5 ᠰᠠᠷ᠎ᠠ ᠶᠢᠨ 22 ᠤᠨ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ | ᠴᠢᠶᠤᠤ ᠶᠦᠨ ᠯᠢ ᠲᠤᠭ ᠪᠠᠯᠭᠠᠰᠤ᠂ ᠰᠦᠯᠳᠡ ᠰᠤᠮᠤᠨ ᠳᠤ ᠬᠦᠷᠴᠦ᠂ ᠨᠠᠷᠢᠯᠢᠭ ᠤᠨᠤᠪᠴᠢᠲᠠᠢ ᠪᠠᠷ ᠢᠯᠭᠠᠨ | ᠲᠠᠨᠢᠬᠤ᠂ ᠤᠨᠤᠪᠴᠢᠳᠠᠢ ᠪᠠᠷ ᠶᠠᠳᠠᠭᠤ ᠡᠷᠦᠬᠡ ᠠᠴᠠ ᠭᠠᠷᠭᠠᠬᠤ᠂ ᠶᠠᠳᠠᠭᠤ ᠶᠢ ᠳᠡᠳᠬᠦᠬᠦ ᠠᠷᠭ᠎ᠠ ᠪᠤᠲᠤᠯᠭ᠎ᠠ ᠶᠢᠨ | ᠳᠣᠣᠱᠯᠠᠭᠤᠯᠤᠯᠳᠠ ᠶᠢᠨ ᠪᠠᠶᠢᠳᠠᠯ ᠵᠢᠴᠢ ᠭᠠᠴᠠᠭ᠎ᠠ ᠲᠤᠰᠬᠤᠨ ᠨᠡᠶᠢᠬᠡᠮ ᠲᠤᠭᠤᠷᠢᠭ ᠤᠨ ᠬᠤᠭᠤᠴᠠᠭ᠎ᠠ ᠰᠤᠯᠢᠬᠤ | ᠰᠤᠩᠭᠤᠭᠤᠯᠢ ᠶᠢᠨ ᠠᠵᠢᠯ ᠪᠤᠯᠤᠨ ᠭᠠᠵᠠᠷ ᠰᠢᠷᠤᠢ ᠨᠤᠲᠤᠭ ᠪᠡᠯᠴᠢᠭᠡᠷ ᠤᠨ ᠡᠷᠭᠡ ᠶᠢᠨ ᠲᠤᠭᠲᠠᠭᠠᠯᠲᠠ ᠶᠢᠨ ᠠᠵᠢᠯ | ᠤᠨ ᠠᠬᠢᠴᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ᠃ ᠬᠤᠰᠢᠭᠤ ᠵᠠᠰᠠᠭ ᠤᠨ ᠤᠷᠳᠤᠨ ᠤ ᠠᠯᠪᠠᠨ | ᠭᠡᠷ᠂ ᠶᠠᠳᠠᠭᠤ ᠶᠢ ᠳᠡᠳᠬᠦᠨ ᠨᠡᠭᠡᠭᠡᠯᠲᠡ ᠬᠢᠬᠦ ᠶᠡᠷᠦᠩᠬᠡᠶᠢᠯᠡᠭᠰᠡᠨ ᠦᠢᠯᠡᠴᠢᠯᠡᠭᠡᠨ ᠤ ᠲᠦᠪ ᠵᠢᠴᠢ ᠰᠤᠮᠤ ᠪᠠᠯᠭᠠᠰᠤ | ᠶᠢᠨ ᠬᠠᠮᠢᠶ᠎ᠠ ᠪᠦᠬᠦᠢ ᠬᠠᠷᠢᠭᠤᠴᠠᠯᠭᠠᠲᠠᠳ ᠪᠠᠷᠠᠳᠠᠨ ᠪᠠᠶᠢᠴᠠᠭᠠᠪᠠ᠃ | ᠴᠢᠶᠤᠤ ᠶᠦᠨ ᠯᠢ ᠤᠷᠢᠳ ᠬᠤᠵᠢᠳ ᠲᠤᠭ ᠪᠠᠯᠭᠠᠰᠤᠨ ᠤ ᠲᠤᠪᠤᠭ ᠭᠠᠴᠠᠭ᠎ᠠ᠂ ᠰᠦᠯᠳᠡ ᠰᠤᠮᠤᠨ ᠤ | ᠬᠦᠬᠡᠮᠠᠩᠬ᠎ᠠ ᠭᠠᠴᠠᠭ᠎ᠠ ᠶᠢᠨ ᠶᠠᠳᠠᠭᠤ ᠠᠴᠠ ᠠᠩᠬᠢᠵᠢᠷᠠᠵᠤ ᠪᠠᠬᠢᠵᠢᠭᠦᠯᠦᠨ ᠳᠡᠳᠬᠦᠵᠦ ᠪᠠᠶᠢᠭ᠎ᠠ 4 ᠡᠷᠦᠬᠡ ᠶᠢᠨ ᠬᠢᠨ | ᠳᠤ ᠬᠦᠷᠴᠦ᠂ ᠲᠡᠳᠡᠨ ᠤ ᠤᠷᠤᠨ ᠰᠠᠭᠤᠴᠠ᠂ ᠦᠢᠯᠡᠳᠪᠦᠷᠢᠯᠡᠯ ᠠᠮᠢᠳᠤᠷᠠᠯ᠂ ᠦᠷ᠎ᠡ ᠬᠡᠦᠬᠡᠳ ᠤᠨ ᠰᠤᠷᠭᠠᠭᠤᠯᠢ | ᠳᠤ ᠰᠠᠭᠤᠵᠤ ᠪᠠᠶᠢᠭ᠎ᠠ ᠪᠠᠶᠢᠳᠠᠯ᠂ ᠠᠵᠢᠯ ᠤᠯᠭᠤᠯᠲᠠ ᠶᠢᠨ ᠪᠠᠶᠢᠳᠠᠯ᠂ ᠪᠡᠶ᠎ᠡ ᠮᠠᠬᠠᠪᠤᠳ ᠤᠨ ᠡᠷᠡᠬᠦᠯ ᠴᠢᠬᠢᠷᠠᠭ ᠤᠨ | ᠪᠠᠶᠢᠳᠠᠯ ᠢ ᠨᠠᠷᠢᠨ ᠠᠰᠠᠭᠤᠨ ᠯᠠᠪᠯᠠᠵᠤ᠂ ᠳᠡᠲᠡᠨ ᠤ ᠤᠷᠤᠯᠭ᠎ᠠ ᠶᠢᠨ ᠪᠠᠶᠢᠳᠠᠯ ᠪᠤᠯᠤᠨ ᠺᠠᠳ᠋ᠷᠴᠤᠳ ᠤᠨ ᠳᠡᠳᠬᠦᠨ | ᠳᠡᠮᠵᠢᠵᠤ ᠪᠠᠶᠢᠭ᠎ᠠ ᠪᠠᠶᠢᠳᠠᠯ᠂ ᠶᠠᠳᠠᠭᠤ ᠶᠢ ᠳᠡᠳᠬᠦᠬᠦ ᠲᠦᠷᠦ ᠶᠢᠨ ᠪᠤᠳᠤᠯᠭ᠎ᠠ ᠶᠢ ᠨᠠᠶᠢᠲᠠᠪᠤᠷᠢᠵᠢᠭᠤᠯᠵᠤ ᠪᠠᠶᠢᠭ᠎ᠠ | ᠪᠠᠶᠢᠳᠠᠯ ᠤᠨ ᠲᠤᠬᠠᠢ ᠣᠶᠢᠯᠠᠭᠠᠬᠤ ᠶᠢᠨ ᠬᠠᠮᠲᠦ᠂ ᠶᠠᠳᠠᠭᠤ ᠶᠢ ᠳᠡᠳᠬᠦᠬᠦ ᠭᠠᠷ ᠲᠡᠪᠲᠡᠷ ᠳᠡᠭᠡᠷᠡᠬᠢ ᠶᠠᠳᠠᠭᠤ | ᠬᠦᠴᠢᠷᠳᠡᠯᠲᠡᠢ ᠪᠤᠯᠤᠭᠰᠠᠨ ᠰᠢᠯᠲᠠᠭᠠᠨ ᠤ ᠵᠠᠳᠠᠯᠤᠯᠲᠠ ᠪᠤᠯᠤᠨ ᠤᠷᠤᠯᠭ᠎ᠠ ᠵᠠᠷᠤᠯᠭ᠎ᠠ ᠶᠢᠨ ᠳᠡᠮᠳᠡᠭᠯᠡᠯ ᠢ ᠨᠠᠷᠢᠨ | ᠬᠠᠷᠭᠤᠭᠤᠯᠤᠨ ᠪᠠᠶᠢᠴᠠᠭᠠᠪᠠ᠃ ᠴᠢᠶᠤᠤ ᠶᠦᠨ ᠯᠢ ᠳᠡᠳᠡᠨ ᠢ ᠪᠠᠶᠠᠵᠢᠨ ᠴᠢᠨᠡᠭᠡᠯᠢᠭᠵᠢᠬᠦ ᠢᠲᠡᠭᠡᠯ ᠵᠤᠷᠢᠭ ᠢᠶᠠᠨ | ᠬᠦᠪᠴᠢᠯᠡᠨ᠂ ᠨᠠᠮ ᠵᠠᠰᠠᠭ ᠤᠨ ᠳᠡᠮᠵᠢᠯᠭᠡ ᠳᠤᠤᠷ᠎ᠠ᠂ ᠦᠪᠡᠷ ᠤᠨ ᠰᠢᠷᠭᠠᠭᠤ ᠲᠡᠮᠡᠴᠡᠯ ᠢᠶᠠᠷ ᠲᠠᠮᠵᠢᠨ ᠶᠠᠳᠠᠭᠤ | ᠠᠴᠠ ᠠᠩᠬᠢᠵᠢᠷᠠᠭᠰᠠᠨ ᠦᠷ᠎ᠡ ᠪᠦᠳᠦᠭᠡᠯ ᠢᠶᠠᠨ ᠪᠠᠬᠢᠵᠢᠬᠦᠯᠵᠦ᠂ ᠠᠮᠢᠳᠤᠷᠠᠯ ᠢᠶᠠᠨ ᠤᠯᠠᠮ ᠰᠠᠶᠢᠵᠢᠷᠠᠭᠤᠯᠬᠤ ᠶᠢ | ᠬᠦᠰᠡᠪᠡ᠃ | ᠶᠡᠭᠡ ᠪᠠᠶᠢᠴᠠᠭᠠᠯᠲᠠ ᠳᠤᠮᠲᠠ ᠢᠯᠡᠷᠡᠭᠦᠯᠦᠭᠰᠡᠨ ᠶᠠᠳᠠᠭᠤ ᠶᠢ ᠳᠡᠳᠬᠦᠬᠦ ᠭᠠᠷ ᠳᠡᠪᠲᠡᠷ ᠢ ᠳᠦᠷᠢᠮ ᠶᠤᠰᠤᠭᠠᠷ | ᠲᠠᠭᠯᠠᠭᠰᠠᠨ ᠦᠭᠡᠢ᠂ ᠮᠠᠲ᠋ᠧᠷᠢᠶᠠᠯ ᠪᠦᠷᠢᠨ ᠳᠡᠭᠦᠯᠲᠡᠷ ᠦᠭᠡᠢ ᠪᠠᠶᠢᠬᠤ ᠵᠡᠷᠭᠡ ᠠᠰᠠᠭᠤᠳᠠᠯ ᠤᠨ ᠲᠤᠬᠠᠢ ᠴᠢᠶᠤᠤ | ᠶᠦᠨ ᠯᠢ ᠵᠢᠭᠠᠬᠤ ᠳᠤ ᠪᠠᠨ᠂ ᠶᠠᠳᠠᠭᠤ ᠶᠢ ᠳᠡᠳᠬᠦᠬᠦ ᠭᠠᠷ ᠲᠡᠪᠲᠡᠷ ᠤᠨ ᠠᠭᠤᠯᠭ᠎ᠠ ᠶᠢ ᠳᠦᠷᠢᠮᠵᠢᠭᠦᠯᠦᠨ ᠲᠠᠭᠯᠠᠵᠤ | ᠂ ᠲᠠᠩᠰᠠ ᠮᠠᠲ᠋ᠧᠷᠢᠶᠠᠯ ᠢ ᠪᠦᠷᠢᠨ ᠡᠮᠬᠢᠳᠬᠡᠬᠦ ᠨᠢ ᠨᠠᠷᠢᠯᠢᠭ ᠤᠨᠤᠪᠴᠢᠲᠠᠢ ᠪᠠᠷ ᠶᠠᠳᠠᠭᠤ ᠶᠢ ᠳᠡᠳᠬᠦᠬᠦ ᠠᠵᠢᠯ ᠢ | ᠰᠠᠶᠢᠲᠤᠷ ᠬᠢᠬᠦ ᠶᠢᠨ ᠰᠠᠭᠤᠷᠢ ᠪᠤᠯᠬᠤ ᠶᠤᠮ᠃ ᠡᠯ᠎ᠡ ᠰᠤᠮᠤ ᠪᠠᠯᠭᠠᠰᠤ ᠭᠠᠴᠠᠭ᠎ᠠ ᠲᠤᠰᠬᠤᠨ ᠪᠤᠯᠤᠨ ᠳᠠᠭᠠᠭᠠᠴᠢᠯᠡᠨ | ᠳᠡᠮᠵᠢᠵᠤ ᠪᠠᠶᠢᠭ᠎ᠠ ᠺᠠᠳ᠋ᠷᠴᠤᠳ ᠶᠠᠳᠠᠭᠤ ᠶᠢ ᠳᠡᠳᠬᠦᠬᠦ ᠭᠠᠷ ᠲᠡᠪᠲᠡᠷ ᠤᠨ ᠳᠤᠮᠳᠠ ᠤᠷᠤᠰᠢᠵᠤ ᠪᠠᠶᠢᠭ᠎ᠠ ᠠᠰᠠᠭᠤᠳᠠᠯ | ᠢᠶᠠᠨ ᠦᠪᠡᠷᠲᠡᠭᠡᠨ ᠪᠠᠶᠢᠴᠠᠭᠠᠨ ᠵᠠᠯᠠᠷᠠᠭᠤᠯᠵᠤ᠂ ᠴᠠᠭ ᠳᠠᠷᠤᠢ ᠳᠤᠨᠢ ᠬᠠᠶᠠᠭᠳᠠᠭᠰᠠᠨ ᠢ ᠨᠢ ᠪᠠᠶᠢᠴᠠᠭᠠᠵᠤ᠂ ᠳᠤᠲᠠᠭᠤ | ᠶᠢ ᠨᠢ ᠨᠦᠬᠦᠪᠦᠷᠢᠯᠡᠨ᠂ ᠪᠤᠷᠤᠭᠤ ᠶᠢ ᠨᠢ ᠵᠠᠯᠠᠷᠠᠭᠤᠯᠵᠤ᠂ ᠭᠠᠷ ᠲᠠᠪᠲᠡᠷ ᠤᠨ ᠦᠨᠡᠨ ᠪᠤᠳᠠᠳᠠᠢ᠂ ᠪᠦᠷᠢᠨ ᠲᠡᠭᠦᠯᠲᠡᠷ | ᠂ ᠲᠦᠷᠢᠮᠵᠢᠭᠰᠡᠨ ᠪᠠᠶᠢᠬᠤ ᠶᠢ ᠪᠠᠲᠤᠯᠠᠬᠤ ᠬᠡᠷᠡᠭᠲᠡᠢ ᠬᠡᠪᠡ᠃ | ᠴᠢᠶᠤᠤ ᠶᠦᠨ ᠯᠢ ᠴᠢᠬᠤᠯᠠᠴᠢᠯᠠᠬᠤ ᠳᠤ ᠪᠠᠨ᠂ ᠡᠯ᠎ᠡ ᠰᠤᠮᠤ ᠪᠠᠯᠭᠠᠰᠤ᠂ ᠭᠠᠴᠠᠭ᠎ᠠ ᠲᠤᠰᠬᠤᠨ ᠪᠤᠯᠤᠨ | ᠬᠤᠰᠢᠭᠤ ᠶᠠᠳᠠᠭᠤ ᠶᠢ ᠳᠡᠳᠬᠦᠬᠦ ᠰᠠᠯᠠᠭ᠎ᠠ ᠮᠦᠴᠢᠷ ᠤᠨ ᠬᠢᠨ ᠶᠡᠭᠡ ᠪᠠᠶᠢᠴᠠᠭᠠᠯᠲᠠ ᠶᠡᠭᠡ ᠴᠡᠭᠴᠡᠯᠡᠯᠲᠡ ᠶᠢᠨ | ᠲᠤᠮᠳᠠ ᠢᠯᠡᠷᠡᠭᠦᠯᠦᠭᠰᠡᠨ ᠠᠰᠠᠭᠤᠳᠠᠯ ᠢ ᠡᠷᠦᠬᠡ ᠳᠠᠷᠠᠭᠠᠯᠠᠨ᠂ ᠲᠦᠷᠦᠯ ᠵᠦᠢᠯ ᠳᠠᠷᠠᠭᠠᠯᠠᠨ ᠴᠡᠭᠴᠡᠯᠡᠨ | ᠰᠠᠶᠢᠵᠢᠷᠠᠭᠤᠯᠬᠤ ᠠᠷᠭ᠎ᠠ ᠬᠡᠮᠵᠢᠶ᠎ᠡ ᠲᠤᠭᠲᠠᠭᠠᠵᠤ᠂ ᠴᠡᠭᠴᠡᠯᠡᠨ ᠰᠠᠶᠢᠵᠢᠷᠠᠭᠤᠯᠬᠤ ᠬᠤᠭᠤᠴᠠᠭ᠎ᠠ ᠶᠢ ᠲᠤᠲᠤᠷᠬᠠᠶᠢᠯᠠᠨ᠂ | ᠴᠡᠭᠴᠡᠯᠡᠨ ᠰᠠᠶᠢᠵᠢᠷᠠᠭᠤᠯᠬᠤ ᠠᠯᠬᠤᠮ ᠶᠠᠪᠤᠴᠠ ᠶᠤᠰᠤᠭᠠᠷ ᠬᠢᠵᠦ᠂ 5 ᠳ᠋ᠤᠭᠠᠷ ᠰᠠᠷ᠎ᠠ ᠶᠢᠨ ᠰᠡᠭᠦᠯᠴᠢ ᠠᠴᠠ | ᠡᠮᠦᠨ᠎ᠡ ᠪᠤᠳᠠᠳᠦ ᠦᠷ᠎ᠡ ᠪᠦᠲᠦᠮᠵᠢ ᠤᠯᠬᠤ ᠪᠠᠷ ᠴᠢᠷᠮᠠᠶᠢᠬᠤ ᠬᠡᠷᠡᠭᠲᠡᠢ᠃ ᠬᠡᠵᠢᠶ᠎ᠡ ᠦᠷᠭᠦᠯᠵᠢ ︽ᠨᠠᠷᠢᠯᠢᠭ | ᠤᠨᠤᠪᠴᠢᠲᠠᠢ︾ ᠪᠠᠶᠢᠬᠤ ᠱᠠᠭᠠᠷᠳᠠᠯᠭ᠎ᠠ ᠶᠢ ᠶᠠᠳᠠᠭᠤ ᠶᠢ ᠳᠡᠳᠬᠦᠬᠦ ᠡᠯ᠎ᠡ ᠲᠠᠯ᠎ᠠ ᠶᠢᠨ ᠠᠵᠢᠯ ᠤᠨ ᠲᠤᠮᠲᠠ | ᠳᠣᠣᠱᠯᠠᠭᠤᠯᠤᠨ᠂ ︽ᠵᠢᠷᠭᠤᠭᠠᠨ ᠨᠠᠷᠢᠯᠢᠭ ᠤᠨᠤᠪᠴᠢᠲᠠᠢ︾ ᠶᠢᠨ ᠱᠠᠭᠠᠷᠳᠠᠯᠭ᠎ᠠ ᠶᠤᠰᠤᠭᠠᠷ᠂ ᠡᠯ᠎ᠡ ᠲᠠᠯ᠎ᠠ ᠶᠢᠨ | ᠠᠵᠢᠯ ᠤᠨ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠡᠯ᠎ᠡ ᠲᠠᠯ᠎ᠠ ᠶᠢᠨ ᠠᠵᠢᠯ ᠢ ᠰᠠᠶᠢᠲᠤᠷ | ᠠᠳᠬᠤᠬᠤ ᠬᠡᠷᠡᠭᠲᠡᠢ ᠭᠡᠵᠡᠢ᠃ | ᠪᠠᠶᠢᠴᠠᠭᠠᠨ ᠰᠤᠳᠤᠯᠤᠯᠲᠠ ᠶᠢᠨ ᠬᠤᠭᠤᠴᠠᠭᠠᠨ ᠳᠤ᠂ ᠴᠢᠶᠤᠤ ᠶᠦᠨ ᠯᠢ ᠪᠠᠰᠠ ᠭᠠᠴᠠᠭ᠎ᠠ ᠲᠤᠰᠬᠤᠨ | ᠨᠡᠶᠢᠬᠡᠮ ᠲᠤᠭᠤᠷᠢᠭ ᠤᠨ ︽ᠬᠤᠶᠠᠷ ᠵᠦᠪᠯᠡᠯ︾ ᠤᠨ ᠬᠤᠭᠤᠴᠠᠭ᠎ᠠ ᠰᠤᠯᠢᠬᠤ ᠰᠤᠩᠭᠤᠭᠤᠯᠢ᠂ ᠭᠠᠵᠠᠷ ᠰᠢᠷᠤᠢ | ᠨᠤᠲᠤᠭ ᠪᠡᠯᠴᠢᠭᠡᠷ ᠤᠨ ᠡᠷᠭᠡ ᠶᠢᠨ ᠲᠤᠭᠲᠠᠭᠠᠯᠲᠠ ᠵᠡᠷᠭᠡ ᠠᠵᠢᠯ ᠳᠤ ᠪᠠᠶᠢᠷᠢᠯᠠᠭᠤᠯᠤᠯᠳᠠ ᠬᠢᠪᠡ᠃ ᠴᠢᠶᠤᠤ ᠶᠦᠨ | ᠯᠢ ᠴᠢᠬᠤᠯᠠᠴᠢᠯᠠᠬᠤ ᠳᠤ ᠪᠠᠨ᠂ ᠡᠯ᠎ᠡ ᠰᠤᠮᠤ ᠪᠠᠯᠭᠠᠰᠤ᠂ ᠭᠠᠴᠠᠭ᠎ᠠ ᠲᠤᠰᠬᠤᠨ ᠵᠢᠴᠢ ᠡᠯ᠎ᠡ ᠬᠠᠮᠢᠶ᠎ᠠ ᠪᠦᠬᠦᠢ | ᠰᠠᠯᠠᠭ᠎ᠠ ᠮᠦᠴᠢᠷ ᠡᠷᠬᠡᠪᠰᠢ ᠤᠯᠤᠰ ᠲᠦᠷᠦ ᠶᠢᠨ ᠵᠤᠭᠰᠤᠴᠠ ᠪᠠᠨ ᠤᠯᠠᠮ ᠨᠢᠭᠡ ᠠᠯᠬᠤᠮ ᠲᠡᠭᠡᠭᠰᠢᠯᠡᠭᠦᠯᠵᠤ᠂ | ᠤᠳᠤᠬᠠᠨ ᠤ ᠮᠠᠯᠵᠢᠬᠤ ᠲᠠᠷᠢᠶᠠᠯᠠᠬᠤ ᠤᠷᠤᠨ ᠤ ᠡᠯ᠎ᠡ ᠲᠦᠷᠦᠯ ᠤᠨ ᠭᠤᠤᠯᠳᠠᠯᠭᠠᠲᠠᠢ ᠠᠵᠢᠯ ᠢ ᠰᠠᠶᠢᠲᠤᠷ ᠬᠢᠬᠦ | ᠬᠠᠷᠢᠭᠤᠴᠠᠯᠭᠠᠲᠦ ᠰᠡᠳᠬᠢᠯᠭᠡ ᠪᠤᠯᠤᠨ ᠪᠠᠴᠢᠮ ᠲᠤᠯᠭᠠᠮ᠎ᠠ ᠰᠡᠳᠬᠢᠯᠭᠡ ᠶᠢ ᠴᠢᠩᠭᠠᠳᠬᠠᠨ᠂ ᠭᠠᠴᠠᠭ᠎ᠠ ᠲᠤᠰᠬᠤᠨ | ᠨᠡᠶᠢᠬᠡᠮ ᠲᠤᠭᠤᠷᠢᠭ ᠤᠨ ︽ᠬᠤᠶᠠᠷ ᠵᠦᠪᠯᠡᠯ︾ ᠤᠨ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ᠂ ᠭᠠᠵᠠᠷ | ᠰᠢᠷᠤᠢ ᠨᠤᠲᠤᠭ ᠪᠡᠯᠴᠢᠭᠡᠷ ᠤᠨ ᠡᠷᠭᠡ ᠶᠢᠨ ᠲᠤᠭᠲᠠᠭᠠᠯᠲᠠ ᠶᠢᠨ ᠠᠵᠢᠯ ᠢ ᠨᠢᠭᠡᠳᠦᠯᠲᠡᠢ ᠲᠦᠯᠦᠪᠵᠢᠭᠦᠯᠦᠨ | ᠠᠬᠢᠭᠤᠯᠵᠤ᠂ ᠮᠠᠯᠵᠢᠬᠤ ᠲᠠᠷᠢᠶᠠᠯᠠᠬᠤ ᠤᠷᠤᠨ ᠤ ᠲᠤᠭᠲᠠᠭᠤᠨ ᠬᠦᠭᠵᠢᠯᠲᠡ᠂ ᠮᠠᠯᠴᠢᠨ ᠲᠠᠷᠢᠶᠠᠴᠢᠳ ᠤᠨ ᠤᠷᠤᠯᠭ᠎ᠠ | ᠶᠢᠨ ᠨᠡᠮᠡᠭᠲᠡᠯ ᠢ ᠪᠠᠲᠤᠯᠠᠬᠤ ᠳᠤ ᠰᠢᠯᠢᠳᠡᠭ ᠰᠠᠶᠢᠨ ᠤᠷᠴᠢᠨ ᠢ ᠬᠠᠩᠭᠠᠬᠤ ᠬᠡᠷᠡᠭᠲᠡᠢ ᠬᠡᠪᠡ᠃ | | | | | | | | | | | | | | |