ᠣᠶᠢᠷ᠎ᠠ ᠶᠢᠨ ᠡᠳᠦᠷ᠂ ᠬᠤᠲᠠ ᠶᠢᠨ ᠭᠠᠴᠠᠭ᠎ᠠ ᠲᠣᠰᠬᠤᠨ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ | ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠪᠣᠯᠣᠨ ᠶᠠᠳᠠᠭᠤ ᠠᠴᠠ ᠠᠩᠭᠢᠵᠢᠷᠠᠭᠤᠯᠤᠨ ᠪᠣᠭᠤᠮᠲᠠ | ᠰᠢᠪᠲᠤᠯᠬᠤ ᠠᠵᠢᠯ ᠢ ᠱᠠᠭᠠᠷᠳᠠᠨ ᠪᠠᠶᠢᠴᠠᠭᠠᠵᠤ ᠲᠦᠯᠬᠢᠨ ᠠᠬᠢᠭᠤᠯᠬᠤ ᠲᠠᠪᠤᠳᠤᠭᠠᠷ ᠳᠤᠭᠤᠶᠢᠯᠠᠩ ᠤᠨ ᠳᠠᠷᠤᠭ᠎ᠠ᠂ | ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ | ᠶᠠᠩ ᠮᠢᠩ ᠨᠠᠷ ᠮᠠᠨ ᠤ ᠬᠤᠰᠢᠭᠤᠨ ᠤ ᠲᠤᠭ ᠪᠠᠯᠭᠠᠰᠤ᠂ ᠰᠦᠯᠳᠡ ᠰᠤᠮᠤ᠂ ᠰᠢᠷᠬᠤᠰᠤᠨ ᠪᠠᠯᠭᠠᠰᠤ ᠵᠡᠷᠭᠡ ᠭᠠᠵᠠᠷ | ᠲᠤ ᠬᠦᠷᠴᠦ ᠭᠠᠴᠠᠭ᠎ᠠ ᠲᠣᠰᠬᠤᠨ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ | ᠰᠣᠩᠭᠤᠭᠤᠯᠢ ᠶᠢᠨ ᠠᠵᠢᠯ ᠪᠣᠯᠣᠨ ᠣᠨᠣᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠤᠨ ᠪᠣᠭᠤᠮᠲᠠ ᠰᠢᠪᠲᠤᠯᠬᠤ | ᠠᠵᠢᠯ ᠢ ᠱᠠᠭᠠᠷᠳᠠᠨ ᠪᠠᠶᠢᠴᠠᠭᠠᠵᠤ ᠵᠢᠭᠠᠨ ᠵᠢᠯᠣᠭᠤᠳᠤᠯᠭ᠎ᠠ ᠬᠢᠭᠰᠡᠨ ᠤ ᠬᠠᠮᠲᠤ ᠠᠵᠢᠯ ᠤᠨ ᠬᠠᠷᠢᠭᠤ | ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠶᠠᠩ ᠮᠢᠩ᠂ ᠬᠤᠰᠢᠭᠤ ᠨᠠᠮ ᠤᠨ ᠬᠤᠷᠢᠶᠠᠨ ᠤ ᠳᠡᠳ᠋ | ᠱᠦᠵᠢ ᠬᠤᠰᠢᠭᠤ ᠳᠠᠷᠤᠭ᠎ᠠ ᠴᠢᠶᠣᠣ ᠶᠦᠨ ᠯᠢ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠤᠯᠤᠰ | ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠰᠤᠷᠭᠠᠯᠲᠤ ᠵᠢᠴᠢ ᠬᠤᠰᠢᠭᠤ ᠨᠠᠮ ᠤᠨ ᠬᠤᠷᠢᠶᠠᠨ ᠤ ᠠᠯᠪᠠᠨ | ᠭᠡᠷ᠂ ᠵᠠᠰᠠᠭ ᠤᠨ ᠣᠷᠳᠣᠨ ᠤ ᠠᠯᠪᠠᠨ ᠭᠡᠷ᠂ ᠵᠣᠬᠢᠶᠠᠨ ᠪᠠᠶᠢᠭᠤᠯᠬᠤ ᠬᠡᠯᠲᠡᠰ ᠵᠡᠷᠭᠡ ᠰᠠᠯᠠᠭ᠎ᠠ ᠮᠥᠴᠢᠷ ᠪᠣᠯᠣᠨ ᠡᠯ᠎ᠡ | ᠰᠤᠮᠤ ᠪᠠᠯᠭᠠᠰᠤᠨ ᠤ ᠭᠤᠣᠯ ᠪᠣᠯᠬᠤ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ ᠴᠢᠶᠣᠣ ᠶᠦᠨ ᠯᠢ ᠱᠠᠭᠠᠷᠳᠠᠨ ᠪᠠᠶᠢᠴᠠᠭᠠᠬᠤ ᠳᠤᠭᠤᠶᠢᠯᠠᠩ ᠤᠨ ᠬᠢᠨ ᠳᠤ ᠮᠠᠨ ᠤ | ᠬᠤᠰᠢᠭᠤᠨ ᠤ ᠭᠠᠴᠠᠭ᠎ᠠ ᠲᠣᠰᠬᠤᠨ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ | ᠰᠣᠩᠭᠤᠭᠤᠯᠢ ᠶᠢᠨ ᠠᠵᠢᠯ ᠪᠣᠯᠣᠨ ᠣᠨᠣᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠠᠵᠢᠯ ᠤᠨ ᠪᠠᠶᠢᠳᠠᠯ ᠳᠤ | ᠬᠠᠷᠢᠭᠤ ᠮᠡᠳᠡᠭᠦᠯᠦᠯᠲᠡ ᠬᠢᠪᠡ᠃ ᠱᠠᠭᠠᠷᠳᠠᠨ ᠪᠠᠶᠢᠴᠠᠭᠠᠬᠤ ᠳᠤᠭᠤᠶᠢᠯᠠᠩ ᠤᠨ ᠬᠢᠨ ᠮᠠᠨ ᠤ ᠬᠤᠰᠢᠭᠤᠨ ᠤ ᠡᠯ᠎ᠡ | ᠲᠥᠷᠥᠯ ᠤᠨ ᠠᠵᠢᠯ ᠳᠤ ᠭᠦᠢᠴᠡᠳ ᠨᠤᠲᠠᠯᠠᠯᠲᠠ ᠥᠭᠭᠦᠭᠰᠡᠨ ᠤ ᠬᠠᠮᠲᠤ ᠵᠢᠭᠠᠬᠤ ᠳᠠᠭᠠᠨ᠂ ᠦᠦᠰᠢᠨ ᠬᠤᠰᠢᠭᠤ | ᠨᠢ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠭᠠᠴᠠᠭ᠎ᠠ ᠲᠣᠰᠬᠤᠨ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ | ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠡᠮᠦᠨ᠎ᠡ ᠬᠤᠭᠤᠴᠠᠭᠠᠨ ᠤ ᠪᠡᠯᠡᠳᠬᠡᠯ ᠠᠵᠢᠯ ᠢ ᠨᠠᠷᠢᠯᠢᠭ | ᠪᠠᠶᠢᠷᠢᠯᠠᠭᠤᠯᠤᠨ ᠲᠦᠯᠬᠢᠨ ᠠᠬᠢᠭᠤᠯᠵᠤ᠂ ᠣᠨᠣᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠤᠨ ᠪᠣᠭᠤᠮᠲᠠ | ᠰᠢᠪᠲᠤᠯᠬᠤ ᠠᠵᠢᠯ ᠤᠨ ᠲᠠᠯ᠎ᠠ ᠪᠠᠷ ᠢᠯᠡᠷᠬᠡᠢ ᠦᠷ᠎ᠡ ᠪᠦᠲᠦᠮᠵᠢ ᠣᠯᠣᠭᠰᠠᠨ ᠪᠠᠶᠢᠨ᠎ᠠ ᠭᠡᠪᠡ᠃ ᠱᠠᠭᠠᠷᠳᠠᠨ | ᠪᠠᠶᠢᠴᠠᠭᠠᠬᠤ ᠳᠤᠭᠤᠶᠢᠯᠠᠩ ᠤᠨ ᠬᠢᠨ ᠪᠠᠰᠠ ᠱᠠᠭᠠᠷᠳᠠᠨ ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠢ ᠵᠢᠭᠠᠨ | ᠭᠠᠷᠭᠠᠵᠤ᠂ ᠴᠠᠭ ᠲᠤᠬᠠᠢ ᠳᠤ ᠨᠢ ᠬᠠᠯᠠᠨ ᠰᠠᠶᠢᠵᠢᠷᠠᠭᠤᠯᠵᠤ᠂ ᠡᠯ᠎ᠡ ᠲᠥᠷᠥᠯ ᠤᠨ ᠠᠵᠢᠯ ᠤᠨ ᠪᠠᠷᠢᠮᠵᠢᠶ᠎ᠠ ᠶᠣᠰᠣᠭᠠᠷ | ᠨᠠᠶᠢᠲᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠪᠡ᠃ | ᠭᠠᠴᠠᠭ᠎ᠠ ᠲᠣᠰᠬᠤᠨ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ | ᠰᠣᠩᠭᠤᠭᠤᠯᠢ ᠶᠢᠨ ᠠᠵᠢᠯ ᠤᠨ ᠲᠠᠯ᠎ᠠ ᠪᠠᠷ ᠱᠠᠭᠠᠷᠳᠠᠨ ᠪᠠᠶᠢᠴᠠᠭᠠᠬᠤ ᠳᠤᠭᠤᠶᠢᠯᠠᠩ ᠤᠨ ᠬᠢᠨ ᠱᠠᠭᠠᠷᠳᠠᠬᠤ ᠳᠠᠭᠠᠨ᠂ | ᠣᠷᠣᠨ ᠬᠤᠲᠠ ᠶᠢᠨ ᠨᠠᠮ ᠤᠨ ᠬᠤᠷᠢᠶᠠᠨ ᠤ ᠭᠠᠴᠠᠭ᠎ᠠ ᠲᠣᠰᠬᠤᠨ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ | ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠭᠦᠨᠵᠡᠭᠡᠢ | ᠲᠤᠤᠱᠯᠠᠭᠤᠯᠤᠨ ᠤᠨᠤᠪᠴᠢᠲᠠᠢ ᠡᠵᠡᠮᠰᠢᠵᠦ᠂ ᠠᠯᠬᠤᠮ ᠳᠠᠷᠠᠭ᠎ᠠ ᠶᠣᠰᠣᠭᠠᠷ᠂ ᠠᠵᠢᠯ ᠤᠨ ᠶᠠᠪᠤᠴᠠ ᠶᠢ | ᠨᠠᠷᠢᠯᠢᠭᠵᠢᠭᠤᠯᠤᠨ᠂ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠤᠷᠤᠭᠰᠢᠲᠠᠢ ᠶᠠᠪᠤᠭᠳᠠᠬᠤ ᠶᠢ | ᠪᠠᠲᠤᠯᠠᠬᠤ ᠬᠡᠷᠡᠭᠲᠡᠢ᠃ ᠬᠥᠮᠥᠨ ᠢ ᠰᠣᠩᠭᠤᠨ ᠬᠡᠷᠡᠭᠯᠡᠬᠦ ᠪᠣᠭᠤᠮᠲᠠ ᠶᠢ ᠴᠢᠩᠭ᠎ᠠ ᠠᠳᠬᠤᠵᠤ᠂ ᠤᠯᠤᠰ ᠲᠥᠷᠥ ᠶᠢᠨ | ᠬᠡᠪ ᠴᠢᠨᠠᠷ ᠢᠶᠠᠷ ᠦᠨᠳᠦᠷ᠂ ᠵᠣᠬᠢᠶᠠᠨ ᠪᠠᠶᠢᠭᠤᠯᠬᠤ ᠴᠢᠳᠠᠪᠤᠷᠢ ᠴᠢᠩᠭ᠎ᠠ ᠬᠥᠮᠥᠨ ᠢ ᠰᠣᠩᠭᠤᠨ ᠬᠡᠷᠡᠭᠯᠡᠬᠦ ᠬᠡᠷᠡᠭᠲᠡᠢ᠃ | ᠰᠠᠬᠢᠯᠭ᠎ᠠ ᠪᠠᠲᠤ ᠶᠢ ᠴᠢᠩᠭᠠᠳᠬᠠᠨ ᠤᠬᠠᠭᠤᠯᠭ᠎ᠠ ᠶᠢ ᠰᠠᠶᠢᠨ ᠬᠢᠵᠦ ᠠᠷᠢᠭᠤᠨ ᠴᠢᠬᠡᠴᠢ᠂ ᠲᠥᠪ ᠭᠤᠣᠯᠴᠢ | ᠰᠣᠩᠭᠤᠭᠤᠯᠢ ᠶᠢᠨ ᠣᠷᠴᠢᠨ ᠢ ᠪᠦᠷᠢᠯᠳᠦᠭᠦᠯᠦᠨ᠂ ᠦᠨᠳᠦᠷ ᠪᠠᠷᠢᠮᠵᠢᠶ᠎ᠠ᠂ ᠦᠨᠳᠦᠷ ᠴᠢᠨᠰᠠᠭ᠎ᠠ ᠪᠠᠷ ᠬᠤᠭᠤᠴᠠᠭ᠎ᠠ | ᠰᠣᠯᠢᠬᠤ ᠰᠣᠩᠭᠤᠭᠤᠯᠢ ᠶᠢᠨ ᠠᠵᠢᠯ ᠢ ᠪᠡᠶᠡᠯᠡᠭᠦᠯᠬᠦ ᠬᠡᠷᠡᠭᠲᠡᠢ ᠭᠡᠵᠡᠢ᠃ | ᠶᠠᠳᠠᠭᠤ ᠠᠴᠠ ᠠᠩᠭᠢᠵᠢᠷᠠᠭᠤᠯᠤᠨ ᠪᠣᠭᠤᠮᠲᠠ ᠰᠢᠪᠲᠤᠯᠬᠤ ᠠᠵᠢᠯ ᠤᠨ ᠲᠠᠯ᠎ᠠ ᠪᠠᠷ ᠱᠠᠭᠠᠷᠳᠠᠨ ᠪᠠᠶᠢᠴᠠᠭᠠᠬᠤ | ᠳᠤᠭᠤᠶᠢᠯᠠᠩ ᠤᠨ ᠬᠢᠨ ᠵᠢᠭᠠᠬᠤ ᠳᠠᠭᠠᠨ᠂ ᠣᠨᠣᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠤᠨ ᠪᠣᠭᠤᠮᠲᠠ | ᠰᠢᠪᠲᠤᠯᠬᠤ ᠠᠵᠢᠯ ᠤᠨ ᠢᠯᠠᠯᠲᠠ ᠶᠢ ᠣᠯᠬᠤ ᠪᠣᠯ ᠨᠠᠮ ᠤᠨ ᠲᠥᠪ ᠬᠤᠷᠢᠶᠠᠨ ᠠᠴᠠ ᠪᠦᠬᠦ ᠤᠯᠤᠰ ᠤᠨ ᠠᠷᠠᠳ | ᠲᠦᠮᠡᠨ ᠳᠤ ᠬᠢᠭᠰᠡᠨ ᠠᠮᠠᠯᠠᠯᠲᠠ ᠪᠣᠯᠣᠨ᠎ᠠ᠂ ᠲᠣᠭᠲᠠᠭᠰᠠᠨ ᠬᠤᠭᠤᠴᠠᠭᠠᠨ ᠳᠤ ᠪᠦᠬᠦ ᠲᠠᠯ᠎ᠠ ᠪᠠᠷ ᠴᠢᠨᠡᠭᠡᠯᠢᠭ | ᠨᠡᠶᠢᠭᠡᠮ ᠢ ᠪᠦᠲᠦᠭᠡᠨ ᠪᠠᠶᠢᠭᠤᠯᠬᠤ ᠶᠢᠨ ᠴᠢᠬᠤᠯᠠ ᠤᠯᠤᠰ ᠲᠥᠷᠥ ᠶᠢᠨ ᠡᠭᠦᠷᠭᠡ ᠪᠣᠯᠣᠨ᠎ᠠ᠃ ᠦᠦᠰᠢᠨ ᠬᠤᠰᠢᠭᠤᠨ | ᠤ ᠡᠯ᠎ᠡ ᠱᠠᠲᠤᠨ ᠤ ᠤᠳᠤᠷᠢᠳᠬᠤ ᠺᠠᠳ᠋ᠷ ᠤᠯᠤᠰ ᠲᠥᠷᠥ ᠶᠢᠨ ᠵᠣᠭᠰᠣᠯᠲᠠ ᠪᠣᠯᠣᠨ ᠠᠵᠢᠯ ᠤᠨ ᠬᠠᠷᠢᠭᠤᠴᠠᠯᠭᠠᠲᠤ | ᠰᠡᠳᠬᠢᠯᠭᠡ᠂ ᠪᠠᠴᠢᠮ ᠲᠤᠯᠭᠠᠮ᠎ᠠ ᠰᠡᠳᠬᠢᠯᠭᠡ᠂ ᠡᠭᠦᠷᠭᠡ ᠲᠤᠰᠢᠶᠠᠯᠲᠤ ᠰᠡᠳᠬᠢᠯᠭᠡ ᠪᠠᠨ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠠᠵᠢᠯ ᠢᠶᠠᠨ ᠨᠠᠷᠢᠯᠢᠭ ᠪᠣᠳᠠᠲᠠᠢ ᠠᠳᠬᠤᠵᠤ᠂ ᠣᠨᠣᠪᠴᠢᠲᠠᠢ ᠪᠠᠷ ᠶᠠᠳᠠᠭᠤ ᠠᠴᠠ | ᠠᠩᠭᠢᠵᠢᠷᠠᠭᠤᠯᠤᠨ ᠪᠣᠭᠤᠮᠲᠠ ᠰᠢᠪᠲᠤᠯᠬᠤ ᠠᠵᠢᠯ ᠤᠨ ᠢᠯᠠᠯᠲᠠ ᠶᠢ ᠣᠯᠬᠤ ᠬᠡᠷᠡᠭᠲᠡᠢ᠃ ᠠᠰᠠᠭᠤᠳᠠᠯ ᠤᠨ | ᠤᠳᠤᠷᠢᠳᠤᠮᠵᠢ ᠶᠢ ᠪᠠᠷᠢᠮᠲᠠᠯᠠᠨ᠂ ᠬᠠᠯᠠᠨ ᠰᠠᠶᠢᠵᠢᠷᠠᠭᠤᠯᠬᠤ ᠱᠠᠭᠠᠷᠳᠠᠯᠭ᠎ᠠ ᠪᠠ ᠬᠤᠭᠤᠴᠠᠭ᠎ᠠ ᠶᠣᠰᠣᠭᠠᠷ | ᠢᠯᠡᠷᠡᠭᠦᠯᠦᠭᠰᠡᠨ ᠠᠰᠠᠭᠤᠳᠠᠯ ᠢ ᠵᠠᠰᠠᠨ ᠴᠡᠭᠴᠡᠯᠡᠬᠦ ᠬᠡᠷᠡᠭᠲᠡᠢ᠃ ᠠᠵᠢᠯ ᠤᠨ ᠠᠷᠭ᠎ᠠ ᠪᠠᠷᠢᠯ ᠢ ᠤᠯᠠᠮ ᠨᠢᠭᠡ ᠠᠯᠬᠤᠮ | ᠨᠠᠷᠢᠯᠢᠭᠵᠢᠭᠤᠯᠵᠤ᠂ ᠨᠠᠷᠢᠯᠢᠭ ᠣᠨᠣᠪᠴᠢᠲᠠᠢ ᠪᠠᠶᠢᠬᠤ ᠳᠡᠭᠡᠷ᠎ᠡ ᠬᠦᠴᠦ ᠲᠠᠯᠪᠢᠨ᠂ ᠡᠯ᠎ᠡ ᠲᠥᠷᠥᠯ ᠤᠨ ᠬᠠᠪᠰᠤᠷᠤᠨ | ᠳᠡᠳᠬᠦᠬᠦ ᠠᠷᠭ᠎ᠠ ᠪᠠᠷᠢᠯ ᠢ ᠪᠣᠳᠠᠲᠠᠢ ᠭᠠᠵᠠᠷ ᠲᠤ ᠨᠢ ᠲᠤᠤᠱᠯᠠᠭᠤᠯᠬᠤ ᠶᠢ ᠪᠠᠲᠤᠯᠠᠵᠤ᠂ ᠭᠠᠴᠠᠭ᠎ᠠ ᠲᠣᠰᠬᠤᠨ ᠳᠤ | ᠰᠠᠭᠤᠵᠤ ᠬᠠᠪᠰᠤᠷᠤᠨ ᠲᠡᠳᠬᠦᠬᠦ ᠠᠵᠢᠯ ᠤᠨ ᠳᠤᠭᠤᠶᠢᠯᠠᠩ ᠤᠨ ᠲᠣᠮᠢᠯᠠᠵᠤ᠂ ᠲᠣᠭᠲᠠᠪᠤᠷᠢᠵᠢᠭᠤᠯᠤᠨ᠂ ᠰᠠᠶᠢᠨ | ᠬᠢᠬᠦ ᠶᠢ ᠪᠠᠲᠤᠯᠠᠵᠤ᠂ ᠬᠢᠨᠠᠨ ᠪᠠᠶᠢᠴᠠᠭᠠᠯᠲᠠ ᠪᠠᠨ ᠴᠢᠩᠭᠠᠳᠬᠠᠨ ᠬᠠᠷᠢᠭᠤᠴᠠᠯᠭ᠎ᠠ ᠨᠡᠬᠡᠮᠵᠢᠯᠡᠵᠦ᠂ ᠠᠵᠢᠯ ᠤᠨ ᠦᠷ᠎ᠡ | ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ ᠭᠡᠪᠡ᠃ | ᠴᠢᠶᠣᠣ ᠶᠦᠨ ᠯᠢ ᠢᠯᠡᠷᠬᠡᠶᠢᠯᠡᠬᠦ ᠳᠡᠭᠡᠨ᠂ ᠮᠠᠨ ᠤ ᠬᠤᠰᠢᠭᠤ ᠱᠠᠭᠠᠷᠳᠠᠨ ᠪᠠᠶᠢᠴᠠᠭᠠᠬᠤ ᠳᠤᠭᠤᠶᠢᠯᠠᠩ ᠤᠨ | ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠠᠵᠢᠯ ᠤᠨ ᠠᠯᠬᠤᠮ ᠳᠠᠷᠠᠭ᠎ᠠ ᠶᠣᠰᠣᠭᠠᠷ ᠨᠠᠷᠢᠯᠢᠭ | ᠵᠣᠬᠢᠶᠠᠨ ᠪᠠᠶᠢᠭᠤᠯᠤᠨ᠂ ᠭᠠᠴᠠᠭ᠎ᠠ ᠲᠣᠰᠬᠤᠨ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ | ᠰᠣᠯᠢᠬᠤ ᠰᠣᠩᠭᠤᠭᠤᠯᠢ ᠶᠢᠨ ᠠᠵᠢᠯ ᠢ ᠲᠡᠭᠦᠰ ᠠᠮᠵᠢᠯᠲᠠᠲᠠᠢ ᠪᠡᠶᠡᠯᠡᠬᠦᠯᠦᠨ᠎ᠡ᠃ ᠨᠠᠷᠢᠯᠢᠭ ᠣᠨᠣᠪᠴᠢᠲᠠᠢ | ᠶᠠᠳᠠᠭᠤ ᠠᠴᠠ ᠠᠩᠭᠢᠵᠢᠷᠠᠭᠤᠯᠤᠨ ᠪᠣᠭᠤᠮᠲᠠ ᠰᠢᠪᠲᠤᠯᠬᠤ ᠠᠵᠢᠯ ᠤᠨ ᠲᠠᠯ᠎ᠠ ᠪᠠᠷ᠂ ᠤᠯᠤᠰ ᠲᠥᠷᠥ ᠶᠢᠨ | ᠵᠣᠭᠰᠣᠯᠲᠠ ᠪᠠᠨ ᠳᠡᠭᠡᠭᠰᠢᠯᠡᠭᠦᠯᠦᠨ᠂ ᠶᠡᠭᠡ ᠲᠠᠯ᠎ᠠ ᠶᠢᠨ ᠤᠬᠠᠮᠰᠠᠷ ᠢ ᠨᠡᠮᠡᠭᠳᠡᠭᠦᠯᠵᠦ᠂ ᠦᠵᠡᠯ ᠰᠠᠨᠠᠭ᠎ᠠ | ᠲᠠᠨᠢᠯᠲᠠ ᠪᠠᠨ ᠭᠦᠨᠵᠡᠭᠡᠶᠢᠷᠡᠭᠦᠯᠦᠨ᠂ ᠠᠵᠢᠯ ᠤᠨ ᠠᠷᠭ᠎ᠠ ᠪᠠᠷᠢᠯ ᠢᠶᠠᠨ ᠨᠠᠷᠢᠯᠢᠭᠵᠢᠭᠤᠯᠵᠤ᠂ ᠱᠠᠭᠠᠷᠳᠠᠨ | ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠢ ᠵᠠᠰᠠᠨ ᠴᠡᠭᠴᠡᠯᠡᠬᠦ ᠠᠵᠢᠯ ᠢ ᠴᠢᠩᠭᠠᠳᠬᠠᠨ᠂ ᠬᠤᠲᠠ ᠶᠢᠨ | ᠨᠠᠮ ᠤᠨ ᠬᠤᠷᠢᠶ᠎ᠠ ᠵᠠᠰᠠᠭ ᠤᠨ ᠣᠷᠳᠣᠨ ᠳᠤ ᠨᠢᠭᠡᠨ ᠬᠠᠨᠤᠮᠵᠢᠲᠠᠢ ᠬᠠᠷᠢᠭᠤᠯᠲᠠ ᠥᠭᠬᠦᠨ᠎ᠡ ᠭᠡᠪᠡ᠃ |