ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠴᠢᠶᠣᠣ ᠶᠦᠨ ᠯᠢ ᠬᠤᠰᠢᠭᠤ ᠳᠠᠷᠤᠭ᠎ᠠ ᠶᠢᠨ ᠠᠯᠪᠠᠯᠠᠬᠤ ᠬᠤᠷᠠᠯ ᠢ ᠡᠷᠬᠢᠯᠡᠨ ᠬᠤᠷᠠᠯᠳᠤᠭᠤᠯᠵᠤ ᠭᠠᠵᠠᠷ ᠰᠢᠷᠦᠢ ᠶᠢᠨ ᠬᠢᠨᠠᠨ ᠪᠠᠶᠢᠴᠠᠭᠠᠯᠲᠠ ᠶᠢᠨ ᠥᠪᠡᠷ ᠢ ᠪᠠᠨ ᠪᠠᠶᠢᠴᠠᠭᠠᠵᠤ ᠬᠠᠯᠠᠨ ᠰᠠᠶᠢᠵᠢᠷᠠᠭᠤᠯᠬᠤ ᠠᠵᠢᠯ ᠳᠤ ᠲᠤᠰᠬᠠᠢ ᠰᠡᠳᠦᠪᠲᠦ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2018-05-28
     ᠤᠶᠢᠷ᠎ᠠ ᠳᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠴᠢᠶᠣᠣ ᠶᠦᠨ ᠯᠢ ᠬᠤᠰᠢᠭᠤ ᠳᠠᠷᠤᠭ᠎ᠠ ᠶᠢᠨ ᠠᠯᠪᠠᠯᠠᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠭᠠᠵᠠᠷ ᠰᠢᠷᠦᠢ ᠶᠢᠨ ᠬᠢᠨᠠᠨ ᠪᠠᠶᠢᠴᠠᠭᠠᠯᠲᠠ ᠶᠢᠨ ᠥᠪᠡᠷ ᠢ ᠪᠠᠨ ᠪᠠᠶᠢᠴᠠᠭᠠᠵᠤ ᠬᠠᠯᠠᠨ ᠰᠠᠶᠢᠵᠢᠷᠠᠭᠤᠯᠬᠤ ᠠᠵᠢᠯ ᠳᠤ ᠲᠤᠰᠬᠠᠢ ᠰᠡᠳᠦᠪᠲᠦ ᠰᠤᠳᠤᠯᠤᠯᠲᠠ ᠬᠢᠭᠰᠡᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠬᠤᠰᠢᠭᠤ ᠳᠡᠳ᠋ ᠳᠠᠷᠤᠭ᠎ᠠ ᠴᠢᠶᠣᠣ ᠠᠢ ᠫᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠬᠤᠰᠢᠭᠤ ᠳᠡᠳ᠋ ᠳᠠᠷᠤᠭ᠎ᠠ ᠵᠠᠩ ᡁᠢ ᠰᠢᠦ᠋ᠩ᠂ ᠬᠤᠰᠢᠭᠤ ᠳᠡᠳ᠋ ᠳᠠᠷᠤᠭ᠎ᠠ ᠵᠧᠦ ᠱᠤᠸᠠᠢ᠂ ᠪᠠᠶᠠᠨᠴᠡᠩᠭᠡᠯ᠂ ᠪᠠᠶᠠᠨᠴᠢᠮᠡᠭ᠂ ᠬᠤᠰᠢᠭᠤ ᠵᠠᠰᠠᠭ ᠤᠨ ᠣᠷᠳᠣᠨ ᠤ ᠠᠯᠪᠠᠨ ᠭᠡᠷ᠂ ᠬᠠᠤᠯᠢ ᠲᠦᠷᠢᠮ ᠤᠨ ᠠᠯᠪᠠᠨ ᠭᠡᠷ᠂ ᠡᠯ᠎ᠡ ᠰᠣᠮᠣ ᠪᠠᠯᠭᠠᠰᠣ᠂ ᠬᠤᠰᠢᠭᠤ ᠮᠠᠯ ᠲᠠᠷᠢᠶᠠᠯᠠᠩ ᠠᠵᠤ ᠠᠬᠤᠢ ᠶᠢᠨ ᠲᠣᠪᠴᠢᠶ᠎ᠠ᠂ ᠣᠢ ᠰᠢᠭᠤᠢ ᠶᠢᠨ ᠲᠣᠪᠴᠢᠶ᠎ᠠ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠬᠤᠰᠢᠭᠤ ᠣᠯᠣᠰ ᠤᠨ ᠭᠠᠵᠠᠷ ᠰᠢᠷᠤᠢ ᠡᠬᠢ ᠪᠠᠶᠠᠯᠢᠭ ᠤᠨ ᠬᠠᠮᠢᠶᠠᠷᠣᠯᠲᠠ ᠶᠢᠨ ᠲᠣᠪᠴᠢᠶᠠᠨ ᠤ ᠬᠠᠷᠢᠭᠤᠴᠠᠯᠭᠠᠲᠠᠨ ᠤ ᠭᠠᠵᠠᠷ ᠰᠢᠷᠣᠢ ᠶᠢᠨ ᠬᠢᠨᠠᠨ ᠪᠠᠶᠢᠴᠠᠭᠠᠯᠲᠠ ᠶᠢᠨ ᠥᠪᠡᠷ ᠢ ᠪᠠᠨ ᠪᠠᠶᠢᠴᠠᠭᠠᠵᠤ ᠬᠠᠯᠠᠨ ᠰᠠᠶᠢᠵᠢᠷᠠᠭᠤᠯᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠣ᠂ ︽ᠭᠠᠵᠠᠷ ᠰᠢᠷᠣᠢ ᠶᠢᠨ ᠬᠢᠨᠠᠨ ᠪᠠᠶᠢᠴᠠᠭᠠᠯᠲᠠ ᠶᠢᠨ ᠥᠪᠡᠷ ᠢ ᠪᠠᠨ ᠪᠠᠶᠢᠴᠠᠭᠠᠵᠤ ᠬᠠᠯᠠᠨ ᠰᠠᠶᠢᠵᠢᠷᠠᠭᠤᠯᠬᠤ ᠠᠵᠢᠯ ᠢ ᠰᠠᠶᠢᠳᠤᠷ ᠬᠢᠵᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠢᠨᠠᠨ ᠵᠥᠪᠰᠢᠶᠡᠷᠡᠭᠦᠯᠬᠦ ᠠᠵᠢᠯ ᠢ ᠲᠥᠷᠭᠡᠨ ᠠᠬᠢᠭᠤᠯᠬᠤ ᠲᠤᠬᠠᠢ ᠮᠡᠳᠡᠭᠳᠡᠯ︾ ᠢ ᠬᠢᠨᠠᠨ ᠪᠠᠲᠤᠯᠠᠪᠠ᠃      ᠴᠢᠶᠣᠣ ᠶᠦᠨ ᠯᠢ ᠴᠢᠬᠤᠯᠠᠴᠢᠯᠠᠬᠤ ᠳᠠᠭᠠᠨ᠂ ᠣᠳᠣᠬᠠᠨ ᠤ ᠬᠠᠯᠠᠨ ᠰᠠᠶᠢᠵᠢᠷᠠᠭᠤᠯᠤᠯᠲᠠ ᠶᠢᠨ ᠠᠵᠢᠯ  ᠡᠭᠦᠷᠭᠡ ᠬᠦᠨᠳᠦ᠂ ᠴᠠᠭ ᠪᠠᠴᠢᠮ᠂ ᠬᠦᠴᠢᠷᠳᠡᠯ ᠶᠡᠭᠡ ᠪᠠᠶᠢᠭ᠎ᠠ ᠤᠴᠢᠷ ᠠᠴᠠ ᠡᠯ᠎ᠡ ᠭᠠᠵᠠᠷ ᠣᠷᠣᠨ ᠡᠯ᠎ᠡ ᠰᠠᠯᠠᠭ᠎ᠠ ᠮᠦᠴᠢᠷ ᠤᠨ ᠬᠢᠨ ᠣᠯᠠᠮ ᠨᠢᠭᠡ ᠠᠯᠬᠤᠮ ᠴᠢᠬᠤᠯᠠᠴᠢᠯᠠᠨ ᠦᠵᠡᠵᠦ᠂ ᠤᠳᠤᠷᠢᠳᠬᠤ ᠪᠠᠭ᠎ᠠ ᠳᠤᠭᠤᠶᠢᠯᠠᠩ ᠢ ᠪᠠᠶᠢᠭᠤᠯᠤᠨ᠂ ᠤᠬᠠᠮᠰᠠᠷ ᠠᠴᠠ ᠪᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠯᠠᠨ ᠰᠠᠶᠢᠵᠢᠷᠠᠭᠤᠯᠬᠤ ᠠᠵᠢᠯ ᠢ ᠢᠳᠡᠪᠬᠢᠲᠡᠢ ᠲᠦᠯᠬᠢᠨ ᠠᠬᠢᠭᠤᠯᠬᠤ ᠬᠡᠷᠡᠭᠲᠡᠢ᠃ ᠡᠯ᠎ᠡ ᠬᠠᠷᠢᠭᠤᠴᠠᠵᠤ ᠪᠠᠶᠢᠭ᠎ᠠ ᠣᠳᠣᠷᠢᠳᠣᠯᠭ᠎ᠠ ᠨᠠᠷ ᠡᠳᠦᠷ ᠲᠤᠲᠤᠮ ᠤᠨ ᠠᠵᠢᠯ ᠤᠨ ᠲᠣᠬᠢᠷᠠᠭᠤᠯᠣᠯᠲᠠ ᠪᠠᠨ ᠴᠢᠩᠭᠠᠳᠬᠠᠵᠤ᠂ ᠲᠣᠭᠲᠠᠭᠰᠠᠨ ᠴᠠᠭ ᠲᠤ ᠬᠠᠯᠠᠨ ᠰᠠᠶᠢᠵᠢᠷᠠᠭᠤᠯᠬᠤ ᠠᠵᠢᠯ ᠢᠶᠠᠨ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠰᠠᠬᠢᠯᠭ᠎ᠠ ᠪᠠᠲᠤ ᠶᠢ ᠴᠢᠩᠭ᠎ᠠ ᠰᠠᠬᠢᠨ ᠬᠠᠤᠯᠢ ᠳᠦᠷᠢᠮ ᠶᠣᠰᠣᠭᠠᠷ ᠬᠠᠯᠠᠨ ᠰᠠᠶᠢᠵᠢᠷᠠᠭᠤᠯᠬᠤ ᠠᠵᠢᠯ ᠢ ᠠᠯᠬᠤᠮ ᠳᠠᠷᠠᠭ᠎ᠠ ᠲᠠᠢ ᠲᠦᠯᠬᠢᠨ ᠠᠬᠢᠭᠤᠯᠵᠤ᠂ ᠠᠵᠢᠯ ᠤᠨ ᠠᠬᠢᠴᠠ ᠤᠳᠠᠭᠠᠨ ᠠᠰᠠᠭᠤᠳᠠᠯ ᠳᠤ ᠬᠢᠨᠠᠨ ᠱᠠᠭᠠᠷᠳᠠᠯᠲᠠ ᠬᠢᠬᠦ ᠬᠡᠷᠡᠭᠲᠡᠢ ᠭᠡᠪᠡ᠃ ᠵᠠᠯᠭᠠᠭᠠᠳ ᠪᠠᠰᠠ ᠬᠤᠯᠪᠣᠭᠳᠠᠯ ᠪᠦᠬᠦᠢ ᠠᠰᠠᠭᠤᠳᠠᠯ ᠢ ᠰᠤᠳᠤᠯᠤᠨ ᠶᠠᠷᠢᠯᠴᠠᠪᠠ᠃    
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号