ᠤᠶᠢᠷ᠎ᠠ ᠶᠢᠨ ᠡᠳᠤᠷ᠂ ᠮᠠᠨ ᠤ ᠬᠤᠰᠢᠭᠤᠨ ᠤ ᠠᠶᠦᠯᠬᠦᠢ ᠦᠢᠯᠡᠳᠪᠣᠷᠢᠯᠡᠯ ᠤᠨ ᠬᠢᠨᠠᠯᠲᠠ | ᠬᠠᠮᠢᠶᠠᠷᠣᠯᠲᠠ ᠶᠢᠨ ᠺᠠᠳ᠋ᠷᠴᠤᠳ ᠤᠨ ᠬᠤᠶᠠᠳᠣᠭᠠᠷ ᠬᠤᠭᠤᠴᠠᠭᠠᠨ ᠤ ᠪᠣᠯᠪᠠᠰᠣᠷᠠᠯ ᠤᠨ ᠠᠩᠭᠢ ᠬᠢᠴᠢᠶᠡᠯ ᠡᠬᠢᠯᠡᠯ᠎ᠡ᠃ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠭᠦᠨ ᠬᠤᠰᠢᠭᠤ ᠳᠡᠳ᠋ ᠳᠠᠷᠤᠭ᠎ᠠ ᠴᠢᠶᠣᠣ ᠠᠢ ᠫᠢᠩ | ᠪᠣᠯᠪᠠᠰᠣᠷᠠᠯ ᠤᠨ ᠠᠩᠭᠢ ᠶᠢᠨ ᠬᠢᠴᠢᠶᠡᠯ ᠡᠬᠢᠯᠡᠬᠦ ᠶᠣᠰᠣᠯᠠᠯ ᠳᠤ ᠣᠷᠣᠯᠴᠠᠵᠤ᠂ ᠬᠤᠰᠢᠭᠤ ᠠᠶᠦᠯᠬᠦᠢ | ᠦᠢᠯᠡᠳᠪᠣᠷᠢᠯᠡᠯ ᠤᠨ ᠬᠢᠨᠠᠯᠲᠠ ᠬᠠᠮᠢᠶᠠᠷᠣᠯᠲᠠ ᠶᠢᠨ ᠲᠣᠪᠴᠢᠶ᠎ᠠ᠂ ᠰᠣᠪᠣᠷᠭ᠎ᠠ ᠠᠵᠣ ᠠᠬᠤᠢ ᠶᠢᠨ ᠨᠡᠭᠡᠭᠡᠯᠲᠡ ᠶᠢᠨ | ᠲᠣᠭᠤᠷᠢᠭ ᠤᠨ ᠠᠶᠦᠯᠬᠦᠢ ᠦᠢᠯᠡᠳᠪᠤᠷᠢᠯᠡᠯ ᠤᠨ ᠬᠢᠨᠠᠯᠲᠠ ᠬᠠᠮᠢᠶᠠᠷᠣᠯᠲᠠ ᠶᠢᠨ ᠲᠣᠪᠴᠢᠶ᠎ᠠ᠂ ᠨᠠᠷᠢᠠᠭᠤᠣᠯ ᠠᠵᠣ | ᠦᠢᠯᠡᠳᠪᠤᠷᠢ ᠶᠢᠨ ᠬᠦᠷᠢᠶᠡᠯᠡᠩ ᠲᠣᠭᠤᠷᠢᠭ ᠤᠨ ᠬᠢᠨᠡᠯᠲᠠ ᠬᠠᠮᠢᠶᠠᠷᠣᠯᠲᠠ ᠶᠢᠨ ᠲᠣᠪᠴᠢᠶ᠎ᠠ ᠵᠢᠴᠢ ᠡᠯ᠎ᠡ ᠰᠣᠮᠣ | ᠪᠠᠯᠭᠠᠰᠣ᠂ ᠠᠶᠦᠯᠬᠦᠢ ᠦᠢᠯᠡᠳᠪᠣᠷᠢᠯᠡᠯ ᠤᠨ ᠬᠢᠨᠠᠯᠲᠠ ᠬᠠᠮᠢᠶᠠᠷᠣᠯᠲᠠ ᠶᠢᠨ ᠡᠭᠦᠷᠭᠡ ᠶᠢ ᠡᠭᠦᠷᠭᠡᠯᠡᠵᠦ ᠪᠠᠶᠢᠭ᠎ᠠ | ᠭᠤᠤᠯᠳᠠᠯᠭᠠᠲᠤ ᠬᠢᠨᠠᠨ ᠬᠠᠮᠢᠶᠠᠷᠬᠤ ᠰᠠᠯᠠᠭ᠎ᠠ ᠮᠥᠴᠢᠷ ᠤᠨ 43 ᠬᠢᠨᠠᠯᠲᠠ ᠬᠠᠮᠢᠶᠠᠷᠣᠯᠲᠠ ᠶᠢᠨ ᠺᠡᠳ᠋ᠷ ᠪᠣᠯᠪᠠᠰᠣᠷᠠᠯ | ᠳᠤ ᠣᠷᠣᠯᠴᠠᠪᠠ᠃ | ᠪᠣᠯᠪᠠᠰᠣᠷᠠᠯ ᠤᠨ ᠠᠩᠭᠢ ᠶᠢᠨ ᠬᠢᠴᠢᠶᠡᠯ ᠡᠬᠢᠯᠡᠬᠦ ᠶᠣᠰᠣᠯᠠᠯ ᠳᠡᠭᠡᠷ᠎ᠡ ᠴᠢᠶᠣᠣ ᠠᠢ ᠫᠢᠩ ᠵᠢᠭᠠᠵᠤ ᠭᠠᠷᠭᠠᠬᠤ | ᠳᠠᠭᠠᠨ᠂ ᠣᠶᠢᠷ᠎ᠠ ᠶᠢᠨ ᠬᠡᠳᠦᠨ ᠵᠢᠯ ᠳᠤ᠂ ᠠᠶᠦᠯᠬᠦᠢ ᠶᠢᠨ ᠬᠢᠨᠠᠯᠲᠠ ᠬᠠᠮᠢᠶᠠᠷᠣᠯᠲᠠ ᠶᠢᠨ ᠲᠣᠯᠭᠠᠷᠠᠵᠣ ᠪᠠᠶᠢᠭ᠎ᠠ | ᠳᠠᠷᠣᠯᠲᠠ ᠤᠯᠠᠮ ᠠᠴᠠ ᠤᠯᠠᠮ ᠶᠡᠬᠡᠳᠴᠣ᠂ ᠡᠭᠦᠷᠭᠡ ᠬᠦᠨᠳᠦ ᠪᠤᠯᠵᠤ ᠪᠠᠶᠢᠭ᠎ᠠ ᠶᠤᠮ᠃ ᠡᠶᠢᠮᠤ ᠠᠴᠠ ᠲᠣᠰ | ᠣᠳᠠᠭᠠᠨ ᠤ ᠪᠣᠯᠪᠠᠰᠣᠷᠠᠯ ᠤᠨ ᠠᠩᠭᠢ ᠶᠢ ᠡᠷᠬᠢᠯᠡᠭᠰᠡᠨ ᠨᠢ ᠣᠳᠣᠬᠠᠨ ᠤ ᠪᠣᠯᠣᠨ ᠬᠤᠶᠢᠰᠢᠳᠠ ᠶᠢᠨ ᠨᠢᠭᠡ | ᠬᠤᠭᠤᠴᠠᠭᠠᠨ ᠤ ᠠᠶᠦᠯᠬᠦᠢ ᠦᠢᠯᠡᠳᠪᠣᠷᠢᠯᠡᠯ ᠶᠢᠨ ᠬᠢᠨᠠᠯᠲᠠ ᠬᠠᠮᠢᠶᠠᠷᠣᠯᠲᠠ ᠶᠢᠨ ᠺᠠᠳ᠋ᠷ ᠲᠤ ᠪᠤᠯᠪᠠᠰᠤᠷᠠᠯ | ᠬᠦᠷᠳᠡᠭᠡᠬᠦ ᠠᠵᠢᠯ ᠤᠨ ᠴᠢᠬᠤᠯᠠ ᠡᠭᠦᠷᠬᠡ ᠪᠠᠶᠢᠵᠤ᠂ ᠠᠶᠦᠯᠬᠦᠢ ᠶᠢᠨ ᠬᠢᠨᠠᠯᠲᠠ ᠬᠠᠮᠢᠶᠠᠷᠣᠯᠲᠠ ᠶᠢᠨ ᠴᠢᠳᠠᠪᠣᠷᠢ ᠶᠢᠨ | ᠲᠣᠳᠠᠭᠳᠠᠯ ᠢ ᠨᠦᠬᠦᠪᠦᠷᠢᠯᠡᠵᠤ᠂ ᠠᠶᠦᠯᠬᠦᠢ ᠶᠢᠨ ᠬᠢᠨᠠᠨ ᠬᠠᠮᠢᠶᠠᠷᠣᠯᠲᠠ ᠶᠢᠨ ᠺᠠᠳ᠋ᠷ ᠤᠨ ᠬᠠᠤᠯᠢ ᠲᠦᠷᠢᠮ ᠤᠨ | ᠦᠵᠡᠯ ᠤᠬᠠᠮᠰᠠᠷ ᠪᠤᠯᠤᠨ ᠬᠠᠣᠯᠢ ᠬᠡᠷᠡᠭᠵᠢᠭᠦᠯᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ | ᠠᠶᠦᠯᠬᠦᠢ ᠦᠢᠯᠡᠳᠪᠣᠷᠢᠯᠡᠯ ᠳᠤ ᠲᠤᠯᠭᠠᠷᠠᠵᠤ ᠪᠠᠶᠢᠭ᠎ᠠ ᠰᠢᠨ᠎ᠡ ᠦᠷᠢᠰᠦᠯᠳᠦᠭᠡᠨ ᠢ ᠰᠢᠢᠳᠪᠦᠷᠢᠯᠡᠬᠦ ᠳᠤ ᠴᠢᠬᠤᠯᠠ | ᠠᠴᠢ ᠬᠤᠯᠪᠣᠭᠳᠠᠯ ᠲᠠᠢ ᠶᠣᠮ ᠭᠡᠵᠡᠢ᠃ ᠴᠢᠶᠣᠣ ᠠᠢ ᠫᠢᠩ ᠱᠠᠭᠠᠷᠳᠠᠬᠤ ᠳᠠᠭᠠᠨ᠂ ᠲᠤᠰ ᠤᠳᠠᠭᠠᠨ ᠤ | ᠪᠣᠯᠪᠠᠰᠤᠷᠠᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠰᠣᠷᠣᠯᠴᠠᠬᠤ ᠣᠪᠣᠷ ᠢᠶᠠᠨ ᠲᠦᠪ ᠪᠤᠯᠭᠠᠨ᠂ | ᠰᠣᠷᠣᠯᠴᠠᠬᠤ ᠡᠭᠦᠷᠬᠡ ᠪᠠᠨ ᠨᠠᠷᠢᠨ ᠬᠢᠨᠠᠮᠠᠭᠠᠢ ᠪᠡᠶᠡᠯᠡᠬᠦᠯᠵᠤ᠂ ᠰᠣᠷᠣᠯᠴᠠᠬᠤ ᠰᠣᠷᠲᠠᠯ ᠢ ᠰᠢᠯᠢᠳᠡᠭᠵᠢᠭᠦᠯᠦᠨ᠂ | ᠰᠠᠬᠢᠯᠭ᠎ᠠ ᠪᠠᠲᠣ ᠶᠢ ᠴᠢᠩᠭ᠎ᠠ ᠵᠢᠷᠣᠮᠯᠠᠵᠤ᠂ ᠢᠳᠡᠪᠬᠢᠲᠡᠢ ᠰᠡᠳᠬᠢᠨ ᠰᠣᠳᠣᠯᠵᠣ᠂ ᠠᠰᠠᠭᠤᠳᠠᠯ ᠢ ᠰᠢᠢᠳᠪᠤᠷᠢᠯᠡᠭᠦ ᠪᠠᠷ | ᠣᠳᠣᠷᠢᠳᠣᠮᠵᠢ ᠪᠤᠯᠭᠠᠨ᠂ ᠰᠣᠷᠣᠭᠰᠠᠨ ᠢᠶᠠᠨ ᠪᠣᠳᠠᠲᠠᠢ ᠳᠤ ᠬᠡᠷᠡᠭᠯᠡᠵᠦ᠂ ᠦᠷ᠎ᠡ ᠪᠦᠲᠦᠭᠡᠯ ᠪᠣᠯᠭᠠᠨ ᠬᠤᠪᠢᠷᠠᠭᠤᠯᠬᠤ | ᠶᠢ ᠴᠢᠬᠤᠯᠠᠴᠢᠯᠠᠵᠤ᠂ ᠲᠣᠰ ᠣᠳᠠᠭᠠᠨ ᠤ ᠪᠣᠯᠪᠠᠰᠣᠷᠠᠯ ᠤᠨ ᠦᠨᠡᠨ ᠪᠣᠳᠠᠳᠠᠢ ᠦᠷ᠎ᠡ ᠪᠦᠲᠦᠮᠵᠢ ᠤᠯᠬᠤ ᠶᠢ | ᠪᠠᠳᠣᠯᠠᠬᠤ ᠬᠡᠷᠡᠭᠲᠡᠢ ᠭᠡᠵᠡᠢ᠃ | ᠤᠶᠢᠯᠠᠭᠠᠭᠰᠠᠨ ᠢᠶᠠᠷ᠂ ᠲᠣᠰ ᠣᠳᠠᠭᠠᠨ ᠤ ᠪᠤᠯᠪᠠᠰᠣᠷᠠᠯ ᠪᠤᠯ ᠮᠠᠨ ᠤ ᠬᠤᠰᠢᠭᠤᠨ ᠠᠴᠠ ᠵᠤᠬᠢᠶᠠᠨ | ᠪᠠᠶᠢᠭᠤᠯᠣᠭᠰᠠᠨ ᠬᠤᠶᠠᠳᠣᠭᠠᠷ ᠬᠤᠭᠤᠴᠠᠭᠠᠨ ᠤ ᠠᠶᠦᠯᠬᠦᠢ ᠦᠢᠯᠡᠳᠪᠣᠷᠢᠯᠠᠯ ᠤᠨ ᠲᠣᠰᠬᠠᠢ ᠮᠡᠷᠭᠡᠵᠢᠯ ᠤᠨ | ᠮᠡᠳᠡᠯᠬᠡ ᠶᠢᠨ ᠪᠣᠯᠪᠠᠰᠤᠷᠠᠯ ᠪᠣᠯᠣᠨ᠎ᠠ᠃ ᠪᠣᠯᠪᠠᠰᠣᠷᠠᠯ ᠨᠢ 7 ᠰᠠᠷ᠎ᠠ ᠶᠢᠨ ᠳᠣᠮᠳᠠᠴᠢ ᠬᠦᠷᠲᠡᠯ᠎ᠡ ᠦᠷᠭᠦᠯᠵᠢᠯᠡᠵᠤ᠂ | ᠨᠢᠭᠡᠨᠲᠡ ᠳᠠᠩᠰᠠᠯᠠᠭᠤᠯᠤᠭᠰᠠᠨ ᠠᠮᠤᠷ ᠲᠦᠪᠰᠢᠨ ᠤ ᠢᠨᠵᠧᠨᠧᠷ ᠤᠨ ᠰᠢᠯᠭᠠᠯᠲᠠ ᠶᠢᠨ ᠲᠦᠷᠪᠡᠨ ᠲᠥᠷᠥᠯ ᠵᠢᠴᠢ | ᠠᠶᠦᠯᠬᠦᠢ ᠦᠢᠯᠡᠳᠪᠤᠷᠢᠯᠡᠯ ᠤᠨ ᠬᠠᠤᠯᠢ ᠴᠠᠭᠠᠵᠠ ᠬᠠᠤᠯᠢ ᠲᠦᠷᠢᠮ ᠵᠡᠷᠭᠡ ᠶᠢ ᠭᠤᠣᠯᠳᠠᠯᠭ᠎ᠠ ᠲᠠᠢ ᠲᠠᠶᠢᠯᠪᠣᠷᠢᠯᠠᠨ | ᠵᠢᠭᠠᠬᠤ ᠪᠣᠯᠣᠨ᠎ᠠ᠃ | |