ᠤᠶᠢᠷ᠎ᠠ ᠶᠢᠨ ᠡᠳᠦᠷ᠂ ᠬᠤᠰᠢᠭᠤ ᠠᠵᠢᠯ ᠮᠡᠷᠭᠡᠵᠢᠯ ᠤᠨ ᠳᠣᠮᠳᠠᠳᠣ ᠰᠣᠷᠭᠠᠭᠤᠯᠢ ᠶᠢᠨ ᠬᠢᠨ ᠳᠡᠭᠡᠳᠣ | ᠭᠤᠷᠪᠠ ᠶᠢᠨ ᠰᠤᠷᠤᠭᠴᠢᠳ ᠢ ᠵᠤᠬᠢᠶᠠᠨ ᠪᠠᠶᠢᠭᠤᠯᠣᠨ ᠣᠯᠠᠭᠠᠨᠲᠣᠯᠣᠭᠠᠢ ᠪᠠᠯᠭᠠᠰᠤᠨ ᠤ ᠪᠠᠶᠠᠨᠰᠢᠯᠢ ᠭᠠᠴᠠᠭᠠᠨ ᠳᠤ | ᠬᠦᠷᠴᠦ ︽ᠰᠣᠷᠭᠠᠭᠤᠯᠢ ᠶᠢᠨ ᠬᠦᠷᠢᠶᠠᠨ ᠠᠴᠠ ᠭᠠᠷᠴᠣ᠂ ᠡᠬᠡ ᠪᠠᠶᠢᠭᠠᠯᠢ ᠲᠠᠢ ᠣᠶᠢᠷᠠᠳᠬᠤ︾ ᠭᠤᠣᠯ ᠰᠡᠳᠦᠪᠲᠦ | ᠦᠨᠳᠦᠷ ᠳᠣᠮᠳᠠᠳᠣ ᠶᠢᠨ ᠰᠣᠷᠣᠭᠴᠢ ᠶᠢᠨ ᠶᠡᠷᠥᠩᠬᠡᠶᠢᠯᠡᠭᠰᠡᠨ ᠦᠢᠯᠡᠳᠦᠯᠭᠡ ᠶᠢᠨ ᠠᠵᠢᠯᠯᠠᠭ᠎ᠠ ᠥᠷᠨᠢᠬᠦᠯᠪᠡ᠃ | ᠠᠵᠢᠯᠯᠠᠭ᠎ᠠ ᠳᠤ ᠰᠣᠷᠣᠭᠴᠢᠳ ᠴᠠᠬᠢᠷᠮ᠎ᠠ ᠴᠡᠴᠡᠭ ᠢᠶᠠᠷ ᠰᠡᠳᠣᠪᠯᠡᠵᠤ ᠥᠪᠡᠷ ᠥᠪᠡᠷ ᠤᠨ ᠰᠡᠳᠬᠢᠬᠦᠢ ᠪᠠᠷ | ᠬᠦᠳᠡᠭᠡ ᠨᠣᠲᠤᠭ ᠤᠨ ᠦᠩᠭᠡ ᠦᠵᠡᠮᠵᠢ ᠶᠢ ᠵᠢᠷᠤᠭᠯᠠᠭᠰᠠᠨ ᠪᠠᠶᠢᠨ᠎ᠠ᠃ | ᠲᠣᠰ ᠣᠳᠠᠭᠠᠨ ᠤ ᠠᠵᠢᠯᠯᠠᠭ᠎ᠠ ᠨᠢ ᠰᠣᠷᠣᠭᠴᠢᠳ ᠤᠨ ᠡᠬᠡ ᠪᠠᠶᠢᠭᠠᠯᠢ ᠶᠢ ᠲᠠᠨᠢᠵᠤ᠂ ᠡᠬᠡ ᠪᠠᠶᠢᠭᠠᠯᠢ ᠲᠠᠢ | ᠤᠶᠢᠷᠠᠳᠬᠤ ᠳᠤ ᠲᠠᠪᠴᠠᠩ ᠬᠠᠩᠭᠠᠵᠤ ᠴᠢᠳᠠᠭᠰᠠᠨ ᠢᠶᠠᠷ ᠪᠠᠷᠠᠬᠤ ᠦᠭᠡᠢ ᠲᠡᠳᠡᠨ ᠤ ᠬᠠᠷᠠᠭ᠎ᠠ ᠶᠢ ᠲᠡᠯᠡᠵᠦ᠂ ᠭᠤᠸ᠎ᠠ | ᠰᠠᠶᠢᠬᠠᠨ ᠤ ᠮᠡᠳᠡᠷᠡᠬᠦᠢ᠂ ᠠᠵᠢᠭᠯᠠᠬᠤ ᠴᠢᠳᠠᠪᠣᠷᠢ ᠪᠤᠯᠤᠨ ᠢᠯᠡᠳᠬᠡᠬᠦ ᠴᠢᠳᠡᠪᠤᠷᠢ ᠶᠢ ᠳᠡᠬᠡᠭᠰᠢᠯᠡᠬᠦᠯᠦᠭᠰᠡᠨ ᠢᠶᠠᠷ | ᠪᠠᠷᠠᠬᠤ ᠦᠬᠡᠢ ᠣᠯᠣᠰ ᠤᠨ ᠨᠢᠬᠡᠳᠦᠯᠳᠡᠢ ᠰᠢᠯᠭᠠᠯᠲᠠᠨ ᠳᠤ ᠣᠷᠣᠯᠴᠠᠬᠤ ᠭᠡᠵᠤ ᠪᠠᠶᠢᠭ᠎ᠠ ᠳᠡᠭᠡᠳᠦ ᠭᠤᠷᠪᠠ ᠶᠢᠨ | ᠰᠣᠷᠣᠭᠴᠢᠳ ᠤᠨ ᠰᠡᠳᠬᠢᠯ ᠰᠠᠨᠠᠭ᠎ᠠ ᠪᠠᠨ ᠲᠠᠶᠢᠪᠤᠰᠢᠷᠠᠭᠤᠯᠤᠨ᠂ ᠰᠢᠯᠭᠠᠯᠳᠠ ᠳᠤ ᠦᠨᠳᠦᠷ ᠬᠢᠷᠢ ᠪᠦᠲᠦᠮᠵᠢ | ᠣᠯᠬᠤ ᠳᠤ ᠠᠰᠢᠭᠲᠠᠢ ᠨᠦᠬᠦᠴᠡᠯ ᠢ ᠬᠠᠩᠭᠠᠭᠰᠠᠨ ᠪᠠᠶᠢᠨ᠎ᠠ᠃ |