷᠬᠡᠶᠢᠯᠡᠬᠦ ᠳᠡᠭᠡᠨ᠂ ︽ᠡᠯᠢᠭᠡᠰᠡᠭ ᠲᠤᠳᠤᠨᠤᠰᠤᠭ ᠳᠤᠮᠳᠠᠳᠤ ᠶᠢᠨ | ᠦᠨᠳᠤᠰᠤᠳᠠᠨ︾ ᠰᠡᠳᠤᠪᠲᠣ ᠰᠤᠶᠤᠯ ᠢ ᠬᠦᠳᠡᠭᠡ ᠪᠠᠭᠤᠯᠭᠠᠵᠤ ᠨᠤᠮ ᠬᠦᠷᠭᠡᠬᠦ ᠠᠵᠢᠯᠯᠠᠭ᠎ᠠ ᠨᠢ ᠤᠯᠤᠰ ᠤᠨ | ᠦᠨᠳᠤᠰᠤᠳᠡᠨ ᠤ ᠬᠡᠷᠡᠭ ᠡᠷᠬᠢᠯᠡᠬᠦ ᠵᠦᠪᠯᠡᠯ ᠦᠨᠳᠤᠰᠤᠨ ᠱᠠᠲᠤᠨ ᠳᠤ ᠦᠢᠯᠡᠴᠢᠯᠡᠬᠦ᠂ ᠠᠷᠠᠳ ᠲᠦᠮᠡᠨ ᠳᠤ | ᠦᠢᠯᠡᠴᠢᠯᠡᠬᠦ ᠲᠦᠪ ᠤᠨ ᠱᠠᠭᠠᠷᠳᠠᠯᠭ᠎ᠠ ᠶᠤᠰᠤᠭᠠᠷ᠂ ᠠᠯᠤᠰ ᠬᠢᠵᠠᠭᠠᠷ ᠤᠨ ᠦᠨᠳᠤᠰᠤᠳᠡᠨ ᠤ ᠤᠷᠤᠨ ᠤ | ᠦᠨᠳᠤᠰᠤᠨ ᠱᠠᠲᠤᠨ ᠤ ᠠᠷᠠᠳ ᠲᠦᠮᠡᠨ ᠳᠤ ᠴᠢᠭᠯᠡᠭᠦᠯᠦᠭᠰᠡᠨ ᠨᠢᠭᠡ ᠲᠦᠷᠦᠯ ᠤᠨ ᠠᠵᠢᠯᠯᠠᠭ᠎ᠠ ᠪᠤᠯᠤᠨ᠎ᠠ᠃ ᠲᠤᠰ | ᠠᠵᠢᠯᠯᠠᠭ᠎ᠠ ᠶᠢ ᠦᠤᠰᠢᠨ ᠬᠤᠰᠢᠭᠤᠨ ᠳᠤ ᠦᠷᠨᠢᠭᠦᠯᠦᠭᠰᠡᠨ ᠨᠢ ᠡᠷᠡᠭᠦᠯ ᠡᠩᠬᠡ ᠪᠠ ᠬᠡᠤᠬᠡᠳ ᠲᠤ ᠨᠤᠮ ᠤᠩᠰᠢᠬᠤ | ᠶᠢᠨ ᠬᠠᠪᠤ ᠴᠡᠩᠭᠡᠯ ᠢ ᠠᠪᠴᠢᠷᠠᠵᠤ᠂ ᠨᠡᠩ ᠴᠦ ᠨᠠᠮ ᠪᠣᠯᠤᠨ ᠤᠯᠤᠰ ᠠᠴᠠ ᠠᠯᠤᠰ ᠬᠢᠵᠠᠭᠠᠷ ᠤᠨ ᠤᠷᠤᠨ ᠤ ᠡᠯ᠎ᠡ | ᠦᠨᠳᠤᠰᠤᠳᠡᠨ ᠤ ᠠᠷᠠᠳ ᠲᠦᠮᠡᠨ ᠤ ᠪᠡᠶ᠎ᠡ ᠰᠡᠳᠬᠢᠴᠡ ᠶᠢᠨ ᠡᠷᠡᠬᠦᠯ ᠮᠡᠨᠳᠣ ᠶᠢ ᠬᠠᠯᠠᠮᠵᠢᠯᠠᠨ᠂ ᠦᠨᠳᠤᠰᠤᠳᠠᠨ ᠤ | ᠤᠷᠤᠨ ᠤ ᠬᠡᠤᠬᠡᠳ ᠤᠨ ᠦᠰᠦᠨ ᠪᠤᠶᠢᠵᠢᠯᠲᠠ ᠶᠢ ᠬᠠᠯᠠᠮᠵᠢᠯᠠᠵᠤ᠂ ᠡᠯ᠎ᠡ ᠦᠨᠳᠤᠰᠤᠳᠡᠨ ᠪᠦᠯᠭᠦᠮᠳᠡᠨ ᠳᠠᠪᠰᠢᠵᠤ | ᠬᠠᠮᠲᠤᠪᠡᠷ ᠬᠦᠴᠤᠷᠬᠡᠭᠵᠢᠬᠦ ᠶᠢ ᠲᠦᠯᠬᠢᠨ ᠠᠬᠢᠭᠤᠯᠬᠤ ᠴᠢᠬᠤᠯᠠ ᠠᠷᠭ᠎ᠠ ᠪᠠᠷᠢᠯ ᠪᠠᠶᠢᠵᠤ᠂ ᠦᠤᠰᠢᠨ ᠤ ᠡᠯ᠎ᠡ | ᠦᠨᠳᠦᠰᠦᠳᠡᠨ ᠤ ᠬᠦᠪᠡᠭᠦᠳ ᠦᠬᠢᠳ ᠪᠠᠰᠠ ᠨᠢᠭᠡ ᠤᠳᠠᠭ᠎ᠠ ᠡᠬᠡ ᠤᠯᠤᠰ ᠤᠨ ᠶᠡᠭᠡ ᠭᠡᠷ ᠪᠦᠯᠢ ᠶᠢᠨ ᠬᠠᠯᠠᠭᠤᠨ | ᠳᠤᠯᠠᠭᠠᠨ ᠬᠠᠶᠢᠷ᠎ᠠ ᠬᠠᠯᠠᠮᠵᠢ ᠶᠢ ᠮᠡᠳᠡᠷᠡᠵᠤ᠂ ᠠᠵᠢᠯᠯᠠᠭ᠎ᠠ ᠨᠢ ᠴᠦᠭᠡᠨ ᠲᠤᠭᠠᠲᠤ ᠦᠨᠲᠤᠰᠤᠳᠡᠨ ᠤ ᠠᠷᠠᠳ | ᠲᠦᠮᠡᠨ ᠤ ᠰᠤᠶᠤᠯ ᠤᠨ ᠠᠮᠢᠳᠤᠷᠠᠯ ᠢ ᠴᠤᠪᠤᠭᠤᠯᠢᠭᠵᠢᠭᠤᠯᠤᠨ᠂ ᠡᠯ᠎ᠡ ᠦᠨᠳᠤᠰᠤᠳᠡᠨ ᠤ ᠬᠤᠭᠤᠷᠤᠨᠳᠤᠬᠢ | ᠶᠠᠪᠤᠯᠴᠠᠭ᠎ᠠ ᠰᠤᠯᠢᠯᠴᠠᠭ᠎ᠠ ᠶᠢ ᠴᠢᠩᠭᠠᠳᠬᠠᠵᠤ᠂ ᠡᠯ᠎ᠡ ᠦᠨᠲᠤᠰᠤᠳᠡᠨ ᠤ ᠰᠤᠶᠤᠯ ᠤᠨ ᠵᠦᠪᠰᠢᠶᠡᠷᠡᠯ ᠪᠠ | ᠤᠶᠢᠯᠠᠭᠠᠯᠲᠠ ᠶᠢ ᠵᠤᠵᠠᠭᠠᠳᠬᠠᠵᠤ᠂ ᠡᠯ᠎ᠡ ᠦᠨᠲᠤᠰᠤᠳᠡᠨ ᠤ ᠬᠠᠮᠲᠤᠪᠡᠷ ᠪᠦᠯᠬᠦᠮᠳᠡᠨ ᠲᠡᠮᠡᠴᠡᠨ᠂ ᠬᠠᠮᠲᠤᠪᠡᠷ | ᠴᠡᠴᠡᠭᠯᠡᠨ ᠬᠦᠭᠵᠢᠬᠦ ᠶᠢ ᠠᠬᠢᠭᠤᠯᠬᠤ ᠳᠤ ᠲᠦᠢᠯ ᠤᠨ ᠴᠢᠬᠤᠯᠠ ᠠᠴᠢ ᠬᠤᠯᠪᠤᠭᠳᠠᠯ ᠲᠠᠢ ᠶᠤᠮ ᠭᠡᠪᠡ᠃ | ᠤᠶᠢᠯᠠᠭᠠᠭᠰᠠᠨ ᠢᠶᠠᠷ᠂ ᠲᠤᠰ ᠠᠵᠢᠯᠯᠠᠭ᠎ᠠ ᠨᠢ ᠪᠦᠬᠦ ᠠᠷᠠᠳ ᠢᠶᠠᠷ ᠢᠶᠠᠨ ᠨᠤᠮ ᠤᠩᠰᠢᠬᠤ ᠤᠷᠴᠢᠨ ᠢ | ᠪᠦᠷᠢᠯᠳᠤᠭᠦᠯᠭᠦ ᠪᠠᠷ ᠵᠤᠷᠢᠯᠭ᠎ᠠ ᠪᠠᠨ ᠪᠤᠯᠭᠠᠵᠤ᠂ ᠦᠷᠭᠡᠨ ᠤᠯᠠᠨ ᠺᠠᠳ᠋ᠷ ᠤᠯᠠᠨ ᠲᠦᠮᠡᠨ᠂ ᠬᠡᠤᠬᠡᠳ ᠪᠠᠭᠠᠴᠤᠳ ᠢ | ᠨᠤᠮ ᠤᠩᠰᠢᠬᠤ ᠲᠤᠷᠠᠲᠠᠢ᠂ ᠨᠤᠮ ᠤᠯᠠᠨ ᠤᠩᠰᠢᠬᠤ᠂ ᠰᠠᠶᠢᠨ ᠨᠤᠮ ᠤᠩᠰᠢᠬᠤ ᠶᠢ ᠤᠳᠤᠷᠢᠳᠴᠤ᠂ | ᠰᠤᠷᠤᠯᠴᠠᠯᠭ᠎ᠠ ᠶᠢᠨ ᠳᠤᠮᠳᠠ ᠪᠠᠨ ᠤᠶᠤᠨ ᠤᠬᠠᠭᠠᠨ ᠢᠶᠠᠨ ᠨᠡᠮᠡᠭᠳᠡᠬᠦᠯᠦᠨ᠂ ᠰᠡᠳᠬᠢᠭᠦᠢ ᠪᠠᠨ ᠦᠷᠭᠡᠳᠬᠡᠵᠤ᠂ ᠡᠶ᠎ᠡ | ᠵᠤᠬᠢᠴᠠᠯ ᠢ ᠬᠠᠮᠲᠤᠪᠡᠷ ᠪᠠᠶᠢᠭᠤᠯᠵᠤ᠂ ᠪᠦᠬᠦ ᠠᠷᠠᠳ ᠤᠨ ᠬᠡᠪ ᠴᠢᠨᠡᠷ ᠢ ᠮᠡᠳᠡᠯᠭᠡ ᠶᠢᠨ ᠨᠡᠮᠡᠭᠳᠡᠯ ᠤᠨ ᠳᠤᠮᠳᠠ | ᠳᠡᠭᠡᠭᠰᠢᠯᠡᠭᠦᠯᠦᠨ᠂ ᠨᠤᠮ ᠤᠨ ᠪᠤᠶᠠᠨᠲᠤ ᠦᠤᠰᠢᠨ ᠤ ᠪᠦᠲᠦᠭᠡᠨ ᠪᠠᠶᠢᠭᠤᠯᠤᠯᠲᠠ ᠳᠤ ᠬᠦᠴᠦ ᠨᠡᠮᠡᠷᠢᠯᠡᠭᠰᠡᠨ ᠪᠠᠶᠢᠨ᠎ᠠ | ᠃ | | | | | |